ᠡᠮᠡᠭᠲᠡᠶᠢᠴᠦᠳ ᠤᠨ ᠡᠷᠬᠡ ᠠᠰᠢᠭ ᠢ ᠲᠥᠯᠥᠭᠡᠯᠡᠨ ᠬᠠᠮᠠᠭᠠᠯᠠᠬᠤ ᠪᠣᠯ ᠡᠮᠡᠭᠲᠡᠶᠢᠴᠦᠳ ᠤᠨ ᠬᠤᠯᠪᠣᠭ᠎ᠠ ᠶᠢᠨ | ᠵᠣᠬᠢᠶᠠᠨ ᠪᠠᠶᠢᠭᠤᠯᠤᠯᠲᠠ ᠶᠢᠨ ᠦᠨᠳᠦᠰᠦᠨ ᠡᠭᠦᠷᠭᠡ ᠴᠢᠳᠠᠪᠬᠢ ᠪᠤᠯᠤᠨ᠎ᠠ᠃ ᠣᠶᠢᠷ᠎ᠠ ᠶᠢᠨ ᠵᠢᠯ ᠳᠤ᠂ ᠥᠪᠡᠷᠲᠡᠭᠡᠨ | ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ ᠤᠯᠤᠰ ᠲᠥᠷᠥ ᠶᠢᠨ ᠬᠠᠷᠢᠭᠤᠴᠠᠯᠭ᠎ᠠ ᠪᠠᠨ ᠭᠦᠢᠴᠡᠳᠭᠡᠬᠦ | ᠪᠤᠯᠤᠨ ᠡᠷᠬᠡ ᠠᠰᠢᠭ ᠢ ᠬᠠᠮᠠᠭᠠᠯᠠᠬᠤ ᠡᠭᠦᠷᠭᠡ ᠴᠢᠳᠠᠪᠬᠢ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ | ︽ᠵᠠᠬᠢᠳᠠᠯ ᠰᠤᠷᠪᠤᠯᠵᠢᠯᠠᠯ ᠢ ᠭᠥᠯᠢᠶᠡᠨ ᠠᠪᠬᠤ᠂ ᠵᠥᠷᠢᠴᠡᠯ ᠢ ᠡᠶᠡᠳᠡᠭᠦᠯᠬᠦ᠂ ᠬᠠᠤᠯᠢ ᠴᠠᠭᠠᠵᠠ ᠶᠢᠨ ᠦᠶ᠋ᠯᠡᠴᠢᠯᠡᠭᠡ | ᠬᠠᠨᠭ᠍ᠭᠠᠬᠤ᠂ ᠰᠡᠳᠬᠢᠴᠡ ᠶᠢᠨ ᠵᠦᠪᠯᠡᠯᠭᠡ ᠦᠭᠭᠦ᠂ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ︾ ᠡᠷᠬᠡ | ᠠᠰᠢᠭ ᠢ ᠬᠠᠮᠠᠭᠠᠯᠠᠬᠤ ᠦᠢᠯᠡᠴᠢᠯᠡᠭᠡᠨ ᠤ ᠵᠠᠭᠪᠤᠷ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠦᠵᠡᠯ | ᠤᠬᠠᠮᠰᠠᠷ ᠢ ᠴᠢᠩᠭᠠᠷᠠᠭᠤᠯᠬᠤ᠂ ᠵᠥᠷᠢᠴᠡᠯ ᠵᠢᠭᠤᠷᠠᠭᠠᠨ ᠢ ᠨᠠᠮᠳᠠᠭᠤᠯᠬᠤ᠂ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦᠯᠡᠵᠦ᠂ ᠡᠷᠬᠡ ᠠᠰᠢᠭ ᠢ ᠬᠠᠮᠠᠭᠠᠯᠠᠬᠤ | ᠠᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠢᠳᠡᠪᠬᠢᠲᠡᠶ ᠦᠶ᠋ᠯᠡᠳᠦᠯ ᠦᠵᠡᠭᠦᠯᠪᠡ᠃ | ᠬᠠᠤᠯᠢ ᠲᠦᠷᠢᠮ ᠤᠨ ᠪᠠᠳᠤᠯᠠᠭ᠎ᠠ ᠬᠠᠨᠭ᠍ᠭᠠᠪᠠ | ᠭᠡᠷ ᠪᠦᠯᠢ ᠡᠶ᠎ᠡ ᠨᠠᠶᠢᠷᠰᠠᠭ ᠪᠤᠯ ᠨᠡᠶᠢᠭᠡᠮ ᠠᠮᠤᠷ ᠲᠤᠬᠳᠠᠭᠤᠨ᠂ ᠭᠡᠷ ᠪᠦᠯᠢ ᠵᠤᠯ ᠵᠢᠷᠭᠠᠯᠳᠠᠢ ᠪᠣᠯ ᠨᠡᠶᠢᠭᠡᠮ | ᠡᠶ᠎ᠡ ᠵᠤᠬᠢᠴᠠᠩᠭᠤᠢ᠂ ᠭᠡᠷ ᠪᠦᠯᠢ ᠪᠤᠯᠪᠠᠰᠤᠨ ᠪᠤᠯ ᠨᠡᠶᠢᠭᠡᠮ ᠪᠤᠯᠪᠠᠰᠤᠨ ᠪᠤᠯᠬᠤ ᠶᠤᠮ᠃ ᠬᠡᠷ ᠪᠦᠯᠢ ᠶᠢᠨ | ᠬᠦᠴᠦᠷᠬᠡᠭᠯᠡᠯ ᠢ ᠰᠡᠷᠭᠡᠶᠢᠯᠡᠨ ᠬᠤᠷᠢᠬᠯᠠᠵᠤ᠂ ᠬᠡᠷ ᠪᠦᠯᠢ ᠶᠢᠨ ᠪᠦᠷᠢᠯᠳᠦᠬᠦᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠦ᠂ ᠬᠡᠷ ᠪᠦᠯᠢ ᠶᠢᠨ ᠡᠶ᠎ᠡ ᠵᠣᠬᠢᠴᠠᠩᠭᠤᠶ᠂ ᠨᠡᠶᠢᠭᠡᠮ ᠤᠨ ᠲᠣᠭᠲᠠᠭᠤᠨ ᠢ ᠠᠬᠢᠭᠤᠯᠬᠤ ᠶᠢᠨ ᠲᠥᠯᠥᠭᠡ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ | ᠪᠣᠯᠤᠨ ᠤᠯᠤᠰ ᠤᠨ ᠬᠤᠯᠪᠤᠬᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ | ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ 2020 ᠣᠨ ᠤ 5 ᠰᠠᠷ᠎ᠠ ᠶᠢᠨ 1 ᠤ ᠡᠳᠦᠷ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ | ᠲᠦᠷᠢᠮ︾ ᠢ ᠵᠢᠩᠬᠢᠨᠢ ᠪᠠᠷ ᠬᠡᠷᠡᠭᠵᠢᠬᠦᠯᠪᠡ᠃ ᠲᠦᠷᠢᠮ ᠳᠤ᠂ ᠠᠩᠬᠠᠳᠠᠬᠴᠢ ᠤᠳᠠᠭ᠎ᠠ ᠬᠡᠷ ᠪᠦ᠋ᠯᠢ ᠶᠢᠨ | ᠪᠦᠷᠢᠯᠳᠦᠬᠦᠨ ᠤ ᠡᠳ᠋ ᠪᠤᠳᠠᠰ ᠢ ᠬᠡᠳᠦ ᠡᠵᠡᠮᠰᠢᠬᠦ ᠪᠤᠶᠤ ᠡᠵᠡᠯᠡᠬᠦ ᠶᠢ ᠬᠦᠴᠦᠷᠭᠡᠭᠯᠡᠯ ᠤᠨ ᠠᠵᠢᠯᠯᠠᠭ᠎ᠠ ᠶᠢᠨ | ᠬᠡᠪᠴᠢᠶᠡᠨ ᠳᠤ ᠤᠷᠤᠭᠤᠯᠵᠦ᠂ ᠠᠩᠬᠠᠳᠠᠬᠴᠢ ᠤᠳᠠᠭ᠎ᠠ ᠤᠷᠤᠭ ᠰᠠᠯᠬᠤ ᠬᠦᠴᠦᠷᠭᠡᠭᠯᠡᠯ ᠢ ᠲᠦᠷᠢᠮ ᠤᠨ ᠬᠡᠷᠡᠭᠯᠡᠬᠦ | ᠬᠡᠪᠴᠢᠶᠡᠨ ᠳᠤ ᠤᠷᠤᠭᠤᠯᠵᠦ᠂ ᠠᠩᠬᠠᠳᠠᠭᠴᠢ ᠤᠳᠠᠭ᠎ᠠ ᠭᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ ᠠᠵᠢᠯ ᠢ | ᠡᠯ᠎ᠠ ᠬᠠᠮᠢᠶ᠎ᠠ ᠪᠦᠬᠦᠢ ᠨᠢᠭᠡᠴᠢ ᠶᠢ ᠬᠢᠨᠠᠨ ᠰᠢᠯᠭᠠᠬᠤ ᠬᠡᠪᠴᠢᠶᠠᠨ ᠳᠤ ᠤᠷᠤᠭᠤᠯᠵᠦ᠂ ᠠᠩᠬᠠᠳᠠᠬᠴᠢ ᠤᠳᠠᠭ᠎ᠠ ᠰᠢᠬᠦᠬᠦ | ᠬᠤᠷᠢᠶ᠎ᠠ ᠪᠠᠶᠢᠴᠠᠭᠠᠬᠤ ᠬᠤᠷᠢᠶ᠎ᠠ ᠠᠴᠠ ᠦᠨᠳᠦᠰᠦᠨ ᠱᠠᠳᠤᠨ ᠤ ᠭᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ | ᠠᠵᠢᠯ ᠳᠤ ︽ᠬᠤᠶᠠᠷ ᠰᠠᠨᠠᠭᠤᠯᠭ᠎ᠠ︾ ᠲᠤᠷᠠᠳᠴᠤ ᠪᠤᠯᠬᠤ ᠪᠠᠷ ᠲᠤᠬᠳᠠᠭᠠᠵᠦ᠂ ᠠᠩᠬᠠᠳᠠᠬᠴᠢ ᠤᠳᠠᠭ᠎ᠠ ᠰᠢᠬᠦᠬᠦ | ᠬᠤᠷᠢᠶ᠎ᠠ ᠬᠦᠮᠦᠨ ᠤ ᠪᠡᠶ᠎ᠠ ᠶᠢ ᠬᠠᠮᠠᠭᠠᠯᠠᠬᠤ ᠵᠠᠷᠯᠢᠭ ᠲᠤ ᠬᠤᠯᠪᠤᠬᠳᠠᠬᠰᠠᠨ ᠬᠡᠷᠡᠭ ᠢ ᠬᠠᠷᠢᠭᠤ ᠰᠤᠷᠪᠤᠯᠵᠢᠯᠠᠬᠤ | ᠲᠦᠷᠢᠮ ᠲᠤᠬᠳᠠᠭᠠᠬᠤ ᠵᠡᠷᠭᠡ ᠪᠦᠬᠦ ᠤᠯᠤᠰ ᠤᠨ ︽ᠲᠠᠪᠤᠨ ᠠᠩᠬᠠᠳᠠᠬᠴᠢ︾ ᠶᠢ ᠡᠭᠦᠳᠴᠤ᠂ ᠭᠡᠷ ᠪᠦᠯᠢ ᠶᠢᠨ | ᠬᠦᠴᠦᠷᠭᠡᠭᠯᠡᠯ ᠢ ᠡᠰᠡᠷᠭᠦᠴᠡᠬᠦ ᠳᠤ ᠬᠦᠴᠦᠨ ᠪᠦᠬᠦᠢ ᠬᠠᠤᠯᠢ ᠴᠠᠭᠠᠵᠠ ᠶᠢᠨ ᠦᠨᠳᠦᠰᠦᠯᠡᠯ ᠬᠠᠨᠭ᠍ᠭᠠᠵᠤ ᠦᠭᠪᠡ᠃ | ᠦᠪᠡᠷᠳᠡᠭᠡᠨ ᠵᠠᠰᠠᠬᠤ ᠤᠷᠤᠨ ᠤ ᠡᠮᠡᠭᠳᠡᠶᠢᠴᠤᠳ ᠤᠨ ᠬᠤᠯᠪᠤᠭ᠎ᠠ ᠶᠢᠨ ᠡᠷᠭᠡ ᠠᠰᠢᠭ ᠢ ᠬᠠᠮᠠᠭᠠᠯᠠᠬᠤ | ᠬᠡᠯᠳᠡᠰ ᠤᠨ ᠲᠠᠷᠤᠭ᠎ᠠ ᠸᠧᠶ ᠶᠦᠨ ᠯᠢᠩ᠄ ︽ᠡᠮᠡᠭᠳᠡᠶᠢᠴᠤᠳ ᠤᠨ ᠬᠤᠯᠪᠤᠭ᠎ᠠ ᠭᠡᠷ ᠪᠦᠯᠢ ᠶᠢᠨ ᠬᠦᠴᠦᠷᠭᠡᠭᠯᠡᠯ ᠤᠨ | ᠬᠡᠷᠡᠭ ᠢ ᠨᠢᠭᠡ ᠨᠢᠭᠡ ᠪᠠᠷ ᠰᠢᠢᠳᠪᠦᠷᠢᠯᠡᠪᠡᠯ᠂ ᠵᠥᠪᠬᠡᠨ ᠨᠢᠭᠡ ᠯᠡ ᠭᠡᠷ ᠤᠨ ᠠᠰᠠᠭᠤᠳᠠᠯ ᠢ ᠰᠢᠢᠳᠪᠦᠷᠢᠯᠡᠵᠦ | ᠴᠢᠳᠠᠨ᠎ᠠ᠂ ᠭᠡᠳᠡᠯ᠎ᠠ ᠬᠠᠮᠢᠶ᠎ᠠ ᠪᠦᠬᠦᠢ ᠬᠠᠤᠯᠢ ᠴᠠᠭᠠᠵᠠ ᠶᠢ ᠲᠣᠭᠲᠠᠭᠠᠪᠠᠯ ᠡᠮᠡᠭᠲᠡᠶᠢᠴᠦᠳ ᠬᠡᠦᠬᠡᠳ ᠤᠨ ᠡᠷᠬᠡ | ᠠᠰᠢᠭ ᠢ ᠡᠬᠢ ᠡᠭᠦᠰᠦᠯ ᠠᠴᠠ ᠨᠢ ᠬᠠᠮᠠᠭᠠᠯᠠᠵᠤ᠂ ᠨᠡᠩ ᠣᠯᠠᠨ ᠭᠡᠷ ᠪᠦᠯᠢ ᠳᠤ ᠨᠡᠩ ᠦᠷᠭᠡᠨ ᠬᠡᠪᠴᠢᠶ᠎ᠡ ᠶᠢᠨ | ᠪᠠᠳᠤᠯᠠᠭ᠎ᠠ ᠬᠠᠨᠭ᠍ᠭᠠᠬᠤ ᠪᠤᠯᠤᠨ᠎ᠠ︾ ᠭᠡᠵᠦ ᠬᠡᠯᠡᠨ᠎ᠠ᠃ ᠲᠤᠰ ︽ᠲᠦᠷᠢᠮ︾ ᠨᠢ ᠭᠡᠷ ᠪᠦᠯᠢ ᠶᠢᠨ ᠬᠦᠴᠦᠷᠭᠡᠭᠯᠡᠯ ᠢ | ᠡᠰᠡᠷᠭᠦᠴᠡᠬᠦ ᠡᠯ᠎ᠠ ᠵᠦᠢᠯ ᠤᠨ ᠠᠷᠭ᠎ᠠ ᠬᠡᠮᠵᠢᠶ ᠠ ᠶᠢ ᠨᠠᠷᠢᠯᠢᠭᠵᠢᠭᠤᠯᠵᠤ᠂ ᠡᠮᠡᠭᠳᠡᠶᠢᠴᠤᠳ ᠬᠡᠤᠬᠡᠳ ᠤᠨ ᠡᠷᠭᠡ | ᠠᠰᠢᠭ ᠢ ᠪᠠᠳᠤᠯᠠᠨ ᠬᠠᠮᠠᠭᠠᠯᠠᠵᠤ᠂ ᠡᠮᠡᠭᠳᠡᠶᠢᠴᠤᠳ ᠬᠡᠤᠬᠡᠳ ᠤᠨ ᠪᠦᠬᠦ ᠲᠠᠯ᠎ᠠ ᠶᠢᠨ ᠭᠦᠭᠵᠢᠯᠳᠠ ᠳᠤ ᠰᠠᠶᠢᠨ | ᠰᠠᠶᠢᠬᠠᠨ ᠨᠦᠬᠦᠴᠡᠯ ᠢ ᠪᠦᠷᠢᠯᠳᠦᠬᠦᠯᠵᠦ ᠦᠭᠭᠦᠭᠰᠡᠨ ᠪᠠᠶᠢᠨ᠎ᠠ᠃ | ᠲᠦᠷᠦᠯ ᠵᠦᠢᠯ ᠤᠨ ᠦᠢᠯᠡᠴᠢᠯᠡᠭᠡ ᠪᠠᠨ ᠰᠠᠶᠢᠵᠢᠷᠠᠭᠤᠯᠪᠠ | 2020 ᠣᠨ ᠤ ᠡᠬᠢ ᠪᠠᠷ᠂ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠪᠥᠬᠦ ᠣᠷᠣᠨ ᠤ | ᠡᠮᠡᠭᠲᠡᠶᠢᠴᠦᠳ ᠬᠡᠤᠬᠡᠳ ᠪᠠ ᠬᠡᠷ ᠪᠦᠯᠢ ᠳᠤ ᠣᠷᠣᠰᠢᠵᠤ ᠪᠠᠶᠢᠭ᠎ᠠ ᠣᠷᠤᠭ ᠬᠡᠷ ᠪᠦᠯᠢ ᠶᠢᠨ ᠵᠥᠷᠢᠴᠡᠯ ᠵᠢᠭᠤᠷᠠᠭᠠᠨ ᠢ | ᠡᠶᠡᠳᠡᠬᠦᠯᠬᠦ᠂ ᠵᠣᠪᠠᠨᠢᠵᠤ ᠭᠤᠳᠤᠷᠠᠵᠤ ᠪᠠᠶᠢᠭ᠎ᠠ ᠰᠡᠳᠬᠢᠯᠭᠡ ᠶᠢ ᠲᠠᠶᠢᠳᠬᠤᠷᠠᠭᠤᠯᠬᠤ᠂ ᠬᠢᠵᠢᠭ ᠢ ᠰᠡᠷᠭᠡᠶᠢᠯᠡᠬᠦ | ᠮᠡᠳᠡᠯᠭᠡ ᠶᠢᠨ ᠯᠠᠪᠯᠠᠭ᠎ᠠ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠤ᠂ ᠦᠪᠡᠷᠳᠡᠭᠡᠨ ᠵᠠᠰᠠᠬᠤ | ᠤᠷᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ 12338 | ᠬᠠᠯᠠᠮᠰᠢᠯ ᠤᠲᠠᠰᠤ ᠶᠢ 24 ᠴᠠᠭ ᠢᠶᠠᠷ ᠨᠡᠪᠲᠡᠷᠡᠭᠦᠯᠵᠦ᠂ ᠬᠢᠵᠢᠭ ᠤᠨ ᠨᠥᠯᠥᠭᠡ ᠶᠢ ᠭᠥᠷᠳᠡᠭᠰᠡᠨ ᠪᠠ ᠪᠤᠰᠤᠳ | ᠬᠡᠷᠡᠭᠴᠡᠭᠡ ᠱᠠᠭᠠᠷᠳᠠᠯᠭ᠎ᠠ ᠲᠠᠢ ᠡᠮᠡᠭᠲᠡᠶᠢᠴᠦᠳ ᠪᠠ ᠬᠡᠷ ᠪᠦᠯᠢ ᠳᠤ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ | ᠯᠠᠪᠯᠠᠭ᠎ᠠ᠂ ᠰᠡᠳᠬᠢᠴᠡ ᠶᠢᠨ ᠵᠦᠪᠯᠡᠮᠵᠢ᠂ ᠬᠢᠵᠢᠭ ᠢ ᠰᠡᠷᠭᠡᠶᠢᠯᠡᠵᠦ ᠠᠪᠤᠷᠠᠨ ᠲᠤᠰᠠᠯᠠᠬᠤ᠂ ᠣᠷᠤᠭ ᠬᠡᠷ ᠪᠦᠯᠢ ᠶᠢᠨ | ᠵᠥᠷᠢᠴᠡᠯ ᠢ ᠡᠶᠡᠳᠡᠭᠦᠯᠬᠦ ᠵᠡᠷᠭᠡ ᠦᠢᠯᠡᠴᠢᠯᠡᠭᠡ ᠬᠠᠩᠭᠠᠪᠠ᠃ | ᠣᠶᠢᠷ᠎ᠠ ᠶᠢᠨ 5 ᠵᠢᠯ ᠳᠤ᠂ ᠡᠮᠡᠭᠲᠡᠶᠢᠴᠦᠳ ᠤᠨ ᠡᠷᠬᠡ ᠠᠰᠢᠭ ᠢ ᠬᠠᠮᠠᠭᠠᠯᠠᠬᠤ 12388 ᠬᠠᠯᠠᠮᠰᠢᠯ | ᠤᠲᠠᠰᠤ ᠨᠢ ᠡᠮᠡᠭᠲᠡᠶᠢᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ 670 ᠭᠠᠷᠤᠶ ᠬᠠᠪᠰᠤᠷᠤᠨ | ᠰᠢᠢᠳᠪᠤᠷᠢᠯᠡᠵᠦ᠂ 2450 ᠭᠠᠷᠤᠶ ᠲᠦᠮᠡᠨ ᠲᠥᠭᠦᠷᠢᠭ ᠤᠨ ᠠᠵᠤ ᠠᠬᠤᠶ ᠶᠢᠨ ᠬᠤᠬᠢᠷᠠᠯ ᠢ ᠡᠭᠡᠭᠦᠯᠦᠨ | ᠠᠪᠴᠢᠷᠠᠵᠤ᠂ ᠲᠤᠰᠠᠯᠠᠮᠵᠢ ᠭᠥᠷᠳᠡᠭᠰᠡᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ | ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠠᠬᠢᠭᠤᠯᠪᠠ᠃ ᠣᠳᠣᠬᠠᠨ ᠳᠤ᠂ ᠮᠠᠨ ᠤ ᠤᠷᠤᠨ ᠤ 12 ᠠᠶᠢᠮᠠᠭ | ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ 12338 ᠬᠠᠯᠠᠮᠰᠢᠯ ᠤᠲᠠᠰᠤ ᠨᠢ 24 ᠴᠠᠭ ᠤᠨ ᠰᠠᠭᠠᠳ | ᠥᠬᠡᠶ ᠨᠡᠪᠲᠡᠷᠡᠬᠦ ᠶᠢ ᠪᠡᠶᠡᠯᠡᠭᠦᠯᠵᠦ᠂ ᠬᠡᠷᠡᠭᠴᠡᠭᠡ ᠲᠠᠢ ᠡᠮᠡᠭᠲᠡᠶᠢᠴᠦᠳ ᠪᠠ ᠣᠯᠠᠨ ᠲᠦᠮᠡᠨ ᠳᠤ ᠴᠠᠭ ᠲᠤᠬᠠᠢ ᠳᠤᠨᠢ | ᠬᠠᠪᠰᠤᠷᠤᠮᠵᠢ ᠦᠵᠡᠬᠦᠯᠵᠦ ᠪᠠᠶᠢᠨ᠎ᠠ᠃ | ᠡᠬᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ | ᠡᠮᠡᠭᠲᠡᠶᠢᠴᠦᠳ ᠬᠡᠤᠬᠡᠳ ᠤᠨ ᠡᠷᠬᠡ ᠠᠰᠢᠭ ᠤᠨ ᠦᠢᠯᠡᠴᠢᠯᠡᠭᠡᠨ ᠤ ᠲᠥᠷᠥᠯ ᠵᠦᠢᠯ ᠢ ᠰᠦᠪᠡᠭᠴᠢᠯᠡᠨ | ᠬᠡᠷᠡᠭᠵᠢᠭᠦᠯᠵᠦ᠂ ᠬᠡᠷ ᠤᠨ ᠶᠠᠪᠤᠳᠠᠯ ᠤᠨ ᠡᠶᠡᠳᠡᠭᠦᠯᠭᠡ᠂ ᠬᠡᠤᠬᠡᠳ ᠤᠨ ᠥᠪᠡᠷ ᠢ ᠪᠠᠨ ᠬᠠᠮᠠᠭᠠᠯᠠᠬᠤ᠂ | ᠡᠮᠡᠭᠲᠡᠶᠢᠴᠦᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠴᠢᠳᠠᠪᠤᠷᠢ ᠶᠢ | ᠳᠡᠭᠡᠭᠰᠢᠯᠡᠭᠦᠯᠬᠦ ᠵᠡᠷᠭᠡ ᠬᠦᠷᠢᠶ᠎ᠠ ᠴᠠᠷᠠᠭᠠᠨ ᠤ ᠦᠢᠯᠡᠴᠢᠯᠡᠭᠡ ᠶᠢ ᠬᠠᠮᠤᠷᠴᠤ᠂ ᠨᠠᠩ ᠣᠯᠠᠨ ᠬᠡᠷ ᠪᠦᠯᠢ ᠶᠢᠨ ᠵᠣᠪᠠᠵᠦ | ᠰᠠᠨᠠᠭᠠᠰᠢᠷᠠᠵᠤ ᠪᠠᠶᠢᠭ᠎ᠠ ᠶᠠᠪᠤᠳᠠᠯ ᠢ ᠰᠢᠢᠳᠪᠦᠷᠢᠯᠡᠵᠦ ᠥᠭᠬᠦ ᠶᠢ ᠵᠤᠷᠢᠪᠠ᠃ ᠲᠥᠷᠥᠯ ᠵᠦᠢᠯ ᠨᠢ ᠨᠡᠶᠢᠲᠡ 410 | ᠲᠦᠮᠡᠨ ᠲᠥᠭᠦᠷᠢᠭ ᠵᠠᠷᠤᠴᠠᠭᠤᠯᠵᠤ᠂ 70 ᠨᠡᠶᠢᠭᠡᠮ ᠤᠨ ᠵᠣᠬᠢᠶᠠᠨ ᠪᠠᠶᠢᠭᠤᠯᠤᠯᠲᠠ᠂ 25 ᠦᠨᠳᠦᠰᠦᠨ ᠱᠠᠲᠤᠨ ᠤ | ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢ ᠬᠦᠳᠦᠯᠦᠨ ᠳᠠᠭᠠᠭᠤᠯᠵᠦ ᠡᠮᠡᠭᠳᠡᠶᠢᠴᠤᠳ ᠬᠡᠤᠬᠡᠳ ᠤᠨ ᠡᠷᠬᠡ | ᠠᠰᠢᠭ ᠢ ᠬᠠᠮᠠᠭᠠᠯᠠᠬᠤ ᠦᠶ᠋ᠯᠡᠴᠢᠯᠡᠭᠡ ᠥᠷᠨᠢᠭᠦᠯᠵᠦ᠂ 50 ᠲᠦᠮᠡ ᠭᠠᠷᠤᠶ ᠬᠥᠮᠦᠨ ᠤᠳᠠᠭ᠎ᠠ᠂ 1 ᠲᠦᠮᠡ ᠭᠠᠷᠤᠶ | ᠬᠡᠷ ᠪᠦᠯᠢ ᠳᠤ ᠰᠢᠭᠤᠳ ᠠᠰᠢᠭ ᠭᠥᠷᠳᠡᠬᠡᠪᠡ᠃ ᠡᠭᠦᠨ ᠤ ᠬᠠᠮᠲᠤ᠂ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ | ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠬᠠᠤᠯᠢ ᠴᠠᠭᠠᠵᠠ ᠶᠢᠨ ᠲᠤᠪᠴᠢᠶ᠎ᠠ᠂ ᠠᠷᠠᠳ ᠤᠨ ᠶᠠᠪᠤᠳᠠᠯ ᠵᠡᠷᠭᠡ | ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠤᠷᠤᠭ ᠭᠡᠷ ᠪᠦᠯᠢ ᠶᠢᠨ ᠵᠢᠭᠤᠷᠠᠭᠠᠨ ᠢ | ᠡᠶᠡᠳᠡᠭᠦᠯᠬᠦ ᠠᠷᠠᠳ ᠤᠨ ᠵᠦᠪᠯᠡᠯ ᠢ 115 ᠪᠠᠶᠢᠭᠤᠯᠵᠤ᠂ ᠠᠷᠠᠳ ᠤᠨ ᠶᠠᠪᠤᠳᠠᠯ ᠤᠨ ᠤᠷᠤᠭ ᠤᠨ ᠪᠦᠷᠢᠳᠬᠡᠯ ᠤᠨ | ᠭᠠᠵᠠᠷ᠂ ᠡᠮᠡᠭᠲᠡᠶᠢᠴᠦᠳ ᠤᠨ ᠭᠡᠷ ᠪᠦᠯᠢ ᠳᠤ ᠲᠦᠰᠢᠭᠯᠡᠨ ᠤᠷᠤᠭ ᠭᠡᠷ ᠪᠦᠯᠢ ᠶᠢᠨ ᠵᠢᠭᠤᠷᠠᠭᠠᠨ ᠢ ᠡᠶᠡᠳᠡᠭᠦᠯᠬᠦ | ᠲᠠᠰᠤᠭ 2350 ᠭᠠᠷᠤᠢ᠂ ᠡᠶᠡᠳᠡᠭᠦᠯᠬᠦ ᠡᠩᠨᠡᠭᠡ 2390 ᠭᠠᠷᠤᠢ ᠶᠢ ᠪᠠᠶᠢᠭᠤᠯᠵᠤ᠂ 9000 ᠭᠠᠷᠤᠢ ᠤᠷᠤᠭ | ᠡᠶᠡᠳᠡᠭᠦᠯᠦᠭᠴᠢ ᠲᠠᠢ ᠪᠤᠯᠵᠤ᠂ ᠤᠷᠤᠭ ᠭᠡᠷ ᠪᠦᠯᠢ ᠶᠢᠨ ᠵᠢᠭᠤᠷᠠᠭᠠᠨ ᠢ ᠨᠡᠶᠢᠲᠡ 3 ᠲᠦᠮᠡ ᠭᠠᠷᠤᠢ ᠬᠤᠪᠢ | ᠡᠶᠡᠳᠡᠭᠦᠯᠦᠨ ᠰᠢᠢᠳᠪᠦᠷᠢᠯᠡᠪᠡ᠃ | ᠨᠡᠶᠢᠭᠡᠮ ᠤᠨ ᠵᠠᠰᠠᠯᠳᠠ ᠳᠤ ᠤᠷᠤᠯᠴᠠᠬᠤ ᠢᠳᠡᠪᠬᠢᠵᠢᠯ ᠢ ᠲᠠᠶᠢᠴᠢᠯᠠᠪᠠ | ᠮᠠᠨ ᠤ ᠣᠷᠣᠨ ᠤ ᠡᠮᠡᠭᠲᠡᠶ ᠬᠠᠤᠯᠢᠴᠢ ᠶᠢᠨ ᠨᠡᠶᠢᠭᠡᠮ ᠤᠨ ᠵᠠᠰᠠᠯᠲᠠ ᠳᠤ ᠪᠥᠬᠦ ᠲᠠᠯ᠎ᠠ ᠪᠠᠷ ᠣᠷᠣᠯᠴᠠᠬᠤ ᠶᠢ | ᠠᠬᠢᠭᠤᠯᠵᠤ᠂ ᠡᠮᠡᠭᠲᠡᠶ ᠬᠠᠤᠯᠢᠴᠢ ᠶᠢ ᠬᠥᠲᠥᠯᠥᠨ ᠳᠠᠭᠠᠭᠤᠯᠵᠤ ᠬᠠᠤᠯᠢ ᠴᠠᠭᠠᠵᠠ ᠶᠢᠨ ᠦᠶ᠋ᠯᠡᠴᠢᠯᠡᠭᠡ ᠪᠣᠯᠤᠨ | ᠡᠮᠡᠭᠲᠡᠶᠢᠴᠦᠳ ᠬᠡᠤᠬᠡᠳ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠬᠤ ᠶᠢᠨ | ᠲᠥᠯᠥᠭᠡ᠂ 2020 ᠤᠨ ᠤ ᠰᠡᠬᠦᠯᠴᠢ ᠪᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶ | ᠬᠠᠤᠯᠢᠴᠢ ᠶᠢᠨ ᠨᠡᠶᠢᠭᠡᠮᠯᠢᠭ ᠵᠢᠩᠬᠢᠨᠢ ᠪᠠᠷ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ | ᠪᠦᠯᠬᠦᠮ ᠤᠨ ᠭᠡᠰᠢᠭᠦᠨ ᠪᠤᠯᠵᠤ᠂ ᠡᠮᠡᠭᠲᠡᠶ ᠬᠠᠤᠯᠢᠴᠢ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ | ᠪᠠᠶᠢᠭᠤᠯᠤᠭᠳᠠᠵᠠᠢ᠃ | ᠣᠶᠢᠯᠠᠭᠠᠭᠰᠠᠨ ᠢᠶᠠᠷ᠂ ᠣᠳᠣᠬᠠᠨ ᠳᠤ᠂ ᠮᠠᠨ ᠤ ᠣᠷᠣᠨ ᠤ ᠡᠮᠡᠭᠲᠡᠶ ᠬᠠᠤᠯᠢᠴᠢ 4000 ᠭᠠᠷᠤᠶ ᠪᠠᠶᠢᠵᠤ᠂ | ᠬᠠᠤᠯᠢᠴᠢ ᠶᠢᠨ ᠪᠥᠬᠦ ᠬᠥᠮᠦᠨ ᠤ ᠲᠤᠭ᠎ᠠ ᠶᠢᠨ 45% ᠣᠷᠴᠢᠮ ᠢ ᠡᠵᠡᠯᠡᠵᠦ᠂ ᠡᠮᠡᠭᠲᠡᠶ ᠬᠠᠤᠯᠢᠴᠢ ᠶᠢᠨ ᠨᠡᠶᠢᠭᠡᠮᠯᠢᠭ | ᠪᠣᠯᠤᠨ ᠡᠮᠡᠭᠲᠡᠶ ᠬᠠᠤᠯᠢᠴᠢ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠮᠠᠨ ᠤ ᠣᠷᠣᠨ ᠤ ᠡᠮᠡᠭᠲᠡᠶ | ᠬᠠᠤᠯᠢᠴᠢ ᠶᠢᠨ ᠨᠡᠶᠢᠭᠡᠮ ᠤᠨ ᠬᠥᠭᠵᠢᠯᠲᠡ ᠳᠤ ᠪᠥᠬᠦ ᠲᠠᠯ᠎ᠠ ᠪᠠᠷ ᠣᠷᠣᠯᠴᠠᠬᠤ ᠶᠢ ᠠᠬᠢᠭᠤᠯᠬᠤ᠂ ᠡᠮᠡᠭᠲᠡᠶ | ᠬᠠᠤᠯᠢᠴᠢ ᠶᠢᠨ ᠤᠯᠤᠰ ᠲᠥᠷᠥ᠂ ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ ᠪᠣᠯᠤᠨ ᠨᠡᠶᠢᠭᠡᠮ ᠤᠨ ᠪᠠᠶᠢᠷᠢ | ᠰᠠᠭᠤᠷᠢ᠂ ᠨᠡᠶᠢᠭᠡᠮ ᠤᠨ ᠳᠦᠷᠢ ᠲᠥᠷᠬᠦ ᠶᠢ ᠳᠡᠭᠡᠭᠰᠢᠯᠡᠭᠦᠯᠬᠦ᠂ ᠪᠤᠰᠤᠳ ᠭᠠᠵᠠᠷ ᠣᠷᠣᠨ ᠤ ᠡᠮᠡᠭᠲᠡᠶ ᠬᠠᠤᠯᠢᠴᠢ ᠶᠢᠨ | ᠨᠡᠶᠢᠭᠡᠮᠯᠢᠭ ᠪᠣᠯᠤᠨ ᠪᠤᠰᠤᠳ ᠬᠠᠤᠯᠢ ᠴᠠᠭᠠᠵᠠ ᠶᠢᠨ ᠲᠤᠰᠬᠠᠶ ᠮᠡᠷᠭᠡᠵᠢᠯ ᠤᠨ ᠵᠣᠬᠢᠶᠠᠨ ᠪᠠᠶᠢᠭᠤᠯᠤᠯᠲᠠ ᠯᠤᠭ᠎ᠠ | ᠰᠠᠶᠢᠨ ᠰᠠᠶᠢᠬᠠᠨ ᠬᠠᠷᠢᠴᠠᠭ᠎ᠠ ᠪᠠᠶᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠬᠦ ᠪᠤᠯᠤᠨ᠎ᠠ᠃ | ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠬᠢᠨ | ᠪᠦᠯᠬᠦᠮ ᠤᠨ ᠭᠡᠰᠢᠭᠦᠳ ᠢ ᠬᠥᠮᠦᠵᠢᠭᠦᠯᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠪᠦᠯᠬᠦᠮ ᠤᠨ | ᠭᠡᠰᠢᠭᠦᠳ ᠤᠨ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ ᠴᠢᠨᠠᠬᠰᠢᠳᠠ ᠴᠢᠩᠭᠠᠷᠠᠵᠤ᠂ ᠥᠪᠡᠷᠲᠡᠭᠡᠨ | ᠵᠠᠰᠠᠬᠤ ᠣᠷᠣᠨ ᠤ ᠡᠮᠡᠭᠲᠡᠶ ᠬᠠᠤᠯᠢᠴᠢ ᠶᠢᠨ ᠨᠡᠶᠢᠭᠡᠮᠯᠢᠭ᠂ ᠦᠪᠡᠷᠳᠡᠭᠡᠨ ᠵᠠᠰᠠᠬᠤ ᠤᠷᠤᠨ ᠤ ᠡᠮᠡᠭᠳᠡᠢ ᠠᠵᠤ | ᠠᠬᠤᠢᠢᠯᠠᠯᠳᠠᠨ ᠤ ᠨᠡᠶᠢᠭᠡᠮᠯᠢᠭ ᠵᠡᠷᠭᠡ ᠪᠦᠯᠬᠦᠮ ᠤᠨ ᠬᠡᠰᠢᠬᠦᠳ ᠨᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠵᠣ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠳᠤ ᠣᠷᠣᠯᠴᠠᠬᠤ᠂ ᠠᠷᠠᠳ ᠤᠨ ᠲᠥᠯᠥᠭᠡ ᠬᠠᠤᠯᠢ ᠪᠠᠷᠢᠬᠤ ᠶᠢ ᠦᠢᠯᠡᠳᠦᠯᠭᠡᠵᠢᠭᠦᠯᠬᠦ᠂ | ᠣᠯᠠᠨ ᠲᠦᠮᠡᠨ ᠳᠤ ᠦᠢᠯᠡᠴᠢᠯᠡᠬᠦ ᠳᠤ ᠬᠥᠭᠦᠷᠭᠡ ᠬᠤᠯᠪᠣᠭᠠᠰᠤ ᠪᠤᠯᠵᠠᠢ᠃ | ᠪᠥᠬᠦ ᠣᠷᠣᠨ ᠤ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠪᠠᠰᠠ | ᠬᠡᠤᠬᠡᠨᠴᠦᠳ ᠢ ᠬᠠᠮᠠᠭᠠᠯᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠳᠠᠢ ᠲᠣᠭᠲᠠᠴᠠ ᠶᠢ ᠪᠠᠶᠢᠭᠤᠯᠵᠤ᠂ | ᠨᠡᠶᠢᠭᠡᠮ ᠤᠨ ᠬᠦᠴᠦᠨ ᠢ ᠳᠠᠶᠢᠴᠢᠯᠠᠨ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠬᠤ ᠪᠠ | ᠡᠮᠡᠭᠳᠡᠶᠢᠴᠤᠳ ᠬᠡᠤᠬᠡᠳ ᠢ ᠬᠠᠮᠠᠭᠠᠯᠠᠬᠤ ᠠᠵᠢᠯ ᠳᠤ ᠣᠷᠣᠯᠴᠠᠭᠤᠯᠵᠤ᠂ ︽ᠬᠠᠤᠯᠢᠵᠢᠯ ᠤᠨ ᠥᠪᠥᠷ ᠮᠣᠩᠭᠤᠯ ᠢ | ᠪᠥᠲᠥᠭᠡᠨ ᠪᠠᠶᠢᠭᠤᠯᠬᠤ ᠳᠤ ᠲᠠᠯ᠎ᠠ ᠨᠤᠲᠤᠭ ᠤᠨ ᠡᠮᠡᠭᠲᠡᠶᠢᠴᠦᠳ ᠢᠳᠡᠪᠬᠢᠯᠡᠨ ᠤᠷᠤᠯᠴᠠᠬᠤ︾ ᠠᠵᠢᠯᠯᠠᠭ᠎ᠠ ᠶᠢ | ᠪᠠᠶᠢᠩᠭᠤ ᠥᠷᠨᠢᠭᠦᠯᠵᠦ᠂ ᠡᠮᠡᠭᠲᠡᠶ ᠣᠯᠠᠨ ᠲᠦᠮᠡᠨ ᠤ ᠬᠠᠤᠯᠢ ᠶᠢ ᠮᠡᠳᠡᠵᠦ᠂ ᠬᠠᠤᠯᠢ ᠶᠢ ᠰᠤᠷᠴᠤ᠂ ᠬᠠᠤᠯᠢ ᠶᠢ | ᠰᠠᠬᠢᠵᠤ᠂ ᠬᠠᠤᠯᠢ ᠶᠢ ᠬᠡᠷᠡᠭᠯᠡᠬᠦ ᠶᠢ ᠠᠬᠢᠭᠤᠯᠤᠬᠰᠠᠨ ᠪᠠᠶᠢᠨ᠎ᠠ᠃ | |