ᠣᠶᠢᠷ᠎ᠠ ᠶᠢᠨ ᠬᠤᠭᠤᠴᠠᠭᠠᠨ ᠳᠤ᠂ ᠹᠦᠵᠢᠶᠠᠨ ᠮᠤᠵᠢ ᠶᠢᠨ ᠫᠦᠲ᠋ᠢᠶᠠᠨ ᠬᠤᠲᠠ ᠳᠤ ᠲᠤᠬᠠᠢ ᠶᠢᠨ ᠭᠠᠵᠠᠷ ᠤᠨ | ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠢᠯᠡᠷᠡᠵᠦ᠂ 2021 ᠣᠨ ᠤ 9 ᠳ᠋ᠦ᠋ᠭᠡᠷ ᠰᠠᠷ᠎ᠠ ᠶᠢᠨ 14 ᠤ | ᠡᠳᠦᠷ ᠤᠨ 7 ᠴᠠᠭ ᠪᠣᠯᠲᠠᠯ᠎ᠠ᠂ ᠪᠥᠬᠦ ᠤᠯᠤᠰ ᠲᠤ ᠥᠨᠳᠦᠷ ᠲᠦᠭᠰᠢᠭᠦᠷᠢᠲᠡᠢ ᠭᠠᠵᠠᠷ ᠣᠷᠣᠨ 2 ︵ᠹᠦᠵᠢᠶᠠᠨ | ᠮᠤᠵᠢ ᠶᠢᠨ ᠫᠦᠲ᠋ᠢᠶᠠᠨ ᠬᠤᠲᠠ ᠶᠢᠨ ᠰᠢᠶᠠᠨ ᠢᠦ ᠰᠢᠶᠠᠨ ᠤ ᠮᠧᠩ ᠲᠢᠩ ᠪᠠᠯᠭᠠᠰᠤ᠂ ᠹᠦᠵᠢᠶᠠᠨ ᠮᠤᠵᠢ ᠶᠢᠨ | ᠰᠢᠶᠠᠮᠧᠨ ᠬᠤᠲᠠ ᠶᠢᠨ ᠲᠦᠩ ᠠᠨ ᠲᠣᠭᠤᠷᠢᠭ ᠤᠨ ᠰᠢᠨ ᠮᠢᠨ ᠪᠠᠯᠭᠠᠰᠤᠨ ᠤ ᠬᠤ᠋ ᠯᠢ ᠠᠵᠤ ᠥᠢᠯᠡᠳᠪᠦᠷᠢ ᠶᠢᠨ | ᠬᠦᠷᠢᠶᠡᠯᠡᠩ ᠠᠴᠠ ᠵᠡᠭᠦᠨᠰᠢ᠂ ᠲᠦᠩ ᠮᠢᠩ ᠵᠠᠮ ᠠᠴᠠ ᠪᠠᠷᠠᠭᠤᠨᠰᠢ᠂ ᠵᠢᠶ ᠠᠨ ᠵᠠᠮ ᠠᠴᠠ ᠡᠮᠦᠨᠡᠰᠢ᠂ ᠵᠢᠶ ᠰᠢᠶᠠᠨ | ᠵᠠᠮ ᠠᠴᠠ ᠤᠮᠠᠷᠠᠰᠢᠬᠢ ᠣᠷᠣᠨ ᠲᠤᠭᠤᠷᠢᠭ︶ ᠪᠤᠢ᠂ ᠳᠤᠮᠳᠠ ᠲᠦᠭᠰᠢᠭᠦᠷᠢᠲᠡᠢ ᠭᠠᠵᠠᠷ ᠣᠷᠣᠨ 5 ︵ᠶᠦᠨᠨᠠᠨ | ᠮᠤᠵᠢ ᠶᠢᠨ ᠷᠦᠢ ᠯᠢ ᠬᠤᠲᠠ ᠶᠢᠨ ᠮᠧᠩ ᠮᠤᠤ ᠪᠠᠯᠭᠠᠰᠤᠨ ᠤ ᠵᠢᠶᠧ ᠳ᠋ᠦᠩ ᠲᠤᠰᠬᠤᠨ ᠤ ᠠᠷᠠᠳ ᠤᠨ ᠵᠥᠪᠯᠡᠯ ᠤᠨ | ᠳ᠋ᠠ ᠳ᠋ᠧᠩ ᠾᠧ ᠠᠷᠠᠳ ᠤᠨ ᠳᠤᠭᠤᠶᠢᠯᠠᠩ᠂ ᠹᠦᠵᠢᠶᠠᠨ ᠮᠤᠵᠢ ᠶᠢᠨ ᠰᠢᠶᠠᠨ ᠢᠦ ᠰᠢᠶᠠᠨ ᠤ ᠵᠢᠶᠤᠤ ᠸᠧᠶ | ᠪᠠᠯᠭᠠᠰᠤᠨ ᠤ ᠾᠧᠦ ᠱᠧᠨ ᠲᠣᠰᠬᠤᠨ᠂ ᠫᠦᠲ᠋ᠢᠶᠠᠨ ᠬᠤᠲᠠ ᠶᠢᠨ ᠰᠢᠶᠠᠨ ᠢᠦ ᠰᠢᠶᠠᠨ ᠤ ᠯᠠᠶ ᠳ᠋ᠢᠶᠠᠨ ᠪᠠᠯᠭᠠᠰᠤᠨ ᠤ | ᠰᠢᠶᠠᠩ ᠯᠢᠩ ᠲᠣᠰᠬᠤᠨ᠂ ᠫᠦᠲ᠋ᠢᠶᠠᠨ ᠬᠤᠲᠠ ᠶᠢᠨ ᠰᠢᠶᠠᠨ ᠢᠦ ᠰᠢᠶᠠᠨ ᠤ ᠶᠤᠸᠠᠨ ᠵᠤᠸᠠᠩ ᠪᠠᠯᠭᠠᠰᠤᠨ ᠤ ᠳ᠋ᠠ ᠫᠦ᠋ | ᠲᠣᠰᠬᠤᠨ᠂ ᠴᠢᠤᠸᠠᠨᠵᠸᠤ ᠬᠤᠲᠠ ᠶᠢᠨ ᠴᠢᠤᠸᠠᠨ ᠭᠠᠩ ᠲᠣᠭᠤᠷᠢᠭ ᠤᠨ ᠵᠢᠶᠧ ᠱᠠᠨ ᠪᠠᠯᠭᠠᠰᠤᠨ ᠤ ᠳ᠋ᠦᠩ ᠴᠢᠦ | ᠲᠣᠰᠬᠤᠨ︶ ᠪᠤᠢ᠃ ᠣᠳᠣᠬᠠᠨ ᠳᠤ ᠹᠦᠵᠢᠶᠠᠨ ᠮᠤᠵᠢ ᠶᠢᠨ ᠬᠢᠵᠢᠭ ᠤᠨ ᠪᠠᠶᠢᠳᠠᠯ ᠬᠦᠨᠳᠦ ᠬᠡᠴᠡᠭᠦᠦ ᠪᠤᠳᠤᠯᠢᠶᠠᠨᠲᠠᠶ | ᠪᠠᠶᠢᠵᠤ᠂ ᠵᠠᠯᠭᠠᠭᠠᠳ ᠨᠡᠶᠢᠭᠡᠮ ᠲᠣᠭᠤᠷᠢᠭ᠂ ᠰᠤᠷᠭᠠᠭᠤᠯᠢ᠂ ᠦᠢᠯᠡᠳᠪᠦᠷᠢ ᠵᠡᠷᠭᠡ ᠠᠴᠠ ᠡᠪᠡᠳᠴᠢᠨ ᠤ ᠵᠢᠱᠢᠶ᠎ᠡ | ᠭᠠᠷᠬᠤ ᠪᠣᠯᠤᠯᠴᠠᠭ᠎ᠠ ᠶᠡᠭᠡ ᠪᠠᠶᠢᠵᠤ᠂ ᠬᠢᠵᠢᠭ ᠤᠨ ᠪᠠᠶᠢᠳᠠᠯ ᠭᠠᠳᠠᠭᠰᠢ ᠲᠠᠷᠬᠠᠬᠤ ᠠᠶᠤᠯ ᠲᠠᠢ ᠪᠠᠶᠢᠨ᠎ᠠ᠃ ᠤᠳᠠᠯ | ᠥᠬᠡᠶ ᠬᠦᠷᠴᠦ ᠢᠷᠡᠬᠦ ᠨᠠᠢᠮᠠᠨ ᠰᠠᠷ᠎ᠠ ᠶᠢᠨ ᠠᠷᠪᠠᠨ ᠲᠠᠪᠤᠨ ᠤ ᠠᠮᠠᠷᠠᠯᠲᠠ᠂ ᠤᠯᠤᠰ ᠤᠨ ᠪᠠᠶᠠᠷ ᠤᠨ ᠠᠮᠠᠷᠠᠯᠲᠠ ᠪᠠᠷ | ᠭᠠᠳᠠᠭᠰᠢ ᠶᠠᠪᠤᠵᠤ ᠵᠢᠭᠤᠯᠴᠢᠯᠠᠬᠤ ᠬᠦᠮᠦᠰ ᠪᠠ ᠴᠤᠭᠯᠠᠷᠠᠯ ᠤᠨ ᠴᠢᠨᠠᠷᠲᠠᠶ ᠠᠵᠢᠯᠯᠠᠭ᠎ᠠ ᠨᠡᠮᠡᠭᠳᠡᠬᠦ ᠶᠢ ᠳᠠᠭᠠᠯᠳᠤᠨ᠂ | ᠲᠠᠮᠵᠢᠭᠳᠠᠨ ᠲᠠᠷᠬᠠᠭᠳᠠᠬᠤ ᠲᠦᠭᠰᠢᠭᠦᠷᠢ ᠴᠦ ᠨᠡᠮᠡᠭᠳᠡᠬᠦ ᠪᠣᠯᠤᠨ᠎ᠠ᠃ ᠮᠠᠨ ᠤ ᠬᠤᠰᠢᠭᠤᠨ ᠤ ᠬᠢᠵᠢᠭ ᠤᠨ ᠪᠠᠶᠢᠳᠠᠯ | ᠬᠠᠯᠳᠠᠪᠤᠷᠢᠯᠠᠨ ᠣᠷᠣᠬᠤ ᠲᠦᠭᠰᠢᠭᠦᠷᠢ ᠶᠢ ᠰᠡᠷᠭᠡᠶᠢᠯᠡᠨ ᠠᠷᠭᠠᠴᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ | ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠬᠢᠵᠢᠭ ᠤᠨ ᠪᠠᠶᠢᠳᠠᠯ ᠢ ᠨᠢᠭᠲᠠ ᠠᠩᠬᠠᠷᠬᠤ ᠬᠡᠷᠡᠭᠲᠡᠶ | ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠨᠢᠭᠲᠠ ᠠᠩᠬᠠᠷᠴᠤ᠂ ᠴᠢᠬᠤᠯᠠ ᠱᠠᠭᠠᠷᠳᠠᠯᠭ᠎ᠠ | ᠦᠭᠡᠢ ᠪᠣᠯ ᠬᠢᠵᠢᠭ ᠤᠨ ᠪᠠᠶᠢᠳᠠᠯ ᠭᠠᠷᠤᠭᠰᠠᠨ ᠭᠠᠵᠠᠷ ᠣᠷᠣᠨ ᠳᠤ ᠣᠴᠢᠬᠤ ᠦᠭᠡᠶ᠂ ᠬᠢᠯᠢ ᠠᠴᠠ ᠭᠠᠷᠬᠤ ᠦᠭᠡᠶ᠂ | ᠠᠯᠢ ᠴᠢᠳᠠᠬᠤ ᠪᠠᠷ ᠲᠤᠬᠠᠶ ᠶᠢᠨ ᠭᠠᠵᠠᠷ ᠲᠠᠭᠠᠨ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠲᠡᠶ᠃ ᠴᠤᠤᠷᠬᠠᠯ ᠢ | ᠰᠣᠨᠣᠰᠬᠤ ᠦᠭᠡᠢ᠂ ᠢᠲᠡᠭᠡᠬᠦ ᠦᠭᠡᠢ᠂ ᠲᠠᠷᠬᠠᠭᠠᠬᠤ ᠦᠭᠡᠢ ᠪᠠᠶᠢᠬᠤ ᠬᠡᠷᠡᠭᠲᠡᠶ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠪᠢ ᠬᠥᠮᠦᠨ ᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠬᠡᠵᠦ᠂ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠬᠤ ᠬᠡᠷᠡᠭᠲᠡᠶ᠃ | ᠬᠤᠶᠠᠷ᠂ ᠰᠠᠨᠠᠭᠠᠴᠢᠯᠠᠭ᠎ᠠ ᠠᠴᠠ ᠪᠠᠨ ᠮᠡᠳᠡᠭᠦᠯᠦᠯᠲᠡ ᠬᠢᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ | 8 ᠳ᠋ᠤᠭᠠᠷ ᠰᠠᠷ᠎ᠠ ᠶᠢᠨ 26 ᠤ ᠡᠳᠦᠷ ᠠᠴᠠ ᠨᠠᠰᠢ ᠹᠦᠵᠢᠶᠠᠨ ᠮᠤᠵᠢ ᠶᠢᠨ ᠫᠦᠲ᠋ᠢᠶᠠᠨ ᠬᠤᠲᠠ᠂ | ᠴᠢᠤᠸᠠᠨᠵᠸᠤ ᠬᠤᠲᠠ᠂ ᠰᠢᠶᠠᠮᠧᠨ ᠬᠤᠲᠠ᠂ ᠶᠦᠨᠨᠠᠨ ᠮᠤᠵᠢ ᠶᠢᠨ ᠷᠦᠢ ᠯᠢ ᠬᠤᠲᠠ ᠳᠤ ᠵᠢᠭᠤᠯᠴᠢᠯᠠᠵᠤ | ᠰᠠᠭᠤᠭᠰᠠᠨ ᠲᠡᠤᠬᠡ ᠲᠠᠢ ᠬᠥᠮᠦᠰ ᠰᠤᠮᠤ ᠪᠠᠯᠭᠠᠰᠤ ︵ᠵᠡᠭᠡᠯᠢ ᠭᠤᠳᠤᠮᠵᠢ︶᠂ ᠨᠡᠶᠢᠭᠡᠮ ᠲᠣᠭᠤᠷᠢᠭ ︵ᠭᠠᠴᠠᠭ᠎ᠠ︶᠂ | ᠪᠠᠶᠢᠭᠤᠯᠭ᠎ᠠ ᠨᠢᠭᠡᠴᠡ ᠪᠤᠶᠤ ᠣᠷᠣᠵᠤ ᠰᠠᠭᠤᠭᠰᠠᠨ ᠪᠠᠭᠤᠳᠠᠯ ᠳᠤ ᠪᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ | ᠬᠤᠰᠢᠭᠤᠨ ᠤ ᠲᠤᠰᠠᠭᠠᠷᠯᠠᠨ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠡᠷᠡᠭᠦᠯ ᠮᠡᠨᠳᠦ ᠶᠢ | ᠠᠰᠠᠭᠤᠨ ᠯᠠᠪᠯᠠᠬᠤ ᠵᠡᠷᠭᠡ ᠠᠵᠢᠯ ᠳᠤ ᠢᠳᠡᠪᠬᠢᠲᠡᠶ ᠬᠠᠮᠵᠢᠯᠴᠠᠨ᠂ ᠬᠠᠷᠢᠶ᠎ᠠ ᠨᠢᠭᠡᠴᠡ᠂ ᠬᠠᠷᠢᠶ᠎ᠠ ᠲᠣᠭᠤᠷᠢᠭ ᠠᠴᠠ | ᠬᠠᠮᠢᠶᠠᠷᠤᠨ ᠡᠵᠡᠮᠳᠡᠨ᠎ᠡ᠃ ᠮᠡᠳᠡᠭᠦᠯᠦᠨ ᠳᠠᠩᠰᠠᠯᠠᠭᠤᠯᠬᠤ ᠶᠢ ᠲᠡᠪᠴᠢᠬᠦ ᠪᠤᠶᠤ ᠬᠠᠮᠵᠢᠯᠴᠠᠬᠤ ᠥᠬᠡᠶ ᠪᠠᠶᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠷᠰᠢᠯᠠᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ | ᠬᠠᠷᠢᠭᠤᠴᠠᠯᠭ᠎ᠠ ᠡᠭᠦᠷᠭᠡᠯᠡᠨ᠎ᠡ᠃ | ᠭᠤᠷᠪᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠦᠷᠢᠮᠵᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠶ | ᠤᠯᠤᠰ ᠤᠨ ᠳᠣᠲᠣᠭᠠᠳᠤ ᠶᠢᠨ ᠥᠨᠳᠦᠷ ᠲᠥᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ | ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ | ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ | ᠤᠯᠤᠰ ᠤᠨ ᠳᠣᠲᠣᠭᠠᠳᠤ ᠶᠢᠨ ᠳᠤᠮᠲᠠ ᠲᠥᠭᠰᠢᠭᠦᠷᠢᠲᠡᠢ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠵᠦ | ᠪᠤᠴᠠᠬᠤ ᠬᠥᠮᠦᠰ ᠲᠤ ᠴᠥᠮ ︽14 ᠡᠳᠦᠷ ᠤᠨ ᠬᠡᠷ ᠪᠦᠯᠢ ᠶᠢᠨ ᠲᠤᠰᠠᠭᠠᠷᠯᠠᠯ + 5 ᠤᠳᠠᠭ᠎ᠠ ᠶᠢᠨ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ︾ ︵ᠬᠡᠷ ᠪᠦᠯᠢ ᠶᠢᠨ ᠲᠤᠰᠠᠭᠠᠷᠯᠠᠬᠤ ᠨᠥᠬᠦᠴᠡᠯ ᠥᠬᠡᠶ ᠪᠣᠯ ᠲᠥᠪᠯᠡᠷᠡᠭᠦᠯᠦᠨ | ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢ ᠬᠡᠷᠡᠭᠵᠢᠭᠦᠯᠬᠦ︶ ᠶᠢᠨ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠲᠤᠰᠠᠭᠠᠷᠯᠠᠨ ᠠᠵᠢᠭᠯᠠᠬᠤ 1᠂ 4᠂ 7᠂ 10᠂ 14 ᠳ᠋ᠦ᠋ᠭᠡᠷ ᠡᠳᠦᠷ ᠲᠤ ᠲᠣᠰ | ᠲᠣᠰ ᠨᠢᠭᠡ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ︵ᠬᠠᠮᠢᠶ᠎ᠠ ᠪᠥᠬᠦᠶ ᠵᠠᠷᠤᠳᠠᠯ ᠢ ᠥᠪᠡᠷᠲᠡᠭᠡᠨ | ᠰᠢᠢᠳᠪᠦᠷᠢᠯᠡᠨ᠎ᠡ︶ ᠬᠢᠨ᠎ᠠ᠃ | ᠮᠠᠨ ᠤ ᠬᠤᠰᠢᠭᠤ ᠣᠶᠢᠷ᠎ᠠ ᠳᠤ ᠲᠣᠤᠷᠠᠶ ᠶᠢᠨ ᠨᠠᠶᠢᠷ ᠤᠨ ᠬᠤᠭᠤᠴᠠᠭᠠᠨ ᠤ ᠲᠣᠮᠣ ᠬᠡᠯᠪᠡᠷᠢ ᠶᠢᠨ ᠰᠢᠷᠢᠰ | ᠠᠵᠢᠯᠯᠠᠭ᠎ᠠ ᠥᠷᠨᠢᠭᠦᠯᠬᠦ ᠪᠠᠷ ᠪᠠᠶᠢᠭ᠎ᠠ ᠪᠣᠯᠬᠤᠷ᠂ ᠬᠤᠷᠠᠯ ᠴᠤᠭᠯᠠᠭᠠᠨ ᠪᠠ ᠨᠠᠭᠠᠳᠤᠮ ᠤᠷᠤᠯᠳᠤᠭᠠᠨ ᠵᠡᠷᠭᠡ ᠳᠤ | ᠣᠷᠣᠯᠴᠠᠭᠰᠠᠳ ᠮᠠᠨ ᠤ ᠬᠤᠰᠢᠭᠤᠨ ᠳᠤ ᠬᠦᠷᠬᠦ ᠠᠴᠠ ᠡᠮᠦᠨ᠎ᠡ 14 ᠡᠳᠦᠷ ᠤᠨ ᠳᠣᠲᠣᠷ᠎ᠠ ᠠᠯᠠᠱᠠ ᠠᠶᠢᠮᠠᠭ ᠤᠨ | ᠭᠠᠳᠠᠨ᠎ᠠ ᠵᠢᠭᠤᠯᠴᠢᠯᠠᠵᠤ ᠰᠠᠭᠤᠷᠢᠰᠢᠭᠰᠠᠨ ᠲᠡᠤᠬᠡ ᠲᠠᠢ ᠪᠣᠯ 48 ᠴᠠᠭ ᠤᠨ ᠲᠤᠲᠤᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠪᠠᠶᠢᠬᠤ ᠬᠡᠷᠡᠭᠲᠡᠶ᠃ ᠦᠪᠡᠷ ᠤᠨ ᠪᠡᠶ᠎ᠡ ᠵᠢᠴᠢ ᠪᠤᠰᠤᠳ | ᠬᠥᠮᠦᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠲᠥᠯᠥᠭᠡ᠂ ᠬᠤᠰᠢᠭᠤᠨ ᠳᠤ ᠢᠷᠡᠭᠰᠡᠨ ᠥᠷᠭᠡᠨ ᠣᠯᠠᠨ | ᠵᠤᠭᠠᠴᠠᠭᠰᠠᠳ ᠲᠤ ᠰᠢᠨ᠎ᠡ ᠲᠢᠲᠢᠮᠯᠢᠭ ᠸᠡᠷᠦ᠋ᠰ ᠤᠨ ᠸᠠᠺᠼᠢᠨ ᠢ ᠤᠷᠢᠳᠴᠢᠯᠠᠨ ᠲᠠᠷᠢᠬᠤ ᠶᠢ ᠰᠠᠨᠠᠭᠠᠴᠢᠯᠠᠵᠤ᠂ | ᠬᠠᠮᠠᠭᠠᠯᠠᠯᠲᠠ ᠶᠢᠨ ᠬᠠᠮᠤᠭ ᠤᠨ ᠰᠠᠶᠢᠨ ᠦᠷ᠎ᠡ ᠪᠦᠲᠦᠮᠵᠢ ᠶᠢ ᠪᠠᠳᠤᠯᠠᠬᠤ ᠭᠡᠷᠡᠭᠲᠡᠢ᠃ | ᠪᠥᠬᠦ ᠬᠤᠰᠢᠭᠤᠨ ᠤ ᠡᠯ᠎ᠡ ᠴᠣᠩᠬᠤᠪᠴᠢ ᠶᠢᠨ ᠥᠢᠯᠡᠴᠢᠯᠡᠭᠡᠨ ᠤ ᠪᠠᠶᠢᠭᠤᠯᠭ᠎ᠠ ᠨᠢᠭᠡᠴᠡ᠂ ᠡᠯ᠎ᠡ | ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠬᠡᠷ ᠪᠦᠯᠢ ᠶᠢᠨ ᠪᠠᠭᠤᠳᠠᠯ᠂ ᠬᠤᠭᠤᠯᠠᠨ | ᠭᠡᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠠᠮ ᠬᠠᠷᠢᠯᠴᠠᠭᠠᠨ ᠤ ᠲᠠᠯᠠᠪᠤᠷ ᠥᠷᠲᠡᠭᠡ᠂ | ᠦᠵᠡᠮᠵᠢ ᠶᠢᠨ ᠭᠠᠵᠠᠷ ᠣᠷᠣᠨ ᠵᠡᠷᠭᠡ ᠬᠥᠮᠦᠨ ᠬᠠᠷ᠎ᠠ ᠬᠤᠷᠠᠨ ᠴᠣᠭᠯᠠᠷᠠᠳᠠᠭ ᠲᠠᠯᠠᠪᠤᠷ ᠲᠤ ᠣᠷᠣᠵᠤ ᠭᠠᠷᠬᠤ | ᠬᠥᠮᠦᠰ ᠤᠨ ᠳᠤᠯᠠᠭᠠᠨ ᠤ ᠬᠡᠮᠵᠢᠶ᠎ᠡ ᠶᠢ ᠬᠡᠮᠵᠢᠬᠦ᠂ ᠺᠣᠳ᠋ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ | ᠬᠡᠷᠡᠭᠵᠢᠭᠦᠯᠵᠦ᠂ ᠠᠷᠢᠭᠤᠨ ᠴᠡᠪᠡᠷ ᠢ ᠡᠷᠬᠢᠮᠯᠡᠵᠦ᠂ ᠣᠷᠴᠢᠨ ᠲᠣᠭᠤᠷᠢᠨ ᠢ ᠠᠷᠢᠭᠤᠳᠬᠠᠵᠤ᠂ ᠠᠭᠠᠷ ᠰᠠᠯᠬᠢ | ᠨᠡᠪᠲᠡᠷᠡᠭᠦᠯᠬᠦ᠂ ᠡᠵᠡᠩᠨᠡᠭᠴᠢᠳ ᠤᠨ ᠬᠤᠪᠢ ᠪᠡᠶ᠎ᠡ ᠶᠢᠨ ᠬᠠᠮᠠᠭᠠᠯᠠᠯᠲᠠ ᠬᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ | ᠳᠥᠷᠪᠡ᠂ ᠡᠷᠡᠭᠦᠯ ᠮᠡᠨᠳᠦ ᠶᠢᠨ ᠪᠠᠶᠢᠳᠠᠯ ᠢ ᠴᠠᠭ ᠢᠮᠠᠭᠲᠠ ᠠᠩᠬᠠᠷᠬᠤ ᠬᠡᠷᠡᠭᠲᠡᠶ | ᠬᠤᠪᠢ ᠬᠥᠮᠦᠨ ᠪᠠ ᠭᠡᠷ ᠤᠨ ᠬᠥᠮᠦᠰ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠴᠠᠭ | ᠢᠮᠠᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠦᠨᠦᠷᠯᠡᠬᠦ ᠰᠡᠷᠡᠯ | ᠮᠠᠭᠤᠳᠠᠬᠤ᠂ ᠰᠠᠭᠤᠯᠭᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂ ᠠᠮᠠᠪᠴᠢ ᠪᠠᠨ ᠳᠦᠷᠢᠮᠵᠢᠭᠦᠨ ᠵᠡᠭᠦᠵᠦ᠂ | ᠳᠠᠷᠤᠢ ᠲᠦᠷᠭᠡᠨ ᠣᠶᠢᠷᠠᠯᠴᠠᠭ᠎ᠠ ᠪᠠᠶᠢᠭ᠎ᠠ ᠬᠠᠯᠠᠭᠤᠷᠠᠯ ᠢ ᠡᠮᠨᠡᠬᠦ ᠡᠭᠦᠳᠡᠨ ᠡᠮᠨᠡᠯᠭᠡ ᠪᠤᠶᠤ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠨᠡᠭᠦᠯᠬᠦ ᠪᠠ ᠪᠠᠶᠢᠴᠠᠭᠠᠯᠭᠠᠬᠤ ᠶᠢᠨ ᠬᠠᠮᠲᠤ ᠬᠤᠪᠢ ᠬᠥᠮᠦᠨ ᠤ | ᠵᠢᠭᠤᠯᠴᠢᠯᠠᠵᠤ ᠰᠠᠭᠤᠭᠰᠠᠨ ᠲᠡᠦᠬᠡ᠂ ᠬᠥᠳᠡᠯᠭᠡᠭᠡᠨ ᠳᠤ ᠣᠷᠣᠯᠴᠠᠭᠰᠠᠨ ᠲᠡᠦᠬᠡ ᠪᠠ ᠡᠪᠡᠳᠴᠢᠨ ᠤ ᠵᠢᠱᠢᠶ᠎ᠡ ᠲᠠᠢ | ᠣᠶᠢᠷᠠᠲᠤᠭᠰᠠᠨ ᠲᠡᠦᠬᠡ ᠪᠠᠨ ᠦᠨᠡᠨ ᠮᠥᠨ ᠢᠶᠠᠷ ᠨᠢ ᠮᠡᠳᠡᠭᠳᠡᠵᠦ᠂ ᠡᠪᠡᠳᠴᠢᠨ ᠦᠵᠡᠭᠦᠯᠬᠦ ᠵᠠᠮ ᠳᠠᠭᠠᠨ ᠠᠯᠢ | ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃ | ᠡᠯ᠎ᠡ ᠡᠮᠴᠢᠯᠡᠭᠡᠨ ᠤ ᠪᠠᠶᠢᠭᠤᠯᠤᠮᠵᠢ ᠪᠣᠯᠤᠨ ᠬᠠᠯᠠᠭᠤᠷᠠᠯ ᠢ ᠡᠮᠨᠠᠬᠦ ᠡᠭᠦᠳᠡᠨ ᠡᠮᠨᠡᠯᠭᠡ ᠨᠢ ᠬᠠᠷᠠᠭᠤᠯ ᠤᠨ ᠴᠡᠭ ᠤᠨ | ᠬᠢᠨᠠᠨ ᠬᠡᠮᠵᠢᠬᠦ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠡᠮᠨᠡᠭᠦᠯᠬᠦ ᠡᠪᠡᠳᠴᠢᠲᠡᠨ ᠪᠣᠯᠤᠨ ᠪᠠᠷ᠎ᠠ | ᠪᠣᠯᠤᠭᠰᠠᠳ ᠤᠨ ᠬᠢᠵᠢᠭ ᠤᠨ ᠪᠠᠶᠢᠳᠠᠯ ᠭᠠᠷᠤᠭᠰᠠᠨ ᠭᠠᠵᠠᠷ ᠲᠤ ᠵᠢᠭᠤᠯᠴᠢᠯᠠᠵᠤ ᠰᠠᠭᠤᠭᠰᠠᠨ ᠲᠡᠦᠬᠡ ᠲᠠᠢ | ᠡᠰᠡᠬᠦ ᠶᠢ ᠯᠠᠪᠯᠠᠨ ᠠᠰᠠᠭᠤᠬᠤ ᠪᠠ ᠪᠠᠶᠢᠴᠠᠭᠠᠨ ᠦᠵᠡᠬᠦ ᠪᠠᠨ ᠴᠢᠩᠭᠠᠷᠠᠭᠤᠯᠵᠤ᠂ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠪᠠᠨ ᠰᠠᠶᠢᠲᠤᠷ ᠬᠢᠬᠦ ᠶᠢ ᠰᠠᠨᠠᠭᠤᠯᠬᠤ ᠬᠡᠷᠡᠭᠲᠡᠶ᠃ | ᠲᠠᠪᠤ᠂ ᠣᠯᠠᠨ ᠨᠡᠶᠢᠲᠡ ᠶᠢᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ ᠭᠡᠷᠡᠭᠲᠡᠢ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠪᠣᠯ ᠣᠳᠣᠬᠠᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠠᠮᠤᠭ ᠤᠨ ᠪᠦᠲᠦᠮᠵᠢᠲᠡᠶ ᠠᠷᠭ᠎ᠠ | ᠪᠠᠷᠢᠯ ᠮᠥᠨ᠃ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ ᠨᠢᠭᠡᠨᠲᠡ | ᠨᠢᠭᠡᠳᠦᠭᠡᠷ ᠣᠳᠠᠭᠠᠨ ᠤ ᠲᠠᠷᠢᠯᠭ᠎ᠠ ᠪᠠᠨ ᠬᠢᠭᠰᠡᠨ ᠪᠥᠭᠡᠳ ᠬᠤᠶᠠᠳᠤᠭᠠᠷ ᠤᠳᠠᠭᠠᠨ ᠤ ᠲᠠᠷᠢᠯᠭ᠎ᠠ ᠬᠢᠬᠦ ᠴᠠᠭ ᠲᠤ | ᠬᠠᠷᠠᠬᠠᠨ ᠲᠠᠷᠢᠯᠭ᠎ᠠ ᠬᠢᠭᠡᠳᠦᠶ ᠰᠠᠭᠤᠭᠠᠯᠢ ᠠᠷᠠᠳ ᠢᠳᠡᠪᠬᠢᠲᠡᠶ ᠪᠠᠷ ᠰᠠᠨᠠᠭᠠᠴᠢᠯᠠᠭ᠎ᠠ ᠠᠴᠠ ᠪᠠᠨ ᠸᠠᠺᠼᠢᠨ ᠤ | ᠲᠠᠷᠢᠯᠭ᠎ᠠ ᠬᠢᠬᠦ ᠭᠠᠵᠠᠷ ︵ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ︶ ᠲᠤ ᠬᠦᠷᠴᠦ ᠬᠤᠶᠠᠳᠤᠭᠠᠷ | ᠤᠳᠠᠭᠠᠨ ᠤ ᠲᠠᠷᠢᠯᠭ᠎ᠠ ᠪᠠᠨ ᠬᠢᠬᠦ ᠬᠡᠷᠡᠭᠳᠡᠢ᠃ | ᠵᠢᠷᠭᠤᠭ᠎ᠠ᠂ ᠠᠮᠠᠷᠠᠯᠲᠠ ᠶᠢᠨ ᠡᠳᠦᠷ ᠭᠠᠳᠠᠭᠰᠢ ᠭᠠᠷᠬᠤ ᠪᠠᠨ ᠵᠣᠬᠢᠰᠲᠠᠶ ᠲᠣᠬᠢᠷᠠᠭᠤᠯᠬᠤ ᠬᠡᠷᠡᠭᠲᠡᠢ | ᠨᠠᠢᠮᠠᠨ ᠰᠠᠷ᠎ᠠ ᠶᠢᠨ ᠠᠷᠪᠠᠨ ᠲᠠᠪᠤᠨ ᠤ ᠠᠮᠠᠷᠠᠯᠲᠠ᠂ ᠤᠯᠤᠰ ᠤᠨ ᠪᠠᠶᠠᠷ ᠤᠨ ᠠᠮᠠᠷᠠᠯᠲᠠ ᠪᠣᠯᠬᠤ ᠭᠡᠵᠦ | ᠪᠠᠶᠢᠭ᠎ᠠ ᠪᠣᠯᠬᠤᠷ ᠭᠠᠳᠠᠭᠰᠢ ᠭᠠᠷᠬᠤ ᠪᠠᠨ ᠵᠣᠬᠢᠰᠲᠠᠶ ᠲᠣᠬᠢᠷᠠᠭᠤᠯᠬᠤ ᠬᠡᠷᠡᠭᠲᠡᠶ᠃ ᠥᠷᠭᠡᠨ ᠤᠯᠠᠨ ᠰᠠᠭᠤᠭᠠᠯᠢ | ᠠᠷᠠᠳ ᠤᠨ ᠲᠤᠬᠠᠶ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠵᠤ᠂ ᠴᠤᠭᠯᠠᠷᠠᠬᠤ | ᠪᠠ ᠨᠠᠶᠢᠷ ᠴᠤᠭᠯᠠᠭᠠᠨ ᠬᠢᠬᠦ ᠶᠢ ᠰᠠᠨᠠᠭᠠᠴᠢᠯᠠᠬᠤ ᠦᠭᠡᠢ᠃ ᠬᠡᠷᠪᠡ ᠭᠠᠳᠠᠭᠰᠢ ᠶᠠᠪᠤᠬᠤ ᠲᠣᠬᠢᠷᠠᠭᠤᠯᠤᠯᠲᠠ ᠲᠠᠢ ᠪᠣᠯ | ᠵᠣᠷᠢᠭᠰᠠᠨ ᠭᠠᠵᠠᠷ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠲᠠᠰ ᠢ ᠴᠠᠭ ᠲᠤᠬᠠᠶ ᠳᠤᠨᠢ ᠣᠶᠢᠯᠠᠭᠠᠵᠤ᠂ | ᠴᠢᠬᠤᠯᠠ ᠱᠠᠭᠠᠷᠳᠠᠯᠭ᠎ᠠ ᠦᠭᠡᠢ ᠪᠣᠯ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠪᠠ ᠳᠤᠮᠳᠠ ᠥᠨᠳᠦᠷ | ᠲᠦᠭᠰᠢᠭᠦᠷᠢᠲᠡᠢ ᠭᠠᠵᠠᠷ ᠣᠷᠣᠨ ᠳᠤ ᠣᠴᠢᠬᠤ ᠬᠡᠷᠡᠭ ᠦᠭᠡᠢ᠃ | ᠳᠣᠯᠤᠭ᠎ᠠ᠂ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢ ᠠᠩᠬᠠᠷᠬᠤ ᠭᠡᠷᠡᠭᠲᠡᠢ | ᠠᠷᠠᠳ ᠢᠷᠭᠡᠳ ᠤᠨ ᠬᠢᠵᠢᠭ ᠢ ᠰᠡᠷᠭᠡᠶᠢᠯᠡᠬᠦ ᠥᠨᠳᠦᠰᠦᠨ ᠠᠵᠢᠯᠯᠠᠭ᠎ᠠ ᠶᠢᠨ ᠪᠠᠷᠢᠮᠵᠢᠶ᠎ᠠ ᠶᠢ ᠢᠳᠡᠪᠬᠢᠲᠡᠶ | ᠦᠢᠯᠡᠳᠦᠯᠭᠡᠵᠢᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠᠨᠲ᠋ᠡᠭᠡᠭᠰᠢᠯᠡᠭᠦᠯᠦᠨ᠂ ᠠᠮᠠᠪᠴᠢ ᠵᠡᠭᠦᠬᠦ ︵ | ᠢᠯᠠᠩᠭᠤᠶ᠎ᠠ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠪᠠ ᠤᠯᠠᠨ ᠨᠡᠶᠢᠲᠡ ᠶᠢᠨ | ᠲᠠᠯᠠᠪᠤᠷ ᠲᠤ ᠠᠵᠢᠯᠯᠠᠭ᠎ᠠ ᠬᠢᠬᠦ ᠦᠶ᠎ᠡ ᠳᠤ︶ ᠪᠠᠨ ᠦᠷᠭᠦᠯᠵᠢᠯᠡᠨ ᠳᠦᠷᠢᠮᠵᠢᠭᠦᠯᠵᠦ᠂ ᠬᠥᠮᠦᠨ ᠬᠠᠷ᠎ᠠ | ᠴᠤᠭᠯᠠᠷᠠᠬᠤ ᠶᠢ ᠪᠠᠭᠠᠰᠬᠠᠨ᠂ ᠭᠠᠷ ᠢᠶᠠᠨ ᠰᠠᠶᠢᠲᠤᠷ ᠤᠭᠢᠶᠠᠵᠤ᠂ ᠦᠷᠭᠦᠯᠵᠢ ᠰᠠᠯᠬᠢ ᠨᠡᠪᠲᠡᠷᠡᠭᠦᠯᠦᠨ᠂ 1 | ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠳᠤᠯᠠᠬᠤ ᠶᠢ ᠠᠩᠬᠠᠷᠴᠤ᠂ ᠴᠢᠬᠤᠯᠠ ᠪᠤᠰᠤ | ᠴᠤᠭᠯᠠᠷᠠᠯ ᠤᠨ ᠴᠢᠨᠠᠷᠲᠠᠶ ᠠᠵᠢᠯᠯᠠᠭ᠎ᠠ ᠪᠠᠨ ᠪᠠᠭᠠᠰᠬᠠᠬᠤ ᠬᠡᠷᠡᠭᠲᠡᠶ᠃ | ᠳᠠᠭᠠᠯᠳᠤᠭᠤᠯᠤᠯ᠄ ᠡᠵᠡᠨ᠎ᠡ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ | ᠡᠮᠭᠡᠭ ᠰᠡᠷᠭᠡᠶᠢᠯᠡᠨ ᠡᠵᠡᠮᠳᠡᠬᠦ ᠲᠥᠪ ᠪᠣᠯᠣᠨ ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ | ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ | ᠭᠠᠵᠠᠷ ᠤᠨ ᠬᠠᠷᠢᠯᠴᠠᠬᠤ ᠤᠲᠠᠰᠤ᠄ | 1. ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠬᠤ ᠭᠠᠵᠠᠷ᠄ 0483-6526181 | 2. ᠡᠵᠡᠨ᠎ᠡ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ 0483-6521923 | 33. ᠡᠵᠡᠨ᠎ᠡ ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ | 0483-3963016᠂ 15204834131 | 4. ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0483-6520887 | ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 9 ᠰᠠᠷ᠎ᠠ ᠶᠢᠨ 14 |