ᠬᠤᠪᠢ ᠬᠥᠮᠦᠨ ᠤ ᠬᠦᠴᠦᠨ ᠪᠥᠬᠦᠶ ᠦᠨᠡᠮᠯᠡᠯ ᠢᠶᠠᠨ ᠠᠪᠴᠤ ᠤᠴᠢᠬᠤ ᠬᠡᠷᠡᠭᠲᠡᠶ᠃ | ᠦᠯᠢᠭᠡᠷ ᠠᠪᠬᠤ ᠠᠴᠠ ᠡᠮᠦᠨ᠎ᠡ 30 ᠮᠢᠨᠦ᠋ᠲ ᠲᠤ ᠲᠠᠮᠠᠬᠢ ᠲᠠᠲᠠᠬᠤ᠂ ᠠᠷᠢᠬᠢ ᠤᠤᠭᠤᠬᠤ᠂ ᠪᠣᠬᠢ | ᠵᠠᠵᠢᠯᠬᠤ ᠵᠡᠷᠭᠡ ᠶᠢ ᠴᠡᠭᠡᠷᠯᠡᠬᠦ ᠬᠡᠷᠡᠭᠲᠡᠢ᠃ | ᠰᠢᠯᠭᠠᠨ ᠪᠠᠶᠢᠴᠠᠭᠠᠬᠤ ᠦᠶ᠎ᠡ ᠳᠤ ᠰᠢᠯᠭᠠᠨ ᠪᠠᠶᠢᠴᠠᠭᠠᠯᠭᠠᠭᠴᠢ ᠠᠮᠠᠪᠴᠢ ᠪᠠᠨ ᠵᠥᠪ ᠵᠡᠭᠦᠵᠦ᠂ ᠰᠢᠯᠭᠠᠨ | ᠪᠠᠶᠢᠴᠠᠭᠠᠬᠤ ᠠᠴᠠ ᠡᠮᠦᠨ᠎ᠡ ᠠᠮᠠᠪᠴᠢ ᠪᠠᠨ ᠠᠪᠴᠤ᠂ ᠰᠢᠯᠭᠠᠨ ᠪᠠᠶᠢᠴᠠᠭᠠᠭᠰᠠᠨ ᠤ ᠳᠠᠷᠠᠭ᠎ᠠ ᠳᠠᠷᠦ᠋ᠢᠬᠠᠨ ᠵᠡᠭᠦᠬᠦ | ᠬᠡᠷᠡᠭᠲᠡᠶ᠃ | ᠰᠢᠯᠭᠠᠨ ᠪᠠᠶᠢᠴᠠᠭᠠᠬᠤ ᠶᠢ ᠬᠦᠯᠢᠶᠡᠬᠦ ᠦᠶᠡᠰ᠂ ᠪᠦᠬᠦ ᠶᠠᠪᠤᠴᠠ ᠳᠤ ᠠᠮᠠᠪᠴᠢ ᠵᠡᠭᠦᠬᠦ ᠶᠢ ᠠᠩᠬᠠᠷᠴᠤ᠂ | ᠪᠤᠰᠤᠳ ᠲᠠᠢ 1 ᠮᠧᠲᠷ ᠠᠴᠠ ᠳᠡᠭᠡᠭᠰᠢᠬᠢ ᠵᠠᠶ ᠶᠢ ᠪᠠᠲᠤᠯᠠᠵᠤ᠂ ᠶᠠᠷᠢᠯᠴᠠᠬᠤ ᠥᠬᠡᠶ᠂ ᠴᠤᠭᠯᠠᠷᠠᠬᠤ ᠥᠬᠡᠶ ᠪᠠᠶᠢᠬᠤ | ᠬᠡᠷᠡᠭᠳᠠᠢ᠃ | ᠲᠤᠬᠠᠶ ᠶᠢᠨ ᠲᠠᠯᠠᠪᠠᠶ ᠶᠢᠨ ᠠᠵᠢᠯᠲᠠᠨ ᠤ ᠵᠢᠯᠣᠭᠤᠳᠣᠯᠭ᠎ᠠ ᠶᠢ ᠰᠣᠨᠣᠰᠴᠤ᠂ ᠮᠡᠷᠭᠡᠨ ᠴᠤᠬᠤᠷ ᠰᠢᠷᠪᠢᠬᠦ᠂ | ᠳᠠᠩᠰᠠᠯᠠᠬᠤ᠂ ᠥᠯᠢᠭᠡᠷ ᠠᠪᠬᠤ ᠵᠡᠷᠭᠡ ᠠᠵᠢᠯ ᠤᠨ ᠶᠠᠪᠤᠴᠠ ᠶᠢ ᠡᠮᠬᠢ ᠵᠢᠷᠤᠮ ᠲᠠᠢ ᠪᠡᠶᠡᠯᠡᠬᠦᠯᠬᠦ ᠬᠡᠷᠡᠭᠳᠠᠢ᠃ | ᠬᠠᠮᠠᠷ ᠤᠨ ᠬᠦᠨᠳᠡᠢ ᠪᠠᠷ ᠦᠯᠢᠬᠡᠷ ᠭᠡᠪ ᠠᠪᠬᠤ ᠦᠶᠡᠰ ᠪᠠᠭ᠎ᠠ ᠬᠡᠮᠵᠢᠶᠡᠨ ᠤ ᠴᠢᠰᠤ ᠭᠠᠷᠴᠤ ᠮᠡᠳᠡᠨ᠎ᠡ᠂ | ᠶᠡᠷᠦ ᠳᠡᠭᠡᠨ ᠣᠨᠴᠠᠭᠠᠢ ᠰᠢᠢᠳᠪᠦᠷᠢᠯᠡᠯᠲᠡ ᠬᠢᠬᠦ ᠴᠢᠬᠤᠯᠠ ᠦᠭᠡᠢ᠂ ᠬᠡᠷᠪᠡ ᠴᠢᠰᠤ ᠶᠡᠭᠡ ᠭᠠᠷᠤᠭᠰᠠᠨ ᠪᠠᠶᠢᠪᠠᠯ ᠴᠠᠭ | ᠲᠤᠬᠠᠢ ᠳᠤᠨᠢ ᠡᠮᠨᠡᠯᠭᠡ ᠳᠤ ᠬᠦᠷᠴᠦ ᠰᠢᠢᠳᠪᠦᠷᠢᠯᠡᠭᠡᠷᠡᠢ᠃ | ᠬᠠᠮᠤᠭ ᠰᠡᠭᠦᠯ ᠳᠤ ᠰᠠᠨᠠᠭᠤᠯᠬᠤ ᠨᠢ᠂ ᠬᠡᠷᠪᠡ ᠲᠤᠬᠠᠶ ᠶᠢᠨ ᠡᠳᠦᠷ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠢ ᠳᠠᠷᠢᠪᠠᠯ᠂ 24 ᠴᠠᠭ ᠤᠨ ᠳᠠᠷᠠᠭ᠎ᠠ ᠰᠠᠶ᠋ᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ | ᠪᠣᠯᠤᠨ᠎ᠠ᠃ |