—— 2022 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠡᠵᠡᠨ᠎ᠡ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯᠳᠤᠭᠠᠨ ᠳᠡᠭᠡᠷ᠎ᠡ | ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠣᠷᠣᠯᠠᠭᠴᠢ ᠬᠤᠰᠢᠭᠤ ᠳᠠᠷᠤᠭ᠎ᠠ ᠪᠦᠬᠡ | | | ᠲᠦᠯᠦᠭᠡᠯᠡᠭᠴᠢᠳ ᠡ᠄ | ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢᠶᠠᠨ ᠲᠦᠯᠦᠭᠡᠯᠡᠵᠦ᠂ ᠶᠡᠭᠡ ᠬᠤᠷᠠᠯ ᠳᠤ | ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ᠃ ᠲᠡᠭᠦᠨᠴᠢᠯᠡᠨ ᠤᠯᠤᠰ ᠲᠥᠷᠥ ᠶᠢᠨ ᠵᠦᠪᠯᠡᠯᠭᠡᠨ ᠤ | ᠭᠡᠰᠢᠭᠦᠳ ᠪᠤᠯᠤᠨ ᠬᠤᠷᠠᠯ ᠳᠤ ᠰᠤᠯᠠ ᠣᠷᠤᠯᠴᠠᠭᠰᠠᠳ ᠴᠦ ᠰᠠᠨᠠᠯ ᠢᠶᠠᠨ ᠳᠡᠪᠰᠢᠭᠦᠯᠬᠦ ᠪᠤᠯᠪᠠᠤ᠃ | ᠨᠢᠭᠡ᠂ ᠦᠩᠭᠡᠷᠡᠭᠰᠡᠨ ᠳᠦᠷᠪᠡᠨ ᠵᠢᠯ ᠤᠨ ᠠᠵᠢᠯ ᠤᠨ ᠡᠷᠭᠢᠴᠡᠭᠦᠯᠦᠯ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯᠳᠤᠭᠠᠨ ᠠᠴᠠ ᠨᠠᠭᠠᠰᠢᠬᠢ ᠲᠥᠷᠪᠡᠨ ᠵᠢᠯ ᠪᠣᠯ ᠡᠵᠡᠨ᠎ᠡ ᠬᠤᠰᠢᠭᠤᠨ ᠤ ᠬᠦᠭᠵᠢᠯᠲᠡ ᠶᠢᠨ ᠲᠡᠤᠬᠡᠨ ᠳᠠᠬᠢ ᠶᠡᠷᠤ | ᠪᠤᠰᠤ ᠶᠢᠨ ᠮᠦᠷᠲᠡᠭᠡᠨ ᠲᠦᠢᠯ ᠤᠨ ᠬᠢᠯᠪᠠᠷ ᠪᠤᠰᠤ ᠳᠦᠷᠪᠡᠨ ᠵᠢᠯ ᠮᠦᠨ᠃ ᠬᠡᠴᠡᠭᠦᠦ ᠪᠤᠳᠤᠯᠢᠶᠠᠨᠲᠠᠢ ᠠᠵᠤ | ᠠᠬᠤᠢ ᠶᠢᠨ ᠪᠠᠶᠢᠳᠠᠯ᠂ ᠥᠭᠡᠷᠡᠴᠢᠯᠡᠯᠲᠡ ᠬᠦᠭᠵᠢᠯᠲᠡ ᠲᠣᠭᠲᠠᠭᠤᠨ ᠢ ᠪᠠᠳᠤᠯᠠᠬᠤ ᠨᠦᠰᠡᠷ ᠡᠭᠦᠷᠭᠡ ᠪᠣᠯᠣᠨ ᠰᠢᠨ᠎ᠡ | ᠲᠢᠳᠢᠮᠯᠢᠭ ᠠᠭᠤᠰᠭᠢᠨ ᠦᠷᠪᠢᠰᠦᠯ ᠤᠨ ᠬᠦᠴᠦᠲᠠᠢ ᠳᠠᠭᠠᠷᠢᠯᠲᠠ ᠶᠢᠨ ᠡᠮᠥᠨ᠎ᠡ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠲᠦᠪ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ | ᠳᠤᠤᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠪᠠᠨ ᠪᠠᠷᠢᠮᠲᠠᠯᠠᠨ᠂ ᠶᠡᠷᠦᠩᠬᠡᠢ ᠱᠦᠵᠢ ᠰᠢ ᠶᠢᠨ | ᠫᠢᠩ ᠤᠨ ᠥᠪᠦᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢ ᠤᠷᠢᠳᠠᠪᠡᠷ ᠪᠤᠳᠤᠯᠬᠢᠯᠠᠨ᠂ ᠪᠤᠬᠢᠷᠳᠤᠯ ᠦᠭᠡᠢ | ᠬᠥᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠨ ᠠᠵᠤ ᠠᠬᠤᠢ ᠨᠡᠶᠢᠭᠡᠮ ᠢ ᠬᠦᠭᠵᠢᠭᠦᠯᠬᠦ ᠶᠢ ᠨᠢᠭᠡᠳᠦᠯᠲᠡᠢ | ᠲᠦᠯᠦᠪᠵᠢᠭᠦᠯᠵᠦ᠂ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠢᠳᠪᠦᠷᠢᠲᠦ ᠴᠢᠨᠠᠷᠲᠠᠢ | ᠢᠯᠠᠯᠲᠠ ᠶᠢ ᠣᠯᠣᠨ᠂ ᠠᠵᠤ ᠠᠬᠤᠢ ᠨᠡᠶᠢᠭᠡᠮ ᠤᠨ ᠬᠦᠭᠵᠢᠯᠲᠡ ᠦᠷ᠎ᠡ ᠠᠰᠢᠭ ᠢᠶᠠᠷ ᠢᠯᠡᠷᠬᠡᠢ ᠪᠤᠯᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠠᠮᠵᠢᠯᠲᠠ ᠲᠠᠢ ᠪᠡᠶᠡᠯᠡᠭᠦᠯᠦᠨ᠂ ︽ᠠᠷᠪᠠᠨ ᠳᠦᠷᠪᠡᠳᠦᠭᠡᠷ | ᠲᠠᠪᠤᠨ ᠵᠢᠯ︾ ᠤᠨ ᠲᠦᠯᠦᠪᠵᠢᠭᠦᠯᠭᠡ ᠶᠢ ᠤᠷᠤᠭᠰᠢᠲᠠᠢ ᠡᠬᠢᠯᠡᠭᠦᠯᠵᠡᠢ᠃ ᠬᠢᠵᠢᠭ ᠤᠨ ᠨᠦᠯᠦᠭᠡ ᠪᠠᠷ 2021 | ᠣᠨ ᠳᠤ᠂ ᠵᠢᠱᠢᠯᠲᠡ ᠪᠠᠷ ᠪᠥᠬᠦ ᠬᠤᠰᠢᠭᠤᠨ ᠤ ᠣᠷᠣᠨ ᠨᠣᠲᠤᠭ ᠤᠨ ᠦᠢᠯᠡᠳᠪᠤᠷᠢᠯᠡᠯ ᠤᠨ ᠶᠡᠷᠦᠩᠬᠡᠢ ᠥᠷᠲᠡᠭ | 37.35 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2% ᠪᠠᠷ ᠪᠠᠭᠤᠷᠠᠪᠠ︔ | ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2.95 ᠳ᠋ᠦᠩᠰᠢᠭᠤᠷ ᠲᠥᠬᠦᠷᠢᠭ ᠢ ᠪᠡᠶᠡᠯᠡᠬᠦᠯᠵᠤ᠂ | ᠳᠠᠬᠢᠨ ᠲᠣᠬᠢᠷᠠᠭᠤᠯᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠪᠡ︔ ᠲᠣᠭᠳᠠᠮᠠᠯ ᠬᠦᠷᠦᠩᠭᠡ ᠶᠢᠨ ᠪᠡᠯᠡ | ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 22% ᠪᠠᠷ ᠪᠠᠭᠤᠷᠠᠪᠠ︔ ᠨᠡᠶᠢᠬᠡᠮ ᠤᠨ ᠬᠡᠷᠡᠭᠯᠡᠭᠡᠨ ᠤ | ᠪᠤᠳᠠᠰ ᠤᠨ ᠬᠡᠰᠡᠭᠯᠡᠨ ᠪᠣᠷᠣᠯᠠᠭᠤᠯᠤᠯᠲᠠ ᠶᠢᠨ ᠶᠡᠷᠦᠩᠬᠡᠢ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 1% ᠪᠠᠷ | ᠨᠡᠮᠡᠭᠳᠡᠪᠡ︔ ᠬᠤᠲᠠ ᠪᠠᠯᠭᠠᠰᠤ ᠪᠤᠯᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠣᠯᠭ᠎ᠠ ᠶᠢ ᠲᠤᠰᠪᠦᠷᠢ 46257 ᠲᠥᠬᠦᠷᠢᠭ ᠪᠤᠯᠤᠨ | 27982 ᠲᠥᠭᠦᠷᠢᠭ ᠪᠡᠶᠡᠯᠡᠭᠦᠯᠦᠨ᠂ 2017 ᠣᠨ ᠤ 1.2 ᠳᠠᠬᠢᠨ ᠪᠠ 1.33 ᠳᠠᠬᠢᠨ ᠪᠠᠶᠢᠵᠤ᠂ ᠵᠢᠯ ᠪᠦᠷᠢ | 4.7% ᠪᠤᠯᠤᠨ 7.4% ᠪᠠᠷ ᠨᠡᠮᠡᠭᠳᠡᠭᠰᠡᠨ ᠪᠠᠶᠢᠨ᠎ᠠ᠃ | ᠳᠦᠷᠪᠡᠨ ᠵᠢᠯ ᠤᠨ ᠲᠤᠷᠰᠢ᠂ ᠪᠢᠳᠠ ᠵᠤᠭᠰᠤᠯᠲᠠ ᠦᠭᠡᠢ ᠪᠠᠷ ᠵᠠᠰᠠᠯᠲᠠ ᠶᠢ ᠴᠢᠩᠭᠠᠳᠬᠠᠨ᠂ ᠣᠷᠴᠢᠨ | ᠲᠤᠭᠤᠷᠢᠨ ᠢ ᠰᠢᠯᠢᠳᠡᠭᠵᠢᠭᠦᠯᠵᠦ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠢᠯᠡᠷᠬᠡᠢ ᠦᠷ᠎ᠡ | ᠠᠰᠢᠭ ᠢ ᠣᠯᠪᠠ᠃ | ᠠᠮᠢ ᠠᠬᠤᠢ ᠶᠢᠨ ᠬᠠᠮᠠᠭᠠᠯᠠᠯᠲᠠ ᠶᠢᠨ ᠬᠠᠤᠯᠢᠵᠢᠯ ᠲᠤᠮᠤ ᠦᠷ᠎ᠡ ᠪᠦᠲᠦᠮᠵᠢ ᠣᠯᠵᠤ᠂ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠵᠡᠨ᠎ᠡ ᠶᠢᠨ ᠲᠤᠤᠷᠠᠢ ᠶᠢᠨ ᠤᠢ ᠶᠢᠨ ᠬᠠᠮᠠᠭᠠᠯᠠᠯᠲᠠ ᠶᠢᠨ | ᠳᠦᠷᠢᠮ︾ ᠢ ᠨᠡᠶᠢᠲᠡᠯᠡᠨ ᠬᠡᠷᠡᠭᠵᠢᠭᠦᠯᠪᠡ᠃ ᠠᠮᠢ ᠠᠬᠤᠢ ᠶᠢᠨ ᠴᠢᠳᠠᠮᠵᠢᠲᠤ ᠣᠷᠤᠨ ᠤ ᠲᠦᠯᠦᠪᠵᠢᠭᠦᠯᠭᠡ ᠶᠢ | ᠴᠢᠩᠭ᠎ᠠ ᠬᠡᠷᠡᠭᠵᠢᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠤ ᠲᠤᠭᠲᠠᠴᠠ᠂ ᠠᠮᠢ ᠠᠬᠤᠢ ᠶᠢᠨ | ᠬᠠᠮᠠᠭᠠᠯᠠᠯᠲᠠ ᠶᠢᠨ ᠬᠤᠷᠢᠭ᠎ᠠ ᠱᠤᠭᠤᠮ᠂ ᠤᠯᠤᠰ ᠤᠨ ᠭᠠᠵᠠᠷ ᠰᠢᠷᠦᠢ ᠶᠢᠨ ᠤᠷᠤᠨ ᠵᠠᠢ ᠶᠢᠨ ᠬᠡᠷᠡᠭᠴᠡᠭᠡᠨ ᠤ | ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ᠂ | ᠨᠠᠭᠤᠷ ᠭᠤᠣᠯ ᠤᠨ ᠳᠠᠷᠤᠭ᠎ᠠ ᠶᠢᠨ ᠳᠦᠷᠢᠮ᠂ ᠣᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ ᠵᠡᠷᠭᠡ | ᠪᠠᠶᠢᠩᠭᠤ ᠶᠢᠨ ᠲᠤᠭᠲᠠᠯᠴᠠᠭ᠎ᠠ ᠶᠢ ᠢᠳᠡᠪᠬᠢᠲᠡᠢ ᠪᠠᠶᠢᠭᠤᠯᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ | ᠨᠦᠬᠦᠪᠦᠷᠢ ᠱᠠᠩᠨᠠᠯ ᠤᠨ ᠲᠥᠷᠦ ᠶᠢᠨ ᠪᠣᠳᠤᠯᠭ᠎ᠠ᠂ ᠤᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ | ᠨᠦᠬᠦᠪᠦᠷᠢ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠨᠦᠬᠦᠪᠦᠷᠢ ᠱᠠᠩᠨᠠᠯ ᠤᠨ ᠪᠡᠯᠡ | ᠮᠦᠩᠭᠦ ᠶᠢ 6.9 ᠳ᠋ᠦᠩᠰᠢᠭᠤᠷ ᠲᠠᠷᠬᠠᠭᠠᠪᠠ᠃ ᠨᠠᠶᠢᠲᠡ 5 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ | ︽ᠭᠤᠷᠪᠠᠨ ᠤᠮᠠᠷᠠᠲᠤ︾ ᠶᠢᠨ ᠬᠠᠯᠬᠠᠪᠴᠢ ᠣᠢ᠂ ᠲᠠᠷᠢᠶᠠᠯᠠᠬᠤ ᠶᠢ ᠵᠣᠭᠰᠣᠭᠠᠨ ᠣᠢ ᠶᠢ ᠰᠡᠷᠭᠦᠭᠡᠬᠦ᠂ ᠮᠠᠯᠵᠢᠬᠤ ᠶᠢ | ᠵᠤᠭᠰᠤᠭᠠᠨ ᠪᠡᠯᠴᠢᠭᠡᠷ ᠰᠡᠷᠭᠦᠭᠡᠬᠦ ᠵᠡᠷᠭᠡ ᠭᠤᠣᠯᠳᠠᠯᠭᠠᠲᠤ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ | ᠶᠠᠪᠤᠭᠳᠠᠭᠤᠯᠵᠤ᠂ 175 ᠲᠦᠮᠡᠨ ᠮᠤ᠋ ᠤᠢ ᠰᠢᠭᠤᠢ ᠶᠢᠨ ᠪᠠᠶᠢᠭᠤᠯᠤᠯᠲᠠ᠂ 1377 ᠲᠦᠮᠡᠨ ᠮᠤ᠋ ᠨᠤᠲᠤᠭ | ᠪᠡᠯᠴᠢᠭᠡᠷ ᠤᠨ ᠪᠠᠶᠢᠭᠤᠯᠤᠯᠲᠠ ᠶᠢ ᠪᠡᠶᠡᠯᠡᠭᠦᠯᠦᠨ᠂ ᠲᠣᠣᠷᠠᠢ ᠶᠢᠨ ᠣᠢ ᠶᠢᠨ ᠬᠠᠮᠠᠭᠠᠯᠠᠯᠲᠠ ᠶᠢᠨ ᠣᠷᠤᠨ ᠳᠤ 4.7 | ᠲᠦᠮᠡᠨ ᠮᠤ᠋ ᠭᠠᠵᠠᠷ ᠲᠠᠷᠢᠶᠠᠯᠠᠬᠤ ᠶᠢ ᠵᠤᠭᠰᠤᠭᠠᠨ᠂ ᠭᠤᠷᠪᠠᠨ ᠵᠢᠯ ᠤᠨ ᠡᠭᠦᠷᠭᠡ ᠶᠢᠨ 66.6% ᠶᠢ ᠪᠡᠶᠡᠯᠡᠭᠦᠯᠵᠦ᠂ | ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ᠂ ᠣᠢ ᠰᠢᠭᠤᠢ ᠶᠢᠨ ᠪᠦᠷᠬᠦᠴᠡ ᠶᠢ ᠲᠤᠰᠪᠦᠷᠢ 11% ᠪᠤᠯᠤᠨ | 4.3% ᠪᠣᠯᠲᠠᠯ᠎ᠠ ᠳᠡᠭᠡᠭᠰᠢᠯᠡᠭᠦᠯᠵᠡᠢ᠃ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ᠂ | ᠠᠮᠢ ᠠᠬᠤᠢ ᠳᠤ ᠬᠡᠷᠡᠭᠯᠡᠬᠦ ᠤᠰᠤᠨ ᠤ ᠵᠢᠭᠠᠯᠲᠠ ᠲᠤᠭ᠎ᠠ ᠶᠢ ᠢᠳᠡᠪᠬᠢᠲᠡᠢ ᠲᠡᠮᠡᠴᠡᠨ ᠣᠯᠵᠤ᠂ ᠬᠠᠷ᠎ᠠ ᠭᠤᠣᠯ ᠤᠨ | 34.7 ᠳ᠋ᠦᠩᠰᠢᠭᠤᠷ ᠪᠣᠰᠤᠭ᠎ᠠ ᠳᠦᠷᠪᠡᠯᠵᠢᠨ ᠤᠰᠤ ᠶᠢ ᠵᠤᠬᠢᠴᠠᠭᠤᠯᠤᠨ᠂ ᠨᠤᠭᠤᠭᠠᠨ ᠪᠦᠷᠢᠳᠦ ᠶᠢᠨ ᠲᠠᠯᠠᠪᠠᠢ | 200 ᠰᠢᠬᠠᠮ ᠺᠦᠸᠠᠳ᠋ ᠺᠢᠯᠣᠮᠧᠲᠷ ᠨᠡᠮᠡᠭᠳᠡᠵᠦ᠂ ᠬᠠᠷ᠎ᠠ ᠭᠤᠣᠯ ᠤᠨ ᠡᠵᠡᠨ᠎ᠡ ᠳᠠᠬᠢ ᠡᠯ᠎ᠡ ᠬᠡᠰᠡᠭ ᠤᠨ ᠤᠰᠤᠨ ᠤ | ᠴᠢᠨᠠᠷ ᠢ ᠭᠤᠷᠪᠠᠳᠤᠭᠠᠷ ᠲᠦᠷᠦᠯ ᠤᠨ ᠪᠠᠷᠢᠮᠵᠢᠶᠠᠨ ᠳᠤ ᠲᠤᠭᠲᠠᠪᠤᠷᠢᠵᠢᠭᠤᠯᠪᠠ᠃ ᠬᠥᠬᠡ ᠲᠡᠭᠷᠢ᠂ ᠴᠡᠩᠬᠡᠭ ᠤᠰᠤ᠂ | ᠠᠷᠢᠭᠤᠨ ᠬᠦᠷᠦᠰᠦ ᠶᠢᠨ ᠬᠠᠮᠠᠭᠠᠯᠠᠯᠲᠠ ᠶᠢ ᠡᠷᠡᠰ ᠪᠠᠷᠢᠮᠲᠠᠯᠠᠨ᠂ ᠰᠤᠪᠨᠠᠭᠤᠷ᠂ ᠭᠠᠰᠢᠭᠤᠨ ᠨᠠᠭᠤᠷ ᠢ ᠬᠠᠮᠠᠭᠠᠯᠠᠬᠤ | ᠬᠦᠴᠦᠯᠡᠴᠡ ᠪᠠᠨ ᠶᠡᠭᠡᠰᠭᠡᠵᠦ᠂ ᠬᠠᠷ᠎ᠠ ᠭᠤᠣᠯ ᠤᠨ ᠡᠵᠡᠨ᠎ᠡ ᠳᠠᠬᠢ ᠤᠰᠤᠨ ᠤ ᠡᠬᠢ ᠪᠠᠶᠠᠯᠢᠭ ᠪᠤᠯᠤᠨ ᠠᠮᠢ | ᠠᠬᠤᠢ ᠶᠢᠨ ᠬᠠᠮᠠᠭᠠᠯᠠᠯᠲᠠ ᠶᠢᠨ ᠰᠤᠳᠤᠯᠭᠠᠨ ᠤ ᠲᠦᠪ ᠢ ᠪᠠᠶᠢᠭᠤᠯᠤᠨ᠂ ᠰᠤᠪᠨᠠᠭᠤᠷ ᠤᠨ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠦᠵᠡᠰᠭᠦᠯᠡᠩ ᠤᠨ ᠣᠷᠳᠤᠨ᠂ ᠤᠰᠤᠨ ᠤ ᠴᠢᠨᠠᠷ ᠢ ᠬᠢᠨᠠᠨ ᠰᠢᠯᠭᠠᠬᠤ | ᠠᠦ᠋ᠲ᠋ᠣᠴᠢᠯᠠᠭᠰᠠᠨ ᠦᠷᠲᠡᠭᠡ ᠶᠢ ᠪᠠᠶᠢᠭᠤᠯᠪᠠ᠃ ᠭᠠᠳᠠᠭᠰᠢᠯᠠᠭᠤᠯᠤᠯᠲᠠ ᠶᠢᠨ ᠬᠢᠵᠠᠭᠠᠷᠯᠠᠯ ᠤᠨ ᠴᠢᠨᠠᠷᠲᠠᠢ ᠵᠢᠭᠠᠯᠲᠠ | ᠲᠤᠭ᠎ᠠ ᠶᠢ ᠪᠦᠬᠦ ᠲᠠᠯ᠎ᠠ ᠪᠠᠷ ᠪᠠᠷᠢᠮᠵᠢᠶᠠᠨ ᠳᠤ ᠬᠦᠷᠭᠡᠵᠦ᠂ ᠠᠮᠢ ᠠᠬᠤᠢ ᠶᠢ ᠤᠷᠢᠳᠠᠪᠡᠷ ᠪᠤᠳᠤᠯᠬᠢᠯᠠᠨ᠂ ᠪᠤᠬᠢᠷᠳᠤᠯ | ᠦᠭᠡᠢ ᠬᠥᠭᠵᠢᠭᠦᠯᠬᠦ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠪᠠ᠃ | ᠳᠦᠷᠪᠡᠨ ᠵᠢᠯ ᠤᠨ ᠲᠤᠷᠰᠢ᠂ ᠪᠢᠳᠠ ᠪᠦᠬᠦ ᠬᠦᠴᠦ ᠪᠠᠷ ᠪᠦᠲᠦᠴᠡ ᠪᠠᠨ ᠲᠤᠬᠢᠷᠠᠭᠤᠯᠤᠨ ᠬᠡᠯᠪᠡᠷᠢ ᠪᠠᠨ | ᠦᠭᠡᠷᠡᠴᠢᠯᠡᠵᠦ᠂ ᠠᠵᠤ ᠦᠢᠯᠡᠰ ᠤᠨ ᠶᠠᠰᠤ ᠴᠢᠨᠠᠷ ᠪᠤᠯᠤᠨ ᠦᠷ᠎ᠡ ᠠᠰᠢᠭ ᠢ ᠯᠠᠪᠳᠠᠭᠤᠨ ᠳᠡᠭᠡᠭᠰᠢᠯᠡᠭᠦᠯᠪᠡ᠃ | ᠭᠤᠷᠪᠠᠨ ᠠᠵᠤ ᠦᠢᠯᠡᠰ ᠤᠨ ᠪᠦᠲᠦᠴᠡ ᠶᠢ 2017 ᠤᠨ ᠤ 5.7᠄ 27.5᠄ 66.8 ᠠᠴᠠ | 7᠄ 24᠄ 69 ᠪᠤᠯᠭᠠᠨ ᠲᠤᠬᠢᠷᠠᠭᠤᠯᠵᠤ᠂ ᠵᠣᠬᠢᠴᠠᠩᠭᠤᠢ ᠬᠦᠭᠵᠢᠬᠦ ᠴᠢᠳᠠᠪᠤᠷᠢ ᠤᠯᠠᠮ ᠨᠢᠭᠡ ᠠᠯᠬᠤᠮ | ᠴᠢᠩᠭᠠᠷᠠᠪᠠ᠃ | ᠪᠤᠬᠢᠷᠳᠤᠯ ᠦᠭᠡᠢ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠢᠳᠡᠷᠡᠭᠦᠨ ᠬᠦᠭᠵᠢᠪᠡ᠃ ᠪᠥᠬᠦ | ᠬᠤᠰᠢᠭᠤᠨ ᠤ ᠲᠠᠷᠢᠮᠠᠯ ᠤᠨ ᠶᠡᠷᠦᠩᠬᠡᠢ ᠲᠠᠯᠠᠪᠠᠢ ᠶᠢ 6 ᠲᠥᠮᠡᠨ ᠮᠦ ᠳᠤ ᠲᠣᠭᠳᠠᠪᠤᠷᠢᠵᠢᠭᠤᠯᠵᠤ᠂ ᠪᠤᠬᠢᠷᠳᠤᠯ ᠦᠭᠡᠢ | ᠲᠠᠷᠢᠮᠠᠯ ᠤᠨ ᠲᠠᠯᠠᠪᠠᠢ ᠶᠢ 1.9 ᠲᠦᠮᠡᠨ ᠮᠤ᠋ ᠳᠤ ᠬᠦᠷᠭᠡᠪᠡ᠃ ᠠᠯᠠᠱᠠ ᠶᠢᠨ ᠴᠠᠭᠠᠨ ᠨᠣᠣᠯᠤᠷᠲᠤ ᠢᠮᠠᠭ᠎ᠠ᠂ ᠬᠤᠣᠰ | ᠪᠦᠬᠦᠲᠦ ᠲᠡᠮᠡᠭᠡ ᠶᠢ ᠪᠦᠲᠦᠮᠵᠢᠲᠡᠢ ᠬᠠᠮᠠᠭᠠᠯᠠᠭᠰᠠᠨ ᠪᠠ ᠬᠦᠭᠵᠢᠭᠦᠯᠵᠦ᠂ ᠰᠠᠶᠢᠨ ᠡᠭᠦᠯᠳᠡᠷ 95% ᠶᠢ ᠡᠵᠡᠯᠡᠨ᠂ | ᠮᠠᠯ ᠤᠨ ᠲᠤᠭ᠎ᠠ ᠲᠤᠯᠤᠭᠠᠢ ᠶᠢ 10 ᠲᠦᠮᠡ ᠳᠤ ᠲᠤᠭᠲᠠᠪᠤᠷᠢᠵᠢᠭᠤᠯᠵᠤ᠂ ᠲᠡᠮᠡᠭᠡᠨ ᠦᠢᠯᠡᠰ ᠨᠢ | ᠰᠥᠪᠡᠭᠴᠢᠯᠡᠯᠲᠡ ᠶᠢᠨ ᠱᠠᠲᠤᠨ ᠠᠴᠠ ᠬᠡᠪᠴᠢᠶᠡᠵᠢᠨ ᠬᠦᠭᠵᠢᠬᠦ ᠳᠤ ᠬᠠᠨᠳᠦᠪᠠ᠃ ᠰᠢᠨ᠎ᠡ ᠬᠡᠯᠪᠡᠷᠢ ᠶᠢᠨ ᠲᠠᠷᠢᠶᠠᠯᠠᠩ | ᠮᠠᠯ ᠠᠵᠤ ᠠᠬᠤᠢ ᠶᠢᠨ ᠡᠵᠡᠩᠨᠡᠭᠴᠢᠳ ᠢ ᠬᠦᠮᠦᠵᠢᠭᠦᠯᠦᠨ ᠰᠤᠷᠮᠠᠭᠠᠶᠢᠵᠢᠭᠤᠯᠵᠤ᠂ ᠮᠠᠯᠵᠢᠬᠤ ᠲᠠᠷᠢᠶᠠᠯᠠᠬᠤ ᠣᠷᠤᠨ ᠤ | ᠡᠯᠧᠺᠲᠷᠣᠨ ᠬᠤᠳᠠᠯᠳᠤᠭ᠎ᠠ ᠶᠢᠨ ᠥᠢᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠦᠨ᠂ | ︽ᠲᠣᠣᠷᠠᠶᠢᠲᠤ ᠪᠥᠰᠡᠭᠦᠢ︾ ᠰᠢᠷᠢᠰ ᠪᠦᠲᠦᠭᠡᠭᠳᠡᠭᠦᠨ᠂ ᠡᠬᠢᠨᠴᠠᠭᠠᠨ ᠤ ᠵᠢᠭᠳᠡ ᠵᠡᠷᠭᠡ ᠣᠨᠴᠠᠯᠢᠭᠲᠤ | ᠪᠥᠳᠦᠭᠡᠭᠳᠡᠭᠦᠨ ᠨᠢ ᠨᠡᠷᠡᠳᠤ ᠲᠡᠮᠳᠡᠭ ᠤᠨ ᠨᠥᠯᠥᠭᠡᠯᠡᠯ ᠢᠶᠠᠷ ᠳᠣᠪᠣᠶᠢᠮ᠎ᠠ ᠪᠤᠯᠵᠠᠢ᠃ ᠬᠢᠮᠢ ᠶᠢᠨ ᠪᠣᠷᠳᠤᠭᠤᠷ᠂ | ᠲᠠᠷᠢᠶᠠᠨ ᠡᠮ ᠤᠨ ᠬᠡᠷᠡᠭᠯᠡᠯᠲᠡ ᠶᠢ ᠪᠠᠭᠠᠰᠬᠠᠭᠰᠠᠨ ᠦᠷ᠎ᠡ ᠪᠥᠳᠦᠮᠵᠢ ᠨᠢ ᠢᠯᠡᠷᠬᠡᠢ ᠪᠣᠯᠵᠤ᠂ ᠰᠦᠩ ᠬᠠᠯᠢᠶ᠎ᠠ᠂ | ᠦᠶᠡᠷ ᠤᠨ ᠤᠰᠤ᠂ ᠭᠠᠩ ᠬᠠᠭᠰᠠᠷᠠᠭ᠎ᠠ ᠶᠢ ᠰᠡᠷᠭᠡᠶᠢᠯᠡᠬᠦ᠂ ᠠᠮᠢᠳᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ᠂ ᠣᠢ | ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠠᠵᠢᠯ ᠤᠨ ᠠᠷᠭ᠎ᠠ ᠠᠪᠴᠠᠯ ᠨᠢ ᠬᠦᠴᠦᠲᠡᠢ ᠪᠠᠶᠢᠵᠤ᠂ | ᠮᠠᠯ ᠲᠠᠷᠢᠶᠠᠯᠠᠩ ᠤᠨ ᠠᠩᠬ᠎ᠠ ᠱᠠᠲᠤᠨ ᠤ ᠪᠦᠲᠦᠭᠡᠭᠳᠡᠭᠦᠨ ᠢ ᠠᠮᠤᠷ ᠲᠥᠪᠰᠢᠨ᠂ ᠲᠤᠭᠲᠠᠪᠤᠷᠢᠲᠠᠢ ᠬᠠᠩᠭᠠᠪᠠ᠃ | ᠰᠢᠨ᠎ᠡ ᠪᠠᠷ ᠮᠠᠨᠳᠤᠭᠰᠠᠨ ᠠᠮᠢ ᠠᠬᠤᠢ ᠶᠢᠨ ᠠᠵᠤ ᠦᠢᠯᠡᠳᠪᠦᠷᠢ ᠲᠦᠷᠭᠡᠨ ᠬᠦᠭᠵᠢᠪᠡ᠃ ︽ᠬᠠᠷᠢᠶ᠎ᠠ ᠭᠠᠵᠠᠷ ᠢ | ᠰᠤᠨᠳᠠᠯᠠᠭᠰᠠᠨ ᠠᠵᠤ ᠠᠬᠤᠢ︾ ᠶᠢᠨ ᠠᠯᠠᠱᠠ ᠶᠢᠨ ᠳᠡᠭᠡᠳᠥ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠳᠠᠬᠢ | ᠡᠵᠡᠨ᠎ᠡ ᠬᠤᠰᠢᠭᠤᠨ ᠤ ᠠᠵᠣ ᠥᠢᠯᠡᠰ ᠤᠨ ᠬᠥᠷᠢᠶᠡᠯᠡᠩ ᠢ ᠴᠤᠭᠴᠠᠯᠠᠨ ᠪᠠᠶᠢᠭᠤᠯᠵᠤ᠂ ᠠᠵᠦ ᠦᠢᠯᠡᠳᠪᠦᠷᠢ ᠶᠢᠨ | ᠰᠢᠨ᠎ᠡ ᠶᠢ ᠡᠭᠦᠳᠬᠦ ᠬᠦᠭᠵᠢᠯᠲᠡ ᠶᠢ ᠬᠦᠴᠦᠲᠡᠢ ᠲᠤᠯᠭᠠᠭᠤᠷᠢᠯᠠᠪᠠ᠃ ᠴᠢᠯᠠᠭᠤᠨ ᠲᠣᠰᠤᠨ ᠤ ᠰᠢᠲᠠᠮᠠᠬᠠᠢ ᠬᠡᠢ᠂ | ᠭᠠᠵᠠᠷ ᠤᠨ ᠢᠯᠴᠢ᠂ ᠠᠭᠤᠷᠬᠠᠢ ᠶᠢᠨ ᠬᠠᠶᠢᠨ ᠰᠢᠨᠵᠢᠯᠡᠯᠲᠡ ᠶᠡᠭᠡ ᠰᠢᠪᠲᠤᠯᠤᠯᠲᠠ ᠶᠢ ᠣᠯᠵᠤ᠂ ᠬᠤᠶᠢᠲᠤ | ᠠᠭᠤᠯᠠᠨ ᠤ ᠠᠭᠤᠷᠬᠠᠢ ᠶᠢᠨ ᠪᠦᠰᠡ ᠶᠢᠨ ᠡᠬᠢ ᠪᠠᠶᠠᠯᠢᠭ ᠤᠨ ᠬᠠᠶᠢᠨ ᠨᠡᠭᠡᠭᠡᠯᠲᠡ ᠨᠢ ᠦᠪᠡᠷᠲᠡᠭᠡᠨ ᠵᠠᠰᠠᠬᠤ | ᠣᠷᠣᠨ ᠤ ᠭᠤᠣᠯᠳᠠᠯᠭᠠᠲᠤ ᠭᠠᠵᠠᠷ ᠰᠢᠨᠵᠢᠯᠡᠭᠡᠨ ᠤ ᠬᠡᠪᠴᠢᠶᠡᠨ ᠳᠤ ᠵᠢᠭᠰᠠᠭᠠᠭᠳᠠᠪᠠ᠃ ᠰᠢᠨ᠎ᠡ ᠡᠨᠧᠷᠭᠢ ᠶᠢᠨ ᠠᠵᠤ | ᠦᠢᠯᠡᠰ ᠤᠨ ᠬᠡᠪᠴᠢᠶᠡᠵᠢᠯᠲᠡ ᠲᠠᠰᠤᠷᠠᠯᠲᠠ ᠦᠭᠡᠢ ᠪᠤᠵᠠᠭᠠᠶᠢᠷᠠᠨ᠂ ᠦᠷᠭᠦᠯᠵᠢᠯᠡᠬᠦᠶᠢᠴᠡ ᠬᠦᠭᠵᠢᠯᠲᠡ ᠶᠢᠨ | ᠴᠢᠳᠠᠪᠤᠷᠢ ᠮᠡᠳᠡᠭᠳᠡᠮ᠎ᠡ ᠨᠡᠮᠡᠭᠳᠡᠵᠡᠢ᠃ ᠡᠬᠢ ᠪᠠᠶᠠᠯᠢᠭ ᠢ ᠲᠥᠪᠯᠡᠷᠡᠭᠦᠯᠦᠭᠰᠡᠨ ᠨᠡᠭᠡᠭᠡᠨ ᠠᠰᠢᠭᠯᠠᠯᠲᠠ ᠪᠠ ᠣᠷᠴᠢᠨ | ᠲᠤᠭᠤᠷᠢᠨ ᠢ ᠬᠠᠮᠠᠭᠠᠯᠠᠬᠤ ᠤᠷ᠎ᠠ ᠮᠡᠷᠭᠡᠵᠢᠯ ᠤᠨ ᠲᠡᠭᠡᠭᠰᠢᠯᠡᠯᠲᠡ ᠶᠢ ᠠᠬᠢᠭᠤᠯᠵᠤ᠂ ᠵᠣᠣ ᠶᠢᠨ ᠶᠤᠸᠠᠨ ᠲᠦᠩ | ᠠᠭᠤᠷᠬᠠᠢ ᠨᠢ ᠤᠯᠤᠰ ᠤᠨ ᠪᠤᠬᠢᠷᠳᠤᠯ ᠦᠭᠡᠢ ᠠᠭᠤᠷᠬᠠᠢ ᠶᠢᠨ ᠨᠡᠷᠡᠰ ᠲᠤ ᠵᠢᠭᠰᠠᠭᠠᠭᠳᠠᠪᠠ᠃ ᠳᠤᠮᠳᠠ ᠪᠠᠭ᠎ᠠ ᠠᠵᠤ | ᠠᠬᠤᠶᠢᠯᠠᠯ ᠢ ᠲᠡᠳᠬᠦᠬᠦ ᠬᠦᠴᠦᠯᠡᠴᠡ ᠪᠠᠨ ᠶᠡᠬᠡᠰᠬᠡᠨ᠂ ᠠᠵᠤ ᠠᠬᠤᠶᠢᠯᠠᠯ ᠨᠥᠭᠡᠴᠡ ᠬᠦᠴᠦᠨ ᠢᠶᠠᠨ ᠠᠭᠤᠳᠠᠯᠤᠨ | ᠵᠠᠰᠠᠵᠤ ᠦᠭᠡᠷᠡᠴᠢᠯᠡᠬᠦ᠂ ᠴᠢᠳᠠᠮᠵᠢ ᠪᠠᠨ ᠶᠡᠭᠡᠰᠭᠡᠨ ᠳᠡᠰ ᠳᠡᠪᠰᠢᠬᠦ ᠶᠢ ᠲᠤᠰᠠᠯᠠᠨ ᠳᠡᠮᠵᠢᠪᠡ᠃ ᠪᠦᠬᠦᠶᠢᠯᠡ ᠴᠠᠷ᠎ᠠ | ᠬᠦᠷᠢᠶᠠᠨ ᠤ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠦᠳᠲᠡᠷ ᠬᠦᠭᠵᠢᠪᠡ᠃ ᠪᠦᠬᠦᠶᠢᠯᠡ ᠴᠠᠷ᠎ᠠ ᠬᠦᠷᠢᠶᠠᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ | ᠦᠵᠡᠮᠵᠢ ᠶᠢᠨ ᠤᠷᠤᠨ ᠤ ᠰᠠᠭᠤᠷᠢ ᠲᠦᠬᠦᠭᠡᠷᠦᠮᠵᠢ ᠪᠤᠯᠤᠨ ᠦᠢᠯᠡᠴᠢᠯᠡᠭᠡᠨ ᠤ ᠰᠢᠰᠲ᠋ᠧᠮ ᠢ ᠳᠡᠰ ᠳᠡᠪᠰᠢᠭᠦᠯᠵᠦ᠂ | ᠲᠣᠣᠷᠠᠢ ᠶᠢᠨ ᠣᠢ ᠶᠢᠨ ᠵᠢᠭᠤᠯᠴᠢᠯᠠᠯ ᠤᠨ ᠣᠷᠤᠨ ᠨᠢ ᠪᠦᠬᠦ ᠠᠶᠢᠮᠠᠭ ᠤᠨ ᠴᠤᠷ ᠤᠨ ᠭᠠᠭᠴᠠ 5A ᠳᠡᠰ ᠤᠨ | ᠵᠢᠭᠤᠯᠴᠢᠯᠠᠯ ᠤᠨ ᠣᠷᠣᠨ ᠪᠣᠯᠪᠠ᠃ ᠰᠤᠳᠤᠯᠤᠨ ᠰᠤᠷᠤᠯᠴᠠᠬᠤ ᠵᠢᠭᠤᠯᠴᠢᠯᠠᠯ᠂ ᠠᠷᠠᠳ ᠤᠨ ᠵᠠᠩ ᠦᠢᠯᠡ ᠶᠢ | ᠪᠡᠶᠡᠴᠢᠯᠡᠨ ᠣᠶᠢᠯᠠᠭᠠᠬᠤ ᠵᠡᠷᠭᠡ ᠵᠢᠭᠤᠯᠴᠢᠯᠠᠯ ᠤᠨ ᠡᠯᠧᠮᠧᠨ᠋ᠲ ᠪᠦᠬᠦᠢ ᠪᠦᠲᠦᠭᠡᠭᠳᠡᠭᠦᠨ ᠢ ᠶᠡᠬᠡᠪᠡᠷ ᠬᠦᠭᠵᠢᠭᠦᠯᠦᠨ᠂ | ᠪᠠᠷᠠᠭᠤᠨ ᠬᠤᠶᠢᠲᠣ ᠶᠢᠨ ᠵᠢᠭᠤᠯᠴᠢᠯᠠᠯ ᠤᠨ ᠲᠤᠭᠤᠷᠢᠯ ᠱᠤᠭᠤᠮ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ | ᠴᠣᠣᠷᠢᠶ᠎ᠠ APP᠂ ᠪᠤᠰᠢᠭᠤ ᠭᠠᠷ APP ᠵᠡᠷᠭᠡ ᠪᠠᠷ ᠤᠬᠠᠭᠤᠯᠤᠨ ᠳᠡᠯᠭᠡᠷᠡᠭᠦᠯᠬᠦ ᠠᠷᠭ᠎ᠠ ᠮᠠᠶ᠋ᠢᠭ ᠢ ᠲᠠᠰᠤᠷᠠᠯᠲᠠ | ᠦᠭᠡᠢ ᠪᠠᠶᠠᠯᠢᠭᠵᠢᠭᠤᠯᠤᠨ᠂ ︽ᠭᠠᠶᠢᠬᠠᠮᠰᠢᠭᠲᠤ ᠰᠠᠶᠢᠬᠠᠨ ᠡᠵᠡᠨ᠎ᠡ︾ ᠵᠢᠭᠤᠯᠴᠢᠯᠠᠯ ᠤᠨ ᠨᠡᠷᠡᠲᠦ ᠲᠡᠮᠳᠡᠭ ᠤᠨ | ︽ᠨᠦᠯᠦᠭᠡᠯᠡᠯ︾ ᠨᠢ ᠠᠭᠠᠵᠢᠮ ᠢᠶᠠᠷ ᠵᠢᠭᠤᠯᠴᠢᠯᠠᠯ ᠤᠨ ᠠᠵᠤ ᠠᠬᠤᠢ ᠶᠢᠨ ︽ᠨᠡᠮᠡᠭᠳᠡᠯ︾ ᠪᠤᠯᠤᠨ ᠬᠤᠪᠢᠷᠠᠪᠠ᠃ | ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠰᠠᠶᠢᠨ ᠪᠠᠶᠢᠵᠤ᠂ ᠵᠢᠭᠤᠯᠴᠢᠯᠠᠯ ᠤᠨ ᠲᠤᠰᠬᠠᠢ ᠬᠤᠷᠰᠢᠶᠠᠵᠢᠯ | 7᠂ ᠣᠳᠣᠨ ᠳᠡᠰ ᠤᠨ ᠮᠠᠯᠵᠢᠬᠤ ᠲᠠᠷᠢᠶᠠᠯᠠᠬᠤ ᠠᠶᠢᠯ ᠤᠨ ᠵᠢᠭᠤᠯᠴᠢᠯᠠᠯ ᠤᠨ ᠭᠠᠵᠠᠷ 15 ᠶᠢ ᠪᠤᠶᠢᠵᠢᠭᠤᠯᠤᠨ | ᠬᠦᠭᠵᠢᠭᠦᠯᠵᠦ᠂ ᠵᠢᠷᠭᠠᠯᠠᠩᠲᠤ ᠭᠠᠴᠠᠭ᠎ᠠ 2021 ᠣᠨ ᠤ ᠳᠤᠮᠳᠠᠳᠤ ᠤᠯᠤᠰ ᠤᠨ ᠦᠵᠡᠰᠭᠦᠯᠡᠩᠲᠦ ᠰᠡᠯᠡᠭᠦᠴᠡᠯ ᠤᠨ | ᠬᠥᠳᠡᠭᠡ ᠲᠣᠰᠬᠤᠨ ᠢᠶᠠᠷ ᠰᠣᠩᠭᠤᠭᠳᠠᠨ᠂ ᠮᠠᠯᠴᠢᠳ ᠲᠠᠷᠢᠶᠠᠴᠢᠳ 1567 ᠲᠦᠮᠡᠨ ᠲᠦᠭᠦᠷᠢᠭ ᠤᠨ | ᠵᠢᠭᠤᠯᠴᠢᠯᠠᠯ ᠤᠨ ᠣᠷᠤᠯᠭ᠎ᠠ ᠬᠤᠪᠢᠶᠠᠨ ᠣᠯᠵᠡᠢ᠃ ᠡᠵᠡᠨ᠎ᠡ ᠬᠤᠰᠢᠭᠤ ᠨᠢ ᠦᠪᠡᠷᠲᠡᠭᠡᠨ ᠵᠠᠰᠠᠬᠤ ᠣᠷᠣᠨ ᠤ | ᠳᠡᠰ ᠤᠨ ᠪᠦᠬᠦᠶᠢᠯᠡ ᠴᠠᠷ᠎ᠠ ᠬᠦᠷᠢᠶᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠᠲᠠᠢ ᠪᠦᠲᠦᠭᠡᠨ | ᠪᠠᠶᠢᠭᠤᠯᠵᠤ᠂ ︽ᠬᠠᠮᠤᠭ ᠭᠤᠶᠤ ᠳᠤᠮᠳᠠᠳᠤ ᠤᠯᠤᠰ ᠤᠨ ᠵᠢᠭᠤᠯᠴᠢᠯᠠᠯ ᠤᠨ ᠬᠤᠲᠠ︾ ᠪᠠᠷ ᠴᠤᠯᠠᠯᠠᠭᠳᠠᠨ᠂ | ᠵᠢᠭᠤᠯᠴᠢᠯᠠᠯ ᠤᠨ ᠦᠢᠯᠡᠰ ᠤᠨ ᠳᠠᠭᠠᠭᠤᠯᠭ᠎ᠠ ᠪᠠᠷ ᠢᠳᠡᠭᠡᠨ ᠤᠮᠳᠠᠭᠠᠨ᠂ ᠬᠤᠨᠤᠭ ᠰᠠᠭᠤᠴᠠ᠂ ᠠᠷᠠᠯᠵᠢᠶ᠎ᠠ | ᠬᠤᠳᠠᠯᠳᠤᠭ᠎ᠠ᠂ ᠵᠠᠮ ᠬᠠᠷᠢᠯᠴᠠᠭ᠎ᠠ᠂ ᠪᠠᠷᠠᠭ᠎ᠠ ᠭᠦᠢᠯᠭᠡᠭᠡ ᠵᠡᠷᠭᠡ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ | ᠲᠦᠷᠭᠡᠨ ᠬᠦᠭᠵᠢᠵᠦ᠂ ᠡᠯᠧᠺᠲᠷᠣᠨ ᠬᠤᠳᠠᠯᠳᠤᠭ᠎ᠠ ᠶᠢ ᠬᠦᠳᠡᠭᠡ ᠲᠣᠰᠬᠤᠨ ᠳᠤ ᠣᠷᠤᠭᠤᠯᠤᠭᠰᠠᠨ ᠪᠦᠬᠦ | ᠤᠯᠤᠰ ᠤᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠢᠶᠠᠷ ᠰᠣᠩᠭᠤᠭᠳᠠᠭᠰᠠᠨ ᠪᠠᠶᠢᠨ᠎ᠠ᠃ | ᠳᠦᠷᠪᠡᠨ ᠵᠢᠯ ᠤᠨ ᠲᠤᠷᠰᠢ᠂ ᠪᠢᠳᠠ ᠢᠮᠠᠭᠲᠠ ᠴᠢᠳᠠᠪᠬᠢ ᠪᠠᠨ ᠴᠢᠩᠭᠠᠳᠬᠠᠨ ᠴᠢᠨᠠᠷ ᠢᠶᠠᠨ | ᠰᠠᠶᠢᠵᠢᠷᠠᠭᠤᠯᠵᠤ᠂ ᠬᠤᠲᠠ ᠬᠦᠳᠡᠭᠡ ᠶᠢ ᠡᠳᠦᠷ ᠢᠷᠡᠬᠦᠶ᠎ᠡ ᠬᠦᠭᠵᠢᠭᠦᠯᠪᠡ᠃ | ᠰᠠᠭᠤᠷᠢ ᠲᠦᠬᠦᠭᠡᠷᠦᠮᠵᠢ ᠶᠢ ᠪᠦᠬᠦ ᠲᠠᠯ᠎ᠠ ᠪᠠᠷ ᠳᠡᠰ ᠳᠡᠪᠰᠢᠭᠦᠯᠪᠡ᠃ 3.3 ᠳ᠋ᠦᠩᠰᠢᠭᠤᠷ ᠲᠦᠭᠦᠷᠢᠭ ᠤᠨ | ᠪᠡᠯᠡ ᠣᠷᠣᠭᠤᠯᠤᠨ᠂ 135 ᠺᠢᠯᠣᠮᠧᠲᠷ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ᠂ 132.8 | ᠺᠢᠯᠣᠮᠧᠲᠷ ᠮᠠᠯᠵᠢᠬᠤ ᠲᠠᠷᠢᠶᠠᠯᠠᠬᠤ ᠣᠷᠤᠨ ᠤ ᠵᠠᠰᠠᠮᠠᠯ ᠵᠠᠮ ᠢ ᠳᠡᠪᠢᠰᠴᠡᠢ᠃ G331 ᠱᠤᠭᠤᠮ ᠤᠨ ᠨᠣᠭᠤᠭᠠᠨ | ᠳᠡᠯᠭᠡᠷ ᠠᠴᠠ ᠵᠠᠮ ᠤᠨ ᠬᠤᠳᠳᠤᠭ ᠬᠦᠷᠬᠦ ᠵᠠᠰᠠᠮᠠᠯ ᠵᠠᠮ ᠤᠨ ᠭᠤᠣᠯ ᠱᠤᠭᠤᠮ ᠢ ᠨᠡᠪᠲᠡᠷᠡᠭᠦᠯᠦᠨ᠂ G213 | ᠱᠤᠭᠤᠮ ᠤᠨ ᠳᠠᠯᠠᠶᠢᠬᠦ᠋ᠪ ᠠᠴᠠ ᠳ᠋ᠦᠩ ᠹᠧᠩ ᠰᠠᠨᠰᠠᠷ ᠤᠨ ᠬᠤᠲᠠ ᠬᠦᠷᠬᠦ ᠵᠠᠰᠠᠮᠠᠯ ᠵᠠᠮ ᠢ ᠲᠦᠷᠭᠡᠳᠬᠡᠨ | ᠪᠠᠶᠢᠭᠤᠯᠵᠤ᠂ ᠳ᠋ᠦᠩ ᠹᠧᠩ ᠰᠠᠨᠰᠠᠷ ᠤᠨ ᠬᠤᠲᠠ ᠠᠴᠠ ᠠᠷᠪᠠᠨ ᠳᠦᠷᠪᠡᠳᠦᠭᠡᠷ ᠴᠡᠷᠢᠭ ᠤᠨ ᠰᠠᠭᠤᠷᠢᠨ ᠬᠦᠷᠬᠦ | ᠵᠠᠰᠠᠮᠠᠯ ᠵᠠᠮ ᠢ ᠳᠡᠪᠢᠰᠬᠦ ᠪᠠᠷ ᠪᠡᠯᠡᠳᠭᠡᠨ᠂ ︽ᠲᠥᠷᠪᠡ ᠰᠠᠶᠢᠨ ᠬᠦᠳᠡᠭᠡ ᠲᠣᠰᠬᠤᠨ ᠤ ᠵᠠᠮ︾ ᠤᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠠᠬᠢᠭᠤᠯᠪᠠ᠃ ᠡᠵᠡᠨ᠎ᠡ ᠠᠴᠠ ᠵᠢᠤᠴᠢᠤᠸᠠᠨ ᠬᠦᠷᠬᠦ ᠲᠡᠮᠦᠷ ᠵᠠᠮ ᠤᠨ ᠡᠵᠡᠨ᠎ᠡ ᠠᠴᠠ | ᠳ᠋ᠦᠩ ᠹᠧᠩ ᠰᠠᠨᠰᠠᠷ ᠤᠨ ᠬᠤᠲᠠ ᠶᠢᠨ ᠡᠮᠦᠨ᠎ᠡ ᠦᠷᠲᠡᠭᠡ ᠬᠦᠷᠲᠡᠯᠡᠬᠢ ᠬᠡᠰᠡᠭ ᠢ ᠤᠯᠤᠰ ᠤᠨ ︽ᠠᠷᠪᠠᠨ | ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠳᠤ ᠣᠷᠣᠭᠤᠯᠵᠤ᠂ ᠡᠮᠦᠨᠡᠬᠢ ᠬᠤᠭᠤᠴᠠᠭᠠᠨ ᠤ ᠠᠵᠢᠯ ᠢ ᠨᠢ | ᠡᠬᠢᠯᠡᠭᠦᠯᠦᠨ᠂ ᠡᠵᠡᠨ᠎ᠡ ᠨᠢᠰᠭᠡᠯ ᠤᠨ ᠪᠠᠭᠤᠳᠠᠯ ᠤᠨ ᠠᠶᠠᠯᠠᠯ ᠤᠨ ᠲᠤᠰᠠᠯᠠᠮᠵᠢ ᠳ᠋ᠧᠩ ᠤᠨ ᠢᠨᠵᠧᠨᠧᠷᠢᠩ ᠢ ᠰᠢᠯᠭᠠᠨ | ᠳᠠᠭᠤᠰᠬᠠᠵᠤ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠪᠦᠲᠦᠴᠡ ᠶᠢ ᠦᠨᠳᠦᠰᠦᠨ ᠳᠡᠭᠡᠨ ᠪᠦᠷᠢᠯᠳᠦᠭᠦᠯᠦᠨ᠂ | ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠳᠤ ᠬᠦᠴᠦᠷᠭᠡᠭ ᠳᠤᠯᠭᠠᠭᠤᠷᠢ ᠶᠢ ᠬᠠᠩᠭᠠᠪᠠ᠃ 9200 ᠲᠦᠮᠡᠨ | ᠲᠦᠭᠦᠷᠢᠭ ᠤᠨ ᠪᠡᠯᠡ ᠣᠷᠤᠭᠤᠯᠤᠨ᠂ ᠭᠤᠣᠯ ᠤᠨ ᠵᠠᠰᠠᠯᠲᠠ᠂ ᠣᠨᠴᠠ ᠶᠢᠨ ᠭᠤᠣᠯ ᠤᠨ ᠤᠰᠤᠨ ᠬᠠᠰᠢᠯᠭ᠎ᠠ ᠶᠢ | ᠪᠠᠬᠢᠵᠢᠭᠦᠯᠬᠦ᠂ ᠪᠠᠭ᠎ᠠ ᠬᠡᠯᠪᠡᠷᠢ ᠶᠢᠨ ᠤᠰᠤᠨ ᠬᠠᠰᠢᠯᠭ᠎ᠠ ᠶᠢ ᠵᠠᠰᠠᠵᠤ ᠰᠢᠨᠡᠴᠢᠯᠡᠬᠦ ᠵᠡᠷᠭᠡ ᠢᠨᠵᠧᠨᠧᠷᠢᠩ ᠢ | ᠶᠠᠪᠤᠭᠳᠠᠭᠤᠯᠤᠨ᠂ ᠮᠠᠯᠵᠢᠬᠤ ᠲᠠᠷᠢᠶᠠᠯᠠᠬᠤ ᠣᠷᠤᠨ ᠤ ᠤᠤᠭᠤᠬᠤ ᠤᠰᠤᠨ ᠤ ᠠᠮᠤᠷ ᠲᠥᠪᠰᠢᠨ ᠢ ᠪᠠᠲᠤᠳᠬᠠᠨ | ᠳᠡᠭᠡᠭᠰᠢᠯᠡᠭᠦᠯᠵᠦ᠂ 1281 ᠡᠷᠦᠬᠡ ᠶᠢᠨ 3215 ᠮᠠᠯᠴᠢᠨ ᠲᠠᠷᠢᠶᠠᠴᠢᠨ ᠳᠤ ᠠᠰᠢᠭ ᠬᠦᠷᠲᠡᠭᠡᠪᠡ᠃ 1.4 | ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠴᠠᠬᠢᠯᠭᠠᠨ ᠲᠣᠣᠷ ᠢ ᠦᠭᠡᠷᠡᠴᠢᠯᠡᠵᠦ᠂ ᠡᠯ᠎ᠡ ᠰᠤᠮᠤ | ᠪᠠᠯᠭᠠᠰᠤᠨ ᠤ ᠲᠥᠪ ᠪᠤᠯᠤᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠳᠤ ᠴᠦᠮ ᠴᠠᠬᠢᠯᠭᠠᠨ ᠨᠡᠪᠲᠡᠷᠡᠭᠦᠯᠪᠡ᠃ | ᠰᠦᠯᠵᠢᠶᠡᠨ ᠤ ᠬᠤᠷᠳᠤᠴᠠ ᠶᠢ ᠨᠡᠮᠡᠭᠳᠡᠬᠦᠯᠦᠨ ᠰᠦᠢᠳᠭᠡᠯ ᠢ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ | ᠬᠡᠷᠡᠭᠵᠢᠭᠦᠯᠦᠨ᠂ 115 ᠰᠠᠤᠷᠢ ᠬᠤᠯᠪᠣᠭᠠᠨ ᠤ ᠰᠠᠭᠤᠷᠢ ᠥᠷᠳᠡᠭᠡ ᠶᠢ ᠰᠢᠨ᠎ᠡ ᠪᠠᠷ ᠪᠠᠶᠢᠭᠤᠯᠵᠤ ᠳᠡᠰ | ᠳᠡᠪᠰᠢᠭᠦᠯᠦᠨ᠂ 487.6 ᠺᠢᠯᠤᠮᠧᠲᠷ ᠤᠨ ᠭᠡᠷᠡᠯ ᠲᠠᠳᠠᠯᠭ᠎ᠠ ᠶᠢᠨ ᠤᠳᠠᠰᠤ ᠶᠢ ᠵᠠᠯᠭᠠᠵᠤ᠂ ᠬᠤᠯᠪᠤᠭ᠎ᠠ | ᠨᠡᠪᠲᠡᠷᠡᠯᠴᠡᠭᠡᠨ ᠤ ᠬᠡᠪᠴᠢᠶ᠎ᠡ ᠵᠢᠯ ᠳᠤᠲᠤᠮ ᠶᠠᠬᠡᠰᠦᠨ᠂ ᠴᠢᠮᠡᠭᠡ ᠬᠤᠯᠪᠤᠭᠠᠨ ᠤ ᠴᠢᠨᠠᠷ ᠴᠢᠨᠰᠠᠭ᠎ᠠ ᠮᠡᠳᠡᠭᠳᠡᠮ᠎ᠡ | ᠰᠠᠶᠢᠵᠢᠷᠠᠵᠠᠢ᠃ | ᠬᠤᠲᠠ ᠬᠦᠳᠡᠭᠡᠨ ᠤ ᠳᠦᠷᠢ ᠳᠦᠷᠬᠦ ᠴᠣ ᠰᠢᠨ᠎ᠡ ᠪᠤᠯᠪᠠ᠃ 21.2 ᠳ᠋ᠦᠩᠰᠢᠭᠤᠷ ᠲᠦᠭᠦᠷᠢᠭ ᠤᠨ ᠪᠡᠯᠡ | ᠣᠷᠤᠭᠤᠯᠤᠨ᠂ 4 ᠺᠢᠯᠣᠮᠧᠲᠷ ᠬᠤᠲᠠ ᠶᠢᠨ ᠵᠠᠮ ᠪᠠ 9 ᠲᠡᠷᠭᠡᠨ ᠵᠤᠭᠰᠤᠭᠠᠯ ᠢ ᠰᠢᠨ᠎ᠡ ᠪᠠᠷ ᠵᠠᠰᠠᠵᠤ᠂ 4 ᠠᠮᠢ | ᠠᠬᠤᠢ ᠶᠢᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠠ ᠵᠠᠰᠠᠨ ᠴᠡᠭᠴᠡᠯᠡᠵᠦ᠂ 8 ᠪᠢᠴᠢᠯ ᠴᠡᠴᠡᠷᠯᠢᠭ ᠢ | ᠪᠠᠶᠢᠭᠤᠯᠤᠨ᠂ ᠴᠡᠴᠡᠷᠯᠢᠭ ᠤᠨ ᠨᠤᠭᠤᠭᠠᠷᠠᠭᠤᠯᠤᠭᠰᠠᠨ ᠲᠠᠯᠠᠪᠠᠢ ᠬᠦᠮᠦᠨ ᠪᠦᠷᠢ ᠳᠤ 68 ᠺᠦᠸᠠᠳ᠋ ᠮᠧᠲᠷ | ᠨᠤᠭᠳᠠᠵᠤ᠂ ᠬᠤᠲᠠ ᠶᠢᠨ ᠶᠠᠰᠤ ᠴᠢᠨᠠᠷ ᠲᠠᠰᠤᠷᠠᠯᠲᠠ ᠦᠭᠡᠢ ᠳᠡᠭᠡᠭᠰᠢᠯᠡᠪᠡ᠃ 3.9 ᠳ᠋ᠦᠩᠰᠢᠭᠤᠷ ᠲᠦᠭᠦᠷᠢᠭ ᠤᠨ | ᠪᠡᠯᠡ ᠤᠷᠤᠭᠤᠯᠤᠨ᠂ ᠳᠦᠭᠦᠮ ᠪᠦᠲᠦᠴᠡᠲᠦ ᠣᠷᠤᠨ ᠰᠠᠭᠤᠴᠠ ᠶᠢ ᠨᠤᠷᠠᠭᠠᠵᠤ ᠨᠡᠭᠦᠯᠭᠡᠨ᠂ ᠬᠠᠭᠤᠴᠢᠨ ᠰᠠᠭᠤᠭᠠᠯᠢ | ᠠᠷᠠᠳ ᠤᠨ ᠲᠤᠭᠤᠷᠢᠭ ᠢ ᠰᠢᠨᠡᠳᠭᠡᠨ ᠵᠠᠰᠠᠵᠤ᠂ ᠥᠯᠡᠭᠦᠳᠡᠯ ᠭᠡᠷ ᠪᠠᠶᠢᠰᠢᠩ ᠭᠠᠵᠠᠷ ᠬᠦᠷᠦᠩᠭᠡ ᠶᠢᠨ 18.8 | ᠲᠦᠮᠡᠨ ᠺᠦᠸᠠᠳ᠋ ᠮᠧᠲᠷ ᠢ ᠬᠡᠷᠡᠭᠯᠡᠵᠦ᠂ 2883 ᠡᠷᠦᠬᠡ ᠳᠤ ᠠᠰᠢᠭ ᠬᠦᠷᠲᠡᠭᠡᠵᠦ᠂ ᠭᠡᠷ ᠪᠠᠶᠢᠰᠢᠩ ᠭᠠᠵᠠᠷ | ᠬᠦᠷᠦᠩᠭᠡ ᠶᠢᠨ ᠲᠡᠦᠬᠡᠨ ᠦᠯᠡᠳᠡᠭᠳᠡᠯ ᠠᠰᠠᠭᠤᠳᠠᠯ ᠢ ᠵᠦᠢ ᠵᠣᠬᠢᠰᠲᠠᠢ ᠰᠢᠢᠳᠪᠦᠷᠢᠯᠡᠪᠡ᠃ ︽ᠵᠡᠭᠡᠯᠢ ᠶᠢᠨ | ᠳᠠᠷᠤᠭ᠎ᠠ︾ ᠶᠢᠨ ᠠᠵᠢᠯ ᠢ ᠭᠦᠨᠵᠡᠭᠡᠢ ᠶᠠᠪᠤᠭᠳᠠᠭᠤᠯᠵᠤ᠂ ᠣᠶᠤᠨᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ | ᠵᠢᠯᠤᠭᠤᠳᠬᠤ ᠲᠦᠪ ᠢ ᠪᠠᠶᠢᠭᠤᠯᠤᠨ᠂ ᠨᠡᠶᠢᠲᠡ ᠶᠢᠨ ᠵᠣᠷᠯᠤᠩ 14 ᠶᠢ ᠳᠡᠰ ᠳᠡᠪᠰᠢᠭᠦᠯᠦᠨ ᠵᠠᠰᠠᠨ | ᠦᠭᠡᠷᠡᠴᠢᠯᠡᠵᠦ᠂ ᠮᠠᠰᠢᠨ ᠲᠡᠷᠭᠡ ᠵᠤᠭᠰᠤᠭᠠᠬᠤ ᠪᠠᠶᠢᠷᠢ 8000 ᠭᠠᠷᠤᠢ ᠶᠢ ᠵᠢᠷᠤᠨ ᠲᠤᠭᠲᠠᠭᠠᠵᠤ᠂ ᠪᠦᠬᠦ | ᠣᠷᠤᠨ ᠤ ᠣᠷᠤᠨ ᠰᠠᠭᠤᠴᠠ ᠪᠠ ᠬᠤᠲᠠ ᠬᠦᠳᠡᠭᠡᠨ ᠤ ᠪᠦᠲᠦᠭᠡᠨ ᠪᠠᠶᠢᠭᠤᠯᠤᠯᠲᠠ ᠶᠢᠨ ᠬᠦᠷᠢᠶᠠᠨ ᠳᠠᠬᠢ | ᠰᠢᠶᠠᠨ ᠢᠶᠠᠷ ᠭᠤᠤᠯ ᠪᠤᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ | ᠲᠥᠯᠬᠢᠨ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠢ ᠲᠡᠭᠦᠰ ᠠᠮᠵᠢᠯᠲᠠᠲᠠᠢ ᠡᠷᠬᠢᠯᠡᠨ ᠶᠠᠪᠤᠭᠳᠠᠭᠤᠯᠵᠤ᠂ | ︽ᠲᠠᠪᠤᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠣᠷᠤᠨ ᠤ ᠪᠤᠯᠪᠠᠰᠤᠨ ᠬᠤᠲᠠ︾ ᠪᠠᠷ ᠴᠣᠯᠠᠯᠠᠭᠳᠠᠨ᠂ | ᠳᠣᠯᠤᠳᠤᠭᠠᠷ ᠬᠤᠭᠤᠴᠠᠭᠠᠨ ᠤ ᠪᠦᠬᠦ ᠤᠯᠤᠰ ᠤᠨ ᠪᠣᠯᠪᠠᠰᠤᠨ ᠬᠤᠲᠠ ᠪᠠᠷ ᠨᠡᠷ᠎ᠡ ᠳᠤᠷᠠᠳᠤᠭᠳᠠᠪᠠ᠃ ᠮᠠᠯᠵᠢᠬᠤ | ᠲᠠᠷᠢᠶᠠᠯᠠᠬᠤ ᠣᠷᠤᠨ ᠤ 680 ᠡᠷᠦᠬᠡ ᠶᠢᠨ ᠵᠣᠷᠯᠤᠩ ᠢ ᠵᠠᠰᠠᠵᠤ ᠦᠭᠡᠷᠡᠴᠢᠯᠡᠨ᠂ ᠭᠠᠴᠠᠭᠠᠨ ᠳᠤ ᠰᠢᠨ᠎ᠡ ᠪᠠᠷ 83 | ᠲᠦᠮᠡᠨ ᠺᠦᠸᠠᠳ᠋ ᠮᠧᠲᠷ ᠨᠣᠭᠤᠭᠠᠷᠠᠭᠤᠯᠤᠯᠲᠠ ᠬᠢᠵᠦ᠂ ᠲᠦᠷᠭᠡᠨ ᠠᠭᠤᠷᠰᠢᠭᠤᠯᠵᠤ ᠬᠦᠳᠡᠷᠵᠢᠭᠦᠯᠬᠦ ᠵᠤᠤᠬ᠎ᠠ ᠶᠢ | ᠰᠢᠨ᠎ᠡ ᠪᠠᠷ 5 ᠪᠠᠶᠢᠭᠤᠯᠤᠨ᠂ ᠬᠤᠭ ᠨᠣᠪᠰᠢ᠂ ᠰᠦᠯᠢᠶᠥᠦ ᠪᠦᠷᠬᠦᠪᠴᠢ ᠬᠤᠷᠢᠶᠠᠬᠤ ᠦᠷᠲᠡᠭᠡ ᠶᠢ 26 | ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠤᠨ ᠤ ᠰᠠᠭᠤᠷᠢᠰᠢᠬᠤ ᠣᠷᠴᠢᠨ ᠢ ᠴᠡᠭᠴᠡᠯᠡᠬᠦ ᠭᠤᠷᠪᠠᠨ ᠵᠢᠯ ᠤᠨ | ᠠᠵᠢᠯᠯᠠᠭ᠎ᠠ ᠶᠢ ᠠᠮᠵᠢᠯᠲᠠᠲᠠᠢ ᠲᠡᠭᠦᠰᠭᠡᠨ᠂ ᠦᠨᠳᠦᠰᠦᠨ ᠱᠠᠳᠤᠨ ᠤ ᠬᠦᠭᠵᠢᠯᠲᠡ ᠳᠠᠬᠢ ᠳᠤᠲᠠᠭᠤᠳᠠᠯ ᠢ | ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ ᠴᠢᠬᠤᠯᠠ ᠶᠡᠭᠡ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ | ᠳᠦᠷᠪᠡᠨ ᠵᠢᠯ ᠤᠨ ᠲᠤᠷᠰᠢ᠂ ᠪᠢᠳᠠ ᠦᠭᠡᠷᠡᠴᠢᠯᠡᠯᠲᠡ ᠶᠢ ᠠᠳᠬᠤᠨ ᠨᠡᠭᠡᠭᠡᠯᠲᠡ ᠶᠢ ᠠᠬᠢᠭᠤᠯᠵᠤ᠂ | ᠬᠦᠭᠵᠢᠯᠲᠡ ᠶᠢᠨ ᠬᠦᠳᠡᠯᠭᠡᠬᠦ ᠬᠦᠴᠦ ᠶᠢ ᠲᠦᠷᠭᠡᠳᠬᠡᠨ ᠪᠠᠳᠠᠷᠠᠭᠠᠪᠠ᠃ | ᠭᠤᠣᠯᠳᠠᠯᠭᠠᠲᠤ ᠴᠠᠷ᠎ᠠ ᠬᠦᠷᠢᠶᠠᠨ ᠤ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠰᠢᠨ᠎ᠡ | ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ᠂ ᠡᠮ ᠡᠮᠨᠡᠯᠭᠡ ᠡᠷᠡᠭᠦᠯ ᠬᠠᠮᠠᠭᠠᠯᠠᠯᠤᠨ ᠪᠠᠶᠢᠭᠤᠯᠤᠯ ᠤᠨ | ᠦᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠤᠨ ᠤ ᠨᠡᠶᠢᠲᠡ ᠶᠢᠨ ᠦᠮᠴᠢᠯᠡᠬᠦ ᠡᠷᠬᠡ ᠶᠢᠨ ᠳᠦᠷᠢᠮ ᠤᠨ | ᠦᠭᠡᠷᠡᠴᠢᠯᠡᠯᠲᠡ ᠪᠤᠯᠤᠨ ᠭᠠᠵᠠᠷ ᠰᠢᠷᠤᠢ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠡᠷᠬᠡ ᠶᠢ ᠲᠤᠭᠲᠠᠭᠠᠬᠤ | ᠠᠵᠢᠯ ᠢ ᠤᠷᠤᠭᠰᠢᠲᠠᠢ ᠪᠡᠶᠡᠯᠡᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ᠂ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠯ ᠤᠨ ᠦᠭᠡᠷᠡᠴᠢᠯᠡᠯᠲᠡ | ᠪᠤᠯᠤᠨ ᠠᠷᠠᠯᠵᠢᠶᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠪᠡᠷᠲᠡᠭᠡᠨ ᠵᠠᠰᠠᠬᠤ | ᠣᠷᠤᠨ ᠤ ᠨᠢᠭᠡ ᠴᠣᠭᠴᠠᠵᠢᠭᠰᠠᠨ ᠵᠠᠰᠠᠭ ᠤᠨ ᠦᠢᠯᠡᠴᠢᠯᠡᠭᠡᠨ ᠤ ᠳᠠᠪᠴᠠᠩ ᠢ ᠠᠵᠢᠯᠯᠠᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠡᠷᠡᠭ ᠲᠦᠷᠦᠯ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢ ᠪᠡᠶᠡᠯᠡᠭᠦᠯᠪᠡ᠃ | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠶᠢᠭᠤᠯᠤᠯᠲᠠ ᠶᠢ ᠲᠦᠷᠭᠡᠳᠬᠡᠨ᠂ | ︽ᠮᠦᠩᠬᠡ ᠰᠤᠪᠠᠭ · ᠳᠥᠷᠪᠡ ᠶᠢ ᠭᠦᠢᠴᠡᠳᠬᠡᠬᠦ︾ ᠠᠵᠢᠯ ᠤᠨ ᠦᠷ᠎ᠡ ᠪᠦᠲᠦᠮᠵᠢ ᠢᠯᠡᠷᠬᠡᠢ ᠪᠠᠶᠢᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 1674 ᠬᠡᠷᠡᠭ ᠲᠦᠷᠦᠯ ᠢ ᠰᠦᠯᠵᠢᠶ᠎ᠡ ᠪᠤᠯᠤᠨ ᠭᠠᠷ ᠤᠲᠠᠰᠤᠨ | ᠳᠡᠭᠡᠷ᠎ᠡ ᠭᠦᠢᠴᠡᠳᠭᠡᠵᠦ᠂ ᠵᠠᠰᠠᠭ ᠤᠨ ᠣᠷᠳᠤᠨ ᠦᠢᠯᠡᠴᠢᠯᠡᠭᠡ ᠬᠤᠳᠠᠯᠳᠤᠨ ᠠᠪᠬᠤ᠂ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠪᠦᠬᠦ | ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠪᠡ᠃ ᠡᠯᠧᠺᠲᠷᠣᠨ ᠦᠨᠡᠮᠯᠡᠯ ᠵᠡᠷᠭᠡ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢᠨ ᠡᠬᠢ ᠰᠤᠷᠪᠤᠯᠵᠢ ᠶᠢ ᠪᠦᠬᠦ ᠲᠠᠯ᠎ᠠ ᠪᠠᠷ ᠨᠢᠭᠡᠳᠬᠡᠵᠦ᠂ ᠰᠠᠯᠠᠭ᠎ᠠ ᠮᠦᠴᠢᠷ ᠤᠨ ᠲᠤᠭ᠎ᠠ ᠪᠠᠷᠢᠮᠲᠠ ᠶᠢᠨ | ᠲᠤᠰᠠᠭᠠᠷᠯᠠᠯ ᠢ ᠦᠭᠡᠶᠢᠰᠭᠡᠨ᠂ ︽ᠭᠡᠷᠡᠴᠢ ᠪᠠ ᠦᠨᠡᠮᠯᠡᠯ ᠢ ᠰᠠᠯᠭᠠᠬᠤ︾᠂ ︽12345︾ ᠠᠷᠠᠳ ᠲᠤ ᠳᠦᠭᠦᠮ | ᠦᠵᠡᠭᠦᠯᠬᠦ ᠤᠲᠠᠰᠤ ᠲᠤᠬᠢᠷᠠᠭᠤᠯᠬᠤ ᠵᠡᠷᠭᠡ ᠦᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠦᠭᠡᠷᠡᠴᠢᠯᠡᠯᠲᠡ ᠶᠢᠨ | ᠥᠷ᠎ᠡ ᠠᠰᠢᠭ ᠢ ᠭᠦᠢᠴᠡᠳ ᠬᠦᠷᠲᠡᠭᠡᠪᠡ᠃ 4.3 ᠳ᠋ᠦᠩᠰᠢᠭᠤᠷ ᠲᠦᠭᠦᠷᠢᠭ ᠤᠨ ᠭᠠᠶᠢᠯᠢ ᠬᠦᠩᠭᠡᠯᠡᠵᠦ ᠰᠦᠢᠳᠬᠡᠯ | ᠪᠠᠭᠤᠷᠠᠭᠤᠯᠤᠨ᠂ ᠬᠤᠪᠢ ᠶᠢᠨ ᠠᠵᠤ ᠠᠬᠤᠶᠢᠯᠠᠯ ᠳᠤ ᠦᠷᠢᠳᠦᠭᠰᠡᠨ 3.9 ᠳ᠋ᠦᠩᠰᠢᠭᠤᠷ ᠲᠦᠭᠦᠷᠢᠭ ᠢ ᠲᠦᠯᠦᠵᠤ | ᠳᠠᠭᠤᠰᠬᠠᠪᠠ᠃ | ᠨᠡᠭᠡᠭᠡᠯᠲᠡ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ︽ᠨᠢᠭᠡ ᠪᠦᠰᠡ ᠨᠢᠭᠡ ᠵᠠᠮ︾ | ᠪᠤᠯᠤᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠨᠠᠪᠲᠡᠷᠡᠯᠴᠡᠭᠡᠨ ᠤ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠠᠭᠤᠰᠤᠯᠴᠠᠨ᠂ ᠦᠪᠡᠷᠲᠡᠭᠡᠨ ᠵᠠᠰᠠᠬᠤ ᠣᠷᠤᠨ ᠤ ᠳᠡᠰ ᠤᠨ ᠭᠤᠣᠯᠳᠠᠯᠭᠠᠲᠤ ᠨᠡᠭᠡᠭᠡᠯᠲᠡ ᠬᠢᠵᠦ | ᠴᠢᠯᠦᠭᠡᠲᠡᠢ ᠶᠠᠪᠤᠯᠴᠠᠬᠤ ᠲᠤᠷᠰᠢᠯᠲᠠ ᠶᠢᠨ ᠣᠷᠤᠨ ᠤ ᠪᠦᠲᠦᠭᠡᠨ ᠪᠠᠶᠢᠭᠤᠯᠤᠯᠲᠠ ᠪᠤᠯᠤᠨ ᠴᠡᠭᠡ ᠪᠠᠯᠭᠠᠰᠤ ᠶᠢ | ᠪᠠᠶᠢᠭᠤᠯᠬᠤ ᠪᠡᠯᠡᠳᠬᠡᠯ ᠠᠵᠢᠯ ᠢ ᠡᠮᠬᠢ ᠴᠡᠭᠴᠡᠲᠡᠢ ᠶᠠᠪᠤᠭᠳᠠᠭᠤᠯᠪᠠ᠃ 10 ᠳ᠋ᠦᠩᠰᠢᠭᠤᠷ ᠲᠦᠭᠦᠷᠢᠭ ᠤᠨ ᠪᠡᠯᠡ | ᠣᠷᠤᠭᠤᠯᠤᠨ᠂ ᠨᠡᠭᠦᠷᠡᠰᠦᠨ ᠵᠥᠭᠡᠭᠡᠪᠤᠷᠢ ᠶᠢᠨ ᠵᠠᠮ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠯᠬᠠᠪᠴᠢ | ᠬᠦᠮᠦᠷᠭᠡ᠂ ᠮᠢᠬᠠᠨ ᠤ ᠲᠥᠷᠦᠯ ᠢ ᠭᠠᠳᠠᠭᠠᠳᠤ ᠠᠴᠠ ᠣᠷᠤᠭᠤᠯᠬᠤ ᠲᠤᠭᠲᠠᠮᠠᠯ ᠪᠣᠭᠤᠮᠲᠠ ᠵᠡᠷᠭᠡ ᠰᠠᠭᠤᠷᠢ | ᠲᠦᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠷᠭᠡᠨ ᠬᠡᠪᠴᠢᠶᠠᠨ ᠤ ᠬᠢᠯᠢ ᠶᠢᠨ ᠪᠤᠭᠤᠮᠲᠠ ᠶᠢᠨ ᠠᠵᠤ | ᠠᠬᠤᠢ ᠶᠢᠨ ᠬᠦᠭᠵᠢᠯᠲᠡ ᠶᠢ ᠲᠠᠰᠤᠷᠠᠯᠲᠠ ᠦᠭᠡᠢ ᠲᠦᠷᠭᠡᠳᠬᠡᠪᠡ᠃ ᠳᠤᠮᠳᠠᠳᠤ ᠮᠣᠩᠭᠤᠯ ᠤᠨ ᠣᠯᠠᠨ ᠤᠯᠤᠰ ᠤᠨ | ᠲᠠᠸᠠᠷ ᠤᠨ ᠦᠵᠡᠭᠦᠯᠦᠯᠭᠡ ᠶᠢᠨ ᠶᠠᠷᠢᠯᠴᠠᠭᠠᠨ ᠤ ᠬᠤᠷᠠᠯ ᠨᠢ ︽ᠤᠯᠤᠰ ᠤᠨ ᠨᠡᠷᠡᠮᠵᠢᠲᠦ︾ ᠳᠤᠮᠳᠠᠳᠤ ᠤᠯᠤᠰ | ︵ᠡᠵᠡᠨ᠎ᠡ︶ ᠤᠨ ᠪᠤᠭᠤᠮᠲᠠ ᠶᠢᠨ ᠣᠯᠠᠨ ᠤᠯᠤᠰ ᠤᠨ ᠲᠠᠸᠠᠷ ᠤᠨ ᠦᠵᠡᠰᠭᠦᠯᠡᠩ ᠢᠶᠠᠷ ᠳᠡᠰ ᠳᠡᠪᠰᠢᠭᠳᠡᠪᠡ᠃ | ᠳᠦᠷᠪᠡᠨ ᠵᠢᠯ ᠤᠨ ᠲᠤᠷᠰᠢ᠂ ᠣᠷᠣᠭᠤᠯᠵᠣ ᠭᠠᠷᠭᠠᠭᠰᠠᠨ ᠪᠠᠷᠠᠭ᠎ᠠ ᠨᠡᠶᠢᠲᠡ 4134.2 ᠲᠦᠮᠡᠨ ᠲᠤᠨ ᠳᠤ | ᠬᠦᠷᠴᠦ᠂ ᠠᠷᠠᠯᠵᠢᠶᠠᠯᠠᠭᠰᠠᠨ ᠶᠡᠷᠦᠩᠬᠡᠢ ᠦᠷᠲᠡᠭ 21.7 ᠳ᠋ᠦᠩᠰᠢᠭᠤᠷ ᠳ᠋ᠣᠯᠯᠠᠷ ᠬᠦᠷᠪᠡ᠃ | ᠳᠦᠷᠪᠡᠨ ᠵᠢᠯ ᠤᠨ ᠲᠤᠷᠰᠢ᠂ ᠪᠢᠳᠠ ᠪᠦᠬᠦ ᠰᠡᠳᠬᠢᠯ ᠢᠶᠠᠷ ᠠᠷᠠᠳ ᠲᠤ ᠠᠰᠢᠭ ᠬᠦᠷᠲᠡᠭᠡᠨ ᠠᠮᠢᠳᠤᠷᠠᠯ ᠢ ᠨᠢ | ᠰᠠᠶᠢᠵᠢᠷᠠᠭᠤᠯᠵᠤ᠂ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠳᠡᠪᠰᠢᠭᠦᠯᠪᠡ᠃ | ᠬᠢᠵᠠᠭᠠᠷᠲᠠᠢ ᠡᠳ᠋ ᠤᠨ ᠬᠦᠴᠦᠨ ᠢᠶᠠᠷ ᠠᠷᠠᠳ ᠤᠨ ᠠᠮᠢᠳᠤᠷᠠᠯ ᠢ ᠡᠩ ᠲᠡᠷᠢᠭᠦᠨ ᠳᠤ ᠪᠠᠲᠤᠯᠠᠨ᠂ ᠪᠦᠬᠦ | ᠬᠤᠰᠢᠭᠤᠨ ᠤ ᠠᠷᠠᠳ ᠤᠨ ᠠᠮᠢᠳᠤᠷᠠᠯ ᠤᠨ ᠴᠠᠷ᠎ᠠ ᠬᠦᠷᠢᠶᠠᠨ ᠳᠤ ᠵᠠᠷᠤᠴᠠᠭᠤᠯᠤᠭᠰᠠᠨ 37.7 ᠳ᠋ᠦᠩᠰᠢᠭᠤᠷ | ᠲᠦᠭᠦᠷᠢᠭ ᠨᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 66.9% ᠶᠢ ᠡᠵᠡᠯᠡᠪᠡ᠃ | 1 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠠᠷᠠᠳ ᠲᠤ ᠪᠡᠶᠡᠯᠡᠭᠦᠯᠬᠦ ᠪᠠᠷ ᠠᠮᠠᠯᠠᠭᠰᠠᠨ 34 | ᠪᠤᠳᠠᠳᠤ ᠶᠠᠪᠤᠳᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠡᠢ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ | ᠰᠢᠪᠲᠤᠯᠬᠤ ᠠᠵᠢᠯ ᠪᠦᠬᠦ ᠲᠠᠯ᠎ᠠ ᠪᠠᠷ ᠠᠮᠵᠢᠯᠲᠠ ᠣᠯᠪᠠ᠃ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ | ᠪᠠᠲᠤᠯᠠᠬᠤ︾ ᠳᠤ ᠴᠢᠭᠯᠡᠭᠦᠯᠦᠨ᠂ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠪᠡᠯᠡ ᠮᠦᠩᠭᠦ 4510 ᠲᠦᠮᠡᠨ | ᠲᠦᠭᠦᠷᠢᠭ ᠵᠠᠷᠤᠴᠠᠭᠤᠯᠵᠤ᠂ 37 ᠲᠦᠷᠦᠯ ᠵᠦᠢᠯ ᠢ ᠬᠡᠷᠡᠭᠵᠢᠭᠦᠯᠦᠨ᠂ 265 ᠡᠷᠦᠬᠡ ᠶᠢᠨ 654 ᠬᠦᠮᠦᠨ ᠠᠵᠤ | ᠦᠢᠯᠡᠰ ᠤᠨ ᠬᠦᠭᠵᠢᠯᠲᠡ ᠪᠠᠷ ᠳᠠᠮᠵᠢᠨ ᠣᠷᠤᠯᠭ᠎ᠠ ᠪᠠᠨ ᠲᠤᠭᠲᠠᠪᠤᠷᠢᠲᠠᠢ ᠨᠡᠮᠡᠭᠳᠡᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠲᠠ ᠰᠢᠪᠲᠤᠯᠬᠤ ᠡᠭᠦᠷᠭᠡ ᠶᠢ ᠴᠢᠨᠠᠷᠯᠢᠭ ᠪᠡᠶᠡᠯᠡᠭᠦᠯᠪᠡ᠃ ︽ᠳᠦᠷᠪᠡ ᠶᠢ ᠲᠠᠶᠠᠭᠳᠠᠬᠤ | ᠦᠭᠡᠢ︾ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ | ᠪᠤᠯᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠤᠨ᠂ ᠭᠠᠴᠠᠭ᠎ᠠ | ᠪᠤᠯᠭᠠᠨ ᠤ ᠨᠡᠶᠢᠲᠡ ᠶᠢᠨ ᠠᠵᠤ ᠠᠬᠤᠢ ᠶᠢᠨ ᠣᠷᠤᠯᠭ᠎ᠠ 10 ᠲᠦᠮᠡᠨ ᠲᠦᠭᠦᠷᠢᠭ ᠶᠢ ᠳᠠᠪᠠᠪᠠ᠃ ᠠᠷᠠᠳ ᠤᠨ | ᠠᠮᠢᠳᠤᠷᠠᠯ ᠤᠨ ᠪᠠᠲᠤᠯᠠᠭᠠᠨ ᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠠᠵᠢᠯ ᠣᠯᠭᠤᠯᠲᠠ ᠶᠢ ᠪᠦᠬᠦ | ᠬᠦᠴᠦᠨ ᠢᠶᠠᠷ ᠲᠤᠭᠲᠠᠪᠤᠷᠢᠵᠢᠭᠤᠯᠬᠤ ᠪᠠ ᠠᠬᠢᠭᠤᠯᠤᠨ᠂ ᠦᠢᠯᠡᠰ ᠪᠦᠲᠦᠭᠡᠬᠦ ᠪᠠᠲᠤᠯᠠᠭᠠᠲᠤ ᠵᠢᠭᠡᠯᠡᠯᠭᠡ ᠶᠢ 8137 | ᠲᠦᠮᠡᠨ ᠲᠦᠭᠦᠷᠢᠭ ᠲᠠᠷᠬᠠᠭᠠᠵᠤ᠂ ᠰᠢᠨ᠎ᠡ ᠪᠠᠷ 1647 ᠬᠦᠮᠦᠨ ᠳᠤ ᠠᠵᠢᠯ ᠣᠯᠭᠤᠨ᠂ ᠬᠤᠲᠠ ᠪᠠᠯᠭᠠᠰᠤᠨ ᠤ | ᠪᠦᠷᠢᠳᠬᠡᠭᠰᠡᠨ ᠠᠵᠢᠯ ᠠᠯᠳᠠᠯᠲᠠ ᠶᠢᠨ ᠨᠤᠷᠮ᠎ᠠ ᠶᠢ 3% ᠳᠣᠲᠤᠷ᠎ᠠ ᠬᠢᠵᠠᠭᠠᠷᠯᠠᠪᠠ᠃ ᠠᠵᠤ ᠠᠬᠤᠶᠢᠯᠠᠯ ᠤᠨ | ᠠᠵᠢᠯ ᠠᠴᠠ ᠠᠮᠠᠷᠠᠭᠰᠠᠳ ᠤᠨ ᠨᠠᠰᠤᠵᠢᠯ ᠤᠨ ᠮᠦᠩᠭᠦ ᠶᠢ ︽ᠠᠷᠪᠠᠨ ᠳᠤᠯᠤᠭ᠎ᠠ ᠤᠳᠠᠭ᠎ᠠ ᠳᠠᠷᠠᠭᠠᠯᠠᠨ | ᠥᠰᠭᠡᠵᠦ︾᠂ ᠬᠤᠲᠠ ᠪᠠᠯᠭᠠᠰᠤᠨ ᠤ ᠠᠵᠢᠯᠲᠠᠳ ᠤᠨ ᠨᠠᠰᠤᠵᠢᠯ ᠤᠨ ᠳᠠᠭᠠᠳᠬᠠᠯ᠂ ᠬᠤᠲᠠ ᠬᠦᠳᠡᠭᠡᠨ ᠤ | ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠬᠢᠷᠢ ᠲᠦᠪᠰᠢᠨ ᠪᠦᠬᠦ ᠣᠷᠤᠨ ᠤ ᠡᠮᠦᠨᠡᠭᠦᠷ ᠪᠠᠶᠢᠷᠢᠯᠠᠪᠠ᠃ | ᠦᠨᠳᠦᠰᠦᠨ ᠡᠮ ᠡᠮᠨᠡᠯᠭᠡ ᠶᠢᠨ ᠲᠠᠭᠠᠳᠬᠠᠯ ᠢ ᠪᠠᠲᠤᠯᠠᠭ᠎ᠠ ᠤᠯᠭᠤᠬᠤ ᠶᠤᠰᠤᠲᠠᠢ ᠪᠤᠯᠭᠠᠨ ᠳᠤ ᠨᠢ ᠣᠯᠭᠤᠵᠤ᠂ | ᠣᠨᠳᠣᠣ ᠭᠠᠵᠠᠷ ᠡᠮᠴᠢᠯᠡᠭᠦᠯᠬᠦ ᠪᠠ ᠡᠮᠨᠡᠯᠭᠡ ᠳᠤ ᠰᠠᠭᠤᠬᠤ ᠰᠦᠢᠳᠭᠡᠯ ᠢ ᠰᠢᠭᠤᠳ ᠲᠤᠭᠠᠴᠠᠨ ᠪᠣᠳᠤᠵᠤ ᠴᠢᠳᠠᠬᠤ | ᠪᠣᠯᠭᠠᠪᠠ᠃ ᠣᠷᠣᠨ ᠰᠠᠭᠤᠴᠠ ᠶᠢᠨ ᠪᠠᠲᠤᠯᠠᠭᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | 1454 ᠡᠷᠦᠬᠡ ᠳᠤ ᠠᠰᠢᠭ ᠬᠥᠷᠲᠡᠭᠡᠪᠡ᠃ ᠬᠤᠲᠠ ᠪᠠᠯᠭᠠᠰᠤᠨ ᠤ ᠳᠣᠣᠷ᠎ᠠ ᠪᠠᠲᠤᠯᠠᠭ᠎ᠠ᠂ ᠣᠨᠴᠠ | ᠬᠦᠴᠢᠷᠳᠡᠯᠲᠡᠢ ᠶᠢ ᠠᠰᠠᠷᠠᠨ ᠳᠡᠳᠬᠦᠬᠦ᠂ ᠲᠦᠷ ᠴᠠᠭ ᠤᠨ ᠠᠪᠤᠷᠠᠨ ᠲᠤᠰᠠᠯᠠᠯᠲᠠ᠂ ᠬᠢᠯᠢ ᠰᠠᠬᠢᠭᠰᠠᠨ ᠠᠷᠠᠳ ᠤᠨ | ᠨᠦᠬᠦᠪᠦᠷᠢ ᠵᠡᠷᠭᠡ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠨᠦᠬᠦᠪᠦᠷᠢ 2000 ᠲᠦᠮᠡᠨ ᠲᠦᠭᠦᠷᠢᠭ ᠲᠠᠷᠬᠠᠭᠠᠪᠠ᠃ ᠰᠤᠷᠭᠠᠨ | ᠬᠦᠮᠦᠵᠢᠯ ᠤᠨ ᠦᠢᠯᠡᠰ ᠲᠡᠩᠴᠡᠭᠦᠷᠢᠲᠡᠢ ᠡᠷᠡᠭᠦᠯ ᠢᠶᠠᠷ ᠬᠦᠭᠵᠢᠪᠡ᠃ 1.2 ᠳ᠋ᠦᠩᠰᠢᠭᠤᠷ ᠲᠦᠭᠦᠷᠢᠭ ᠤᠨ ᠪᠡᠯᠡ | ᠣᠷᠤᠭᠤᠯᠤᠨ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠵᠠᠰᠠᠨ ᠰᠢᠨᠡᠴᠢᠯᠡᠯᠲᠡ ᠪᠠ ᠦᠵᠡᠰᠭᠦᠯᠡᠩᠲᠦ | ᠲᠠᠶᠢᠪᠤᠩ ᠰᠤᠷᠭᠠᠭᠤᠯᠢ ᠶᠢᠨ ᠬᠦᠷᠢᠶᠠᠨ ᠤ ᠪᠠᠶᠢᠭᠤᠯᠤᠯᠲᠠ ᠶᠢ ᠪᠡᠶᠡᠯᠡᠭᠦᠯᠵᠦ᠂ ᠮᠤᠩᠭᠤᠯ ᠰᠤᠷᠭᠠᠭᠤᠯᠢ ᠶᠢᠨ | ᠤᠷᠠᠯᠢᠭ ᠤᠨ ᠶᠡᠷᠦᠩᠬᠡᠶᠢᠯᠡᠭᠰᠡᠨ ᠠᠰᠠᠷ᠂ ᠬᠤᠰᠢᠭᠤᠨ ᠤ ᠬᠢᠲᠠᠳ ᠪᠠᠭ᠎ᠠ ᠰᠤᠷᠭᠠᠭᠤᠯᠢ ᠶᠢᠨ ᠵᠢᠭᠠᠨ | ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ᠂ ᠬᠤᠰᠢᠭᠤᠨ ᠤ ᠬᠦᠯ ᠪᠦᠮᠪᠦᠭᠡᠨ ᠤᠷᠳᠤᠨ᠂ ᠣᠯᠠᠨ ᠨᠡᠶᠢᠲᠡ ᠶᠢᠨ | ᠪᠡᠶ᠎ᠡ ᠲᠠᠮᠢᠷ ᠤᠨ ᠲᠠᠯᠠᠪᠠᠢ᠂ ᠪᠦᠬᠦ ᠠᠷᠠᠳ ᠢᠶᠠᠷ ᠪᠡᠶ᠎ᠡ ᠴᠢᠬᠢᠷᠠᠭᠵᠢᠭᠤᠯᠬᠤ ᠲᠦᠪ ᠢ ᠪᠠᠶᠢᠭᠤᠯᠤᠨ ᠬᠡᠷᠡᠭᠯᠡᠯᠲᠡ ᠳᠤ | ᠣᠷᠤᠭᠤᠯᠵᠤ᠂ ᠬᠤᠶᠠᠳᠤᠭᠠᠷ ᠬᠢᠲᠠᠳ ᠴᠡᠴᠡᠷᠯᠢᠭ ᠤᠨ ᠭᠤᠣᠯ ᠴᠤᠭᠴᠠ ᠶᠢ ᠪᠠᠶᠢᠭᠤᠯᠵᠤ ᠳᠠᠭᠤᠰᠬᠠᠪᠠ᠃ ᠭᠤᠷᠪᠠᠨ | ᠬᠢᠴᠢᠶᠠᠯ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠬᠦᠴᠦ ᠪᠠᠷ | ᠲᠦᠭᠡᠮᠡᠯᠵᠢᠭᠦᠯᠦᠨ᠂ ᠡᠯ᠎ᠡ ᠲᠦᠷᠦᠯ ᠤᠨ ᠰᠤᠷᠭᠠᠨ ᠬᠦᠮᠦᠵᠢᠯ ᠢ ᠲᠡᠩᠴᠡᠭᠦᠷᠢᠲᠡᠢ ᠵᠣᠬᠢᠴᠠᠩᠭᠤᠢ ᠬᠦᠭᠵᠢᠭᠦᠯᠪᠡ᠃ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ 114 ᠪᠠᠭᠰᠢ ᠤᠷᠢᠨ ᠡᠯᠰᠡᠵᠦ᠂ | ᠰᠤᠷᠭᠠᠨ ᠬᠦᠮᠦᠵᠢᠯ ᠤᠨ ᠴᠢᠨᠠᠷ ᠰᠠᠶᠢᠲᠠᠢ ᠬᠦᠭᠵᠢᠯᠲᠡ ᠳᠤ ᠴᠢᠳᠠᠪᠤᠷᠢᠲᠠᠨ ᠤ ᠲᠤᠯᠭᠠᠭᠤᠷᠢᠯᠠᠬᠤ ᠦᠢᠯᠡᠳᠦᠯ ᠢ | ᠪᠠᠳᠠᠷᠠᠭᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠯᠠᠪᠳᠠᠭᠤᠨ ᠳᠡᠭᠡᠭᠰᠢᠯᠡᠪᠡ᠃ 1.3 | ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠪᠦᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ | ᠭᠡᠷ ᠢ 3᠂ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠶᠢᠨ ᠲᠤᠷᠰᠢᠯᠲᠠ ᠶᠢᠨ ᠭᠠᠵᠠᠷ ᠢ 1 ᠪᠠᠶᠢᠭᠤᠯᠵᠤ᠂ ᠴᠦᠮ᠎ᠡ ᠶᠢᠨ | ᠰᠣᠷᠢᠨᠵᠢᠨ ᠳᠡᠷᠪᠢᠯᠲᠡ ᠲᠠᠢ ᠲᠦᠷᠭᠡᠨ ᠠᠪᠤᠷᠠᠯᠲᠠ ᠶᠢᠨ ᠮᠠᠰᠢᠨ᠂ ᠰᠥᠷᠭᠡᠥ ᠳᠠᠷᠤᠯᠲᠠᠲᠤ ᠲᠦᠷᠭᠡᠨ ᠠᠪᠤᠷᠠᠯᠲᠠ ᠶᠢᠨ | ᠮᠠᠰᠢᠨ ᠵᠡᠷᠭᠡ ᠡᠮᠴᠢᠯᠡᠭᠡᠨ ᠤ ᠲᠤᠨᠤᠭ ᠲᠦᠬᠦᠭᠡᠷᠦᠮᠵᠢ ᠶᠢ 96 ᠢᠵᠢ ᠬᠤᠳᠠᠯᠳᠤᠨ ᠠᠪᠴᠤ᠂ ᠡᠮᠴᠢᠯᠡᠭᠡᠨ ᠤ | ᠮᠠᠲ᠋ᠧᠷᠢᠶᠠᠯᠯᠢᠭ ᠲᠦᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠱᠠᠭᠠᠷᠳᠠᠭᠳᠠᠵᠤ ᠪᠡᠶᠢᠭ᠎ᠠ ᠴᠢᠳᠠᠪᠤᠷᠢᠲᠠᠨ ᠢ 106 | ᠤᠷᠢᠨ ᠡᠯᠰᠡᠪᠡ᠃ ᠡᠮᠨᠡᠯᠭᠡ ᠶᠢᠨ ᠬᠤᠯᠪᠤᠭᠠᠲᠤ ᠴᠤᠭᠴᠠ᠂ ᠬᠠᠮᠲᠤᠷᠠᠭᠰᠠᠨ ᠴᠤᠭᠴᠠ ᠶᠢ ᠪᠠᠶᠢᠭᠤᠯᠬᠤ | ᠬᠦᠴᠦᠯᠡᠴᠡ ᠪᠠᠨ ᠶᠡᠭᠡᠰᠭᠡᠨ᠂ ᠬᠤᠸᠠ ᠰᠢ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠨᠡᠷᠡᠲᠦ ᠡᠮᠨᠡᠯᠭᠡ ᠶᠢᠨ | ᠬᠤᠷᠢᠶ᠎ᠠ ᠲᠠᠢ ᠬᠤᠷᠰᠢᠨ ᠠᠯᠤᠰ ᠠᠴᠠ ᠣᠨᠣᠰᠢᠯᠠᠨ ᠡᠮᠴᠢᠯᠡᠵᠦ᠂ ᠡᠮ ᠡᠮᠴᠢᠯᠡᠭᠡᠨ ᠤ ᠦᠢᠯᠡᠴᠢᠭᠡᠨ ᠤ ᠲᠦᠪᠰᠢᠨ | ᠤᠯᠠᠮ ᠨᠢᠭᠡ ᠠᠯᠬᠤᠮ ᠳᠡᠭᠡᠭᠰᠢᠯᠡᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠢ | ᠢᠳᠡᠪᠬᠢᠲᠡᠢ ᠦᠷᠨᠢᠭᠦᠯᠦᠨ᠂ ᠠᠷᠠᠳ ᠣᠯᠠᠨ ᠤ ᠡᠷᠡᠭᠦᠯ ᠴᠢᠬᠢᠷᠠᠭ ᠪᠣᠯᠤᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠠᠮᠤᠷ ᠲᠦᠪᠰᠢᠨ ᠢ ᠪᠦᠬᠦ ᠬᠦᠴᠦ ᠪᠠᠷ ᠪᠠᠲᠤᠯᠠᠵᠤ᠂ ᠮᠠᠨ ᠤ ᠬᠤᠰᠢᠭᠤ ᠨᠢ ︽ᠤᠯᠤᠰ ᠤᠨ ᠡᠷᠡᠭᠦᠯ | ᠬᠠᠮᠠᠭᠠᠯᠠᠯ ᠤᠨ ᠰᠢᠶᠡᠨ ᠬᠤᠲᠠ ︾᠂ ︽ᠥᠪᠡᠷᠲᠡᠭᠡᠨ ᠵᠠᠰᠠᠬᠤ ᠣᠷᠤᠨ ᠤ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠱᠢᠶᠡᠴᠢ ᠬᠤᠰᠢᠭᠤ︾᠂ ︽ᠦᠪᠡᠷᠲᠡᠭᠡᠨ ᠵᠠᠰᠠᠬᠤ ᠣᠷᠤᠨ ᠤ ᠳᠡᠰ ᠤᠨ ᠠᠷᠬᠠᠭ ᠡᠪᠡᠳᠴᠢᠨ ᠢ | ᠶᠡᠷᠦᠩᠬᠡᠶᠢᠯᠡᠨ ᠰᠡᠷᠭᠡᠶᠢᠯᠡᠵᠦ ᠡᠵᠡᠮᠳᠡᠬᠦ ᠵᠢᠱᠢᠶ᠎ᠡ ᠦᠵᠡᠭᠦᠯᠬᠦ ᠣᠷᠤᠨ︾ ᠤ ᠴᠣᠯᠠ ᠶᠢ ᠬᠦᠷᠲᠡᠪᠡ᠃ ᠰᠤᠶᠤᠯ | ᠲᠠᠮᠢᠷ ᠤᠨ ᠦᠢᠯᠡᠰ ᠪᠠᠳᠠᠷᠠᠨ ᠬᠦᠭᠵᠢᠪᠡ᠃ ᠵᠢᠦᠢ ᠶᠠᠨ ᠤ ᠰᠤᠶᠤᠯ ᠢ ᠰᠤᠳᠤᠯᠬᠤ ᠲᠦᠪ ᠢ ᠪᠠᠶᠢᠭᠤᠯᠤᠨ᠂ ︽ᠵᠢᠦᠢ | ᠶᠠᠨ ᠤ ᠪᠠᠭᠤᠷᠢ ᠶᠢ ᠬᠠᠮᠠᠭᠠᠯᠠᠬᠤ ᠶᠡᠷᠦᠩᠬᠡᠢ ᠲᠦᠯᠦᠪᠵᠢᠭᠦᠯᠭᠡ︾ ᠶᠢ ᠨᠠᠶᠢᠷᠠᠭᠤᠯᠪᠠ᠃ 6500 ᠲᠦᠮᠡᠨ | ᠲᠦᠭᠦᠷᠢᠭ ᠤᠨ ᠪᠡᠯᠡ ᠣᠷᠤᠭᠤᠯᠤᠨ᠂ ᠬᠠᠷ᠎ᠠ ᠬᠤᠲᠠ᠂ ᠤᠯᠠᠭᠠᠨ ᠬᠤᠲᠠ᠂ ᠠᠭᠲᠠ ᠶᠢᠨ ᠬᠦᠷᠢᠶ᠎ᠡ ᠶᠢᠨ ᠪᠠᠭᠤᠷᠢ ᠶᠢ | ᠠᠪᠤᠷᠠᠵᠤ ᠪᠠᠬᠢᠯᠡᠬᠦ ᠵᠢᠴᠢ ᠬᠠᠮᠠᠭᠠᠯᠠᠨ ᠠᠰᠢᠭᠯᠠᠬᠤ ᠵᠡᠷᠭᠡ ᠢᠨᠵᠧᠨᠧᠷᠢᠩ ᠢ ᠶᠠᠪᠤᠭᠳᠠᠭᠤᠯᠵᠤ᠂ ᠬᠠᠷ᠎ᠠ ᠬᠤᠲᠠ ᠶᠢᠨ | ᠪᠠᠭᠤᠷᠢ ᠨᠢ ᠦᠪᠡᠷᠲᠡᠭᠡᠨ ᠵᠠᠰᠠᠬᠤ ᠣᠷᠤᠨ ᠤ ᠳᠡᠰ ᠤᠨ ᠬᠠᠭᠤᠴᠢ ᠰᠤᠳᠤᠯᠭᠠᠨ ᠤ ᠪᠠᠭᠤᠷᠢ ᠶᠢᠨ ᠴᠡᠴᠡᠷᠯᠢᠭ ᠢᠶᠠᠷ | ᠦᠨᠡᠯᠡᠭᠳᠡᠪᠡ᠃ 3000 ᠺᠦᠸᠠᠳ᠋ ᠮᠧᠲᠷ ᠤᠨ ᠨᠣᠮ ᠤᠨ ᠰᠠᠩ ᠢ ᠰᠢᠨ᠎ᠡ ᠪᠠᠷ ᠪᠠᠶᠢᠭᠤᠯᠤᠨ᠂ ᠨᠠᠮ | ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠰᠢᠷᠢᠰ ᠬᠦᠳᠡᠯᠭᠡᠭᠡᠨ ᠢ ᠠᠮᠵᠢᠯᠲᠠ ᠲᠠᠢ ᠡᠷᠬᠢᠯᠡᠨ | ᠶᠠᠪᠤᠭᠳᠠᠭᠤᠯᠵᠤ᠂ ︽ᠲᠣᠣᠷᠠᠢ ᠶᠢᠨ ᠤᠯᠠᠭᠠᠨ︾ ᠵᠡᠷᠭᠡ ᠬᠤᠪᠢᠰᠬᠠᠯ ᠤᠨ ᠤᠯᠠᠮᠵᠢᠯᠠᠯ ᠢ ᠵᠠᠯᠭᠠᠮᠵᠢᠯᠠᠵᠤ ᠴᠠᠭ | ᠡᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠪᠠᠷ ᠭᠤᠣᠯ ᠰᠡᠳᠦᠪ ᠪᠣᠯᠭᠠᠭᠰᠠᠨ ᠵᠦᠴᠦᠭᠡ ᠶᠢ ᠲᠣᠭᠤᠷᠪᠢᠨ | ᠭᠠᠷᠭᠠᠵᠤ᠂ ᠤᠯᠠᠭᠠᠨᠮᠦ᠋ᠴᠢᠷ ᠦᠨᠳᠦᠰᠦᠨ ᠱᠠᠲᠤᠨ ᠳᠤ 600 ᠭᠠᠷᠤᠢ ᠤᠳᠠᠭ᠎ᠠ ᠲᠣᠭᠯᠠᠯᠲᠠ ᠭᠠᠷᠭᠠᠨ᠂ ᠪᠦᠬᠦ | ᠣᠷᠤᠨ ᠤ ︽ᠠᠷᠪᠠᠨ ᠰᠢᠯᠢᠳᠡᠭ︾ ᠤᠨ ᠴᠣᠯᠠ ᠶᠢ ᠬᠦᠷᠲᠡᠵᠦ᠂ ᠪᠦᠬᠦ ᠣᠷᠤᠨ ᠤ ᠨᠢᠭᠡᠳᠦᠭᠡᠷ ᠲᠦᠷᠦᠯ ᠤᠨ | ᠰᠢᠯᠢᠳᠡᠭ ᠤᠯᠠᠭᠠᠨᠮᠦ᠋ᠴᠢᠷ ᠢᠶᠠᠷ ᠦᠨᠡᠯᠡᠭᠳᠡᠪᠡ᠃ ︽ᠮᠤᠩᠭᠤᠯ ᠦᠨᠳᠦᠰᠦᠲᠡᠨ ᠤ ᠰᠠᠪᠠᠷᠳᠠᠩ︾ ᠨᠢ ᠲᠠᠪᠤᠳᠤᠭᠠᠷ | ᠪᠦᠯᠦᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠲᠠᠢ ᠲᠦᠷᠦᠯ | ᠵᠦᠢᠯ ᠢᠶᠠᠷ ᠰᠣᠩᠭᠤᠭᠳᠠᠪᠠ᠃ ᠨᠡᠶᠢᠭᠡᠮ ᠤᠨ ᠵᠠᠰᠠᠯᠲᠠ ᠮᠡᠳᠡᠭᠳᠡᠮ᠎ᠡ ᠰᠠᠶᠢᠵᠢᠷᠠᠪᠠ᠃ ᠡᠵᠡᠨ᠎ᠡ ᠶᠢᠨ ᠬᠠᠤᠯᠢᠵᠢᠭᠰᠠᠨ | ᠪᠦᠲᠦᠭᠡᠨ ᠪᠠᠶᠢᠭᠤᠯᠤᠯᠲᠠ ᠶᠢ ᠭᠥᠨᠵᠡᠭᠡᠢ ᠠᠬᠢᠭᠤᠯᠵᠤ᠂ ︽ᠳᠣᠯᠣᠳᠤᠭᠠᠷ ᠲᠠᠪᠤᠨ ᠵᠢᠯ︾ ᠤᠨ ᠬᠠᠣᠯᠢ | ᠲᠦᠭᠡᠮᠡᠯᠵᠢᠭᠦᠯᠦᠯᠲᠡ ᠶᠢ ᠠᠮᠵᠢᠯᠲᠠ ᠲᠠᠢ ᠳᠡᠭᠦᠰᠭᠡᠨ᠂ ︽ᠨᠠᠢᠮᠠᠳᠤᠭᠠᠷ ᠲᠠᠪᠤᠨ ᠵᠢᠯ︾ ᠤᠨ ᠬᠠᠣᠯᠢ | ᠲᠦᠭᠡᠮᠡᠯᠵᠢᠭᠦᠯᠦᠯᠲᠡ ᠶᠢ ᠤᠷᠤᠭᠰᠢᠲᠠᠢ ᠡᠬᠢᠯᠡᠭᠦᠯᠪᠡ᠃ ᠨᠡᠶᠢᠭᠡᠮ ᠤᠨ ᠵᠦᠷᠢᠴᠡᠯ ᠢ ᠣᠯᠠᠨ ᠡᠰᠢᠵᠢᠭᠦᠯᠵᠦ | ᠰᠢᠢᠳᠪᠦᠷᠢᠯᠡᠬᠦ ᠲᠤᠭᠲᠠᠯᠴᠠᠭ᠎ᠠ ᠶᠢ ᠲᠠᠰᠤᠷᠠᠯᠲᠠ ᠦᠭᠡᠢ ᠪᠦᠷᠢᠨᠰᠢᠭᠦᠯᠥᠭᠰᠡᠨ ᠢᠶᠠᠷ ᠨᠡᠶᠢᠭᠡᠮ ᠤᠨ ᠠᠬᠤᠢ ᠪᠠᠶᠢᠳᠠᠯ | ᠨᠠᠶᠢᠷᠰᠠᠭ ᠲᠣᠭᠲᠠᠭᠤᠨ ᠪᠣᠯᠪᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ | ᠶᠠᠪᠤᠭᠳᠠᠭᠤᠯᠵᠤ᠂ ᠠᠮᠤᠭᠤᠯᠠᠩ ᠡᠵᠡᠨ᠎ᠡ ᠶᠢᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠶᠢ ᠣᠯᠵᠤ᠂ ᠬᠠᠷ᠎ᠠ | ᠪᠦᠷᠭᠦᠳ ᠤᠨ ᠠᠭᠤᠯᠠ᠂ ᠬᠤᠶᠠᠳᠤᠭᠠᠷ ᠠᠭᠤᠯᠠ ᠶᠢᠨ ᠳᠣᠲᠤᠭᠠᠳᠤ ᠶᠢ ᠬᠠᠮᠠᠭᠠᠯᠠᠬᠤ ᠪᠠᠶᠢᠴᠠᠭᠠᠯᠲᠠ ᠶᠢᠨ ᠦᠷᠲᠡᠭᠡ | ᠪᠣᠯᠤᠨ ᠰᠤᠪᠨᠠᠭᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠥᠷᠲᠡᠭᠡ ᠶᠢ | ᠪᠠᠷᠢᠮᠵᠢᠶᠠᠵᠢᠭᠤᠯᠤᠨ ᠪᠠᠶᠢᠭᠤᠯᠵᠤ᠂ ᠬᠢᠯᠢ ᠶᠢᠨ ᠬᠠᠮᠠᠭᠠᠯᠠᠯᠲᠠ ᠶᠢᠨ ᠦᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠤᠨ᠂ ᠬᠢᠯᠢ ᠬᠢᠵᠠᠭᠠᠷ ᠢᠶᠠᠨ ᠰᠠᠬᠢᠬᠤ᠂ ᠬᠢᠯᠢ ᠪᠠᠨ ᠬᠠᠮᠢᠶᠠᠷᠴᠤ ᠡᠵᠡᠮᠳᠡᠬᠦ᠂ ᠬᠢᠯᠢ ᠪᠠᠨ | ᠪᠠᠬᠢᠵᠢᠭᠦᠯᠦᠨ ᠬᠦᠴᠦᠷᠭᠡᠭᠵᠢᠭᠦᠯᠬᠦ ᠴᠢᠳᠠᠪᠤᠷᠢ ᠶᠢ ᠯᠠᠪᠳᠠᠭᠤᠨ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠤᠭᠲᠠᠭᠤᠨ ᠤ ᠬᠠᠯᠬᠠᠪᠴᠢ ᠶᠢ ᠤᠯᠠᠮ ᠪᠠᠲᠤᠳᠬᠠᠪᠠ᠃ ᠳᠣᠯᠣᠳᠤᠭᠠᠷ ᠤᠳᠠᠭᠠᠨ ᠤ ᠪᠦᠬᠦ | ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ | ᠳᠡᠪᠢᠰᠭᠡᠷ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠩᠬᠠᠳᠤᠭᠠᠷ ᠤᠳᠠᠭᠠᠨ ᠤ ᠪᠦᠬᠦ ᠤᠯᠤᠰ ᠤᠨ | ᠪᠠᠶᠢᠭᠠᠯᠢ ᠶᠢᠨ ᠭᠠᠮᠰᠢᠭ ᠤᠨ ᠶᠡᠷᠦᠩᠭᠡᠶᠢᠯᠡᠭᠰᠡᠨ ᠲᠦᠭᠰᠢᠭᠦᠷᠢ ᠶᠢᠨ ᠨᠠᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠨᠡᠶᠢᠯᠡᠭᠦᠯᠦᠨ ᠲᠤᠰᠢᠶᠠᠬᠤ ᠪᠠ ᠶᠠᠰᠤ ᠴᠢᠨᠠᠷ ᠪᠠᠶᠢᠴᠠᠭᠠᠬᠤ ᠠᠵᠢᠯ ᠢ ᠲᠠᠭᠤᠰᠬᠠᠪᠠ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠤᠳᠠᠲᠠᠶᠢᠵᠢᠭᠤᠯᠵᠤ᠂ ᠶᠠᠰᠤ ᠴᠢᠨᠠᠷ ᠢᠶᠠᠷ | ᠬᠤᠰᠢᠭᠤ ᠪᠠᠨ ᠬᠦᠴᠦᠷᠭᠡᠭᠵᠢᠭᠦᠯᠬᠦ ᠠᠵᠢᠯ ᠢ ᠡᠮᠬᠢ ᠳᠠᠷᠠᠭ᠎ᠠ ᠲᠠᠢ ᠶᠠᠪᠤᠭᠳᠠᠭᠤᠯᠤᠨ᠂ ᠢᠳᠡᠭᠡᠨ ᠤᠮᠳᠠᠭᠠᠨ ᠡᠮ ᠤᠨ | ᠵᠦᠢᠯᠡᠰ ᠤᠨ ᠬᠢᠨᠠᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ ᠦᠨᠳᠦᠰᠦᠲᠡᠨ ᠤ ᠪᠦᠯᠬᠦᠮᠳᠡᠯ | ᠳᠠᠪᠰᠢᠯᠲᠡ ᠶᠢ ᠡᠭᠦᠳᠬᠦ ᠠᠵᠢᠯ ᠢ ᠯᠠᠪᠳᠠᠭᠤᠨ ᠶᠠᠪᠤᠭᠳᠠᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠢᠳᠡᠪᠬᠢᠲᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠤᠭᠴᠠ ᠶᠢᠨ ᠤᠬᠠᠮᠰᠠᠷ ᠢ ᠦᠷᠭᠦᠯᠵᠢᠯᠡᠨ ᠪᠠᠲᠤᠳᠬᠠᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠡ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠤᠯᠠᠮ ᠪᠠᠬᠢᠵᠢᠭᠦᠯᠪᠡ᠃ | ᠡᠭᠦᠨ ᠤ ᠬᠠᠮᠲᠤ᠂ ᠠᠵᠢᠯᠴᠢᠨ ᠤ ᠡᠪᠯᠡᠯ᠂ ᠵᠠᠯᠠᠭᠤᠴᠣᠳ ᠤᠨ ᠡᠪᠯᠡᠯ ᠤᠨ ᠬᠤᠷᠢᠶ᠎ᠠ᠂ ᠡᠮᠡᠭᠳᠡᠶᠢᠴᠤᠳ ᠤᠨ | ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠂ ᠵᠡᠮᠳᠡᠭᠴᠣᠳ ᠤᠨ ᠠᠵᠢᠯ ᠦᠢᠯᠡᠰ ᠨᠢ ᠰᠢᠨ᠎ᠡ ᠠᠬᠢᠴᠠ ᠶᠢ | ᠣᠯᠣᠨ᠂ ᠳᠠᠩᠰᠠ ᠡᠪᠬᠡᠮᠡᠯ ᠲᠡᠤᠬᠡ ᠦᠢᠯᠠᠯᠭ᠎ᠠ᠂ ᠠᠮᠤ ᠬᠦᠨᠡᠰᠤ᠂ ᠴᠠᠭ ᠠᠭᠤᠷ᠂ ᠴᠢᠯᠠᠭᠤᠨ ᠲᠣᠰᠣ᠂ ᠨᠠᠪᠴᠢᠨ | ᠲᠠᠮᠠᠬᠢ᠂ ᠮᠥᠩᠬᠦᠨ ᠭᠦᠢᠯᠭᠡᠭᠡ᠂ ᠳᠠᠭᠠᠳᠬᠠᠯ᠂ ᠰᠢᠣᠳᠠᠨ᠂ ᠬᠤᠯᠪᠣᠭ᠎ᠠ ᠨᠡᠪᠳᠡᠷᠡᠭᠦᠯᠭᠡ ᠵᠡᠷᠭᠡ ᠰᠠᠯᠠᠭ᠎ᠠ ᠮᠥᠴᠢᠷ ᠨᠢ | ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃ | ᠳᠦᠷᠪᠡᠨ ᠵᠢᠯ ᠤᠨ ᠲᠤᠷᠰᠢ᠂ ᠪᠢᠳᠠ ᠭᠤᠶᠢᠪᠢᠰᠢ ᠦᠭᠡᠢ ᠪᠠᠷ ᠰᠤᠷᠲᠠᠯ ᠢᠶᠠᠨ ᠬᠤᠪᠢᠷᠠᠭᠤᠯᠤᠨ | ᠴᠢᠳᠠᠪᠬᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠤᠨ ᠤ ᠥᠪᠡᠷ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠨ | ᠲᠠᠰᠤᠷᠠᠯᠲᠠ ᠦᠭᠡᠢ ᠴᠢᠩᠭᠠᠳᠬᠠᠪᠠ᠃ | ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠳᠤ ᠪᠠᠷᠢᠮᠲᠠᠯᠠᠨ᠂ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠪᠠᠨ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠦ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠪᠠ ︽ᠤᠭ ᠰᠠᠨᠠᠭ᠎ᠠ ᠪᠠᠨ ᠦᠯᠦ ᠮᠠᠷᠲᠠᠵᠤ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠭᠥᠨᠵᠡᠭᠡᠢ ᠪᠠᠳᠤᠳᠬᠠᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠥᠷᠨᠢᠭᠦᠯᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ | ᠢᠲᠡᠭᠡᠯ︾ ᠢ ᠪᠠᠷᠢᠮᠲᠠᠯᠠᠬᠤ᠂ ︽ᠬᠤᠶᠠᠷ ᠢ ᠬᠠᠮᠠᠭᠠᠯᠠᠬᠤ︾ ᠶᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠪᠦᠬᠦ | ᠶᠠᠪᠤᠴᠠ ᠳᠤ ᠲᠤᠤᠱᠯᠠᠭᠤᠯᠪᠠ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ | ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠯ᠎ᠡ | ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ 201 | ᠰᠠᠨᠠᠯ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ 296 ᠳᠤᠷᠠᠳᠤᠯᠭ᠎ᠠ ᠶᠢ ᠴᠢᠨᠠᠷ ᠰᠠᠶᠢᠲᠠᠢ | ᠪᠡᠶᠡᠯᠡᠭᠦᠯᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠤᠳᠠᠳᠠᠶᠢᠵᠢᠭᠤᠯᠵᠤ᠂ ᠲᠥᠪ ᠤᠨ ︽ᠨᠠᠢᠮᠠᠨ ᠵᠤᠷᠪᠤᠰ ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠢ ᠴᠡᠭᠴᠡᠯᠡᠨ᠂ | ᠰᠤᠷᠲᠠᠯ ᠢᠶᠠᠨ ᠰᠠᠶᠢᠵᠢᠷᠠᠭᠤᠯᠵᠤ ᠡᠷᠡᠰ ᠨᠠᠶᠢᠳᠠᠪᠦᠷᠢᠵᠢᠭᠤᠯᠤᠨ᠂ ᠵᠠᠰᠠᠭ ᠤᠨ ᠣᠷᠳᠣᠨ ᠤ ᠢᠲᠡᠭᠡᠭᠦᠯᠬᠦ ᠬᠦᠴᠦᠨ ᠪᠠ | ᠬᠡᠷᠡᠭᠵᠢᠭᠦᠯᠬᠦ ᠬᠦᠴᠦᠨ ᠢ ᠤᠯᠠᠮ ᠴᠢᠨᠠᠭᠰᠢᠳᠠ ᠳᠡᠭᠡᠭᠰᠢᠯᠡᠭᠦᠯᠪᠡ᠃ ᠭᠤᠣᠯᠳᠠᠯᠭ᠎ᠠ ᠲᠠᠢ ᠴᠠᠷ᠎ᠠ ᠬᠦᠷᠢᠶ᠎ᠡ ᠪᠠ | ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠴᠢᠩᠭ᠎ᠠ ᠬᠢᠨᠠᠨ ᠬᠠᠮᠢᠶᠠᠷᠴᠤ᠂ ᠨᠡᠭᠦᠷᠡᠰᠦᠨ ᠤ ᠡᠬᠢ ᠪᠠᠶᠠᠯᠢᠭ᠂ ᠠᠷᠠᠳ ᠤᠨ | ᠠᠭᠠᠷ ᠤᠨ ᠰᠡᠷᠭᠡᠶᠢᠯᠡᠯᠲᠡ᠂ ᠬᠠᠩᠭᠠᠯᠭ᠎ᠠ ᠪᠣᠷᠣᠯᠠᠭᠤᠯᠭ᠎ᠠ᠂ ᠤᠢ ᠰᠢᠭᠤᠶ ᠡᠪᠡᠰᠦ ᠪᠡᠯᠴᠢᠭᠡᠷ᠂ ᠠᠮᠤ ᠬᠦᠨᠡᠰᠦ ᠵᠡᠷᠭᠡ | ᠴᠠᠷ᠎ᠠ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠰᠢᠯᠢᠳᠡᠭᠵᠢᠭᠦᠯᠦᠯᠲᠡ ᠶᠢᠨ ᠲᠤᠰᠬᠠᠶ ᠲᠣᠭᠤᠷᠢᠨ ᠪᠠᠶᠢᠴᠠᠭᠠᠭᠰᠠᠨ | ᠰᠠᠨᠠᠯ ᠢᠶᠠᠷ ᠴᠡᠭᠴᠡᠯᠡᠨ ᠵᠠᠰᠠᠬᠤ ᠠᠵᠢᠯ ᠢ ᠬᠢᠨᠠᠮᠠᠭᠠᠶ ᠥᠷᠨᠢᠭᠦᠯᠵᠦ᠂ ᠨᠢᠭᠡ ᠪᠦᠯᠦᠭ ᠲᠡᠦᠬᠡᠨ ᠦᠯᠡᠳᠡᠭᠳᠡᠯ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠬᠢᠵᠢᠭᠦᠯᠵᠦ᠂ | ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠵᠢᠯ ᠪᠦᠷᠢ ᠳᠤᠮᠳᠠᠴᠢ ᠪᠠᠷ 13.7% ᠠᠴᠠ ᠳᠡᠭᠡᠭᠰᠢ ᠪᠠᠷ | ᠪᠠᠭᠠᠰᠬᠠᠵᠤ᠂ ᠵᠠᠰᠠᠭ ᠤᠨ ᠣᠷᠳᠣᠨ ᠤ ᠠᠵᠢᠯᠯᠠᠭᠠᠨ ᠤ ᠵᠠᠷᠤᠯᠭ᠎ᠠ ᠶᠢ ︽ᠬᠠᠰᠤᠬᠤ ᠠᠷᠭ᠎ᠠ︾ ᠪᠠᠷ ᠠᠷᠠᠳ ᠤᠨ | ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠪᠠᠶᠢᠨ᠎ᠠ᠃ ᠵᠠᠰᠠᠭ ᠤᠨ ᠣᠷᠳᠣᠨ ᠤ ᠦᠷᠢ ᠦᠭᠴᠡᠭᠡ ᠪᠠ | ᠮᠦᠩᠭᠦᠨ ᠭᠦᠢᠯᠭᠡᠭᠡ ᠶᠢᠨ ᠴᠠᠷ᠎ᠠ ᠬᠦᠷᠢᠶᠠᠨ ᠳᠠᠬᠢ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠂ ᠵᠠᠰᠠᠭ ᠤᠨ | ᠣᠷᠳᠣᠨ ᠤ 8.9 ᠳ᠋ᠦᠩᠰᠢᠭᠤᠷ ᠲᠥᠭᠦᠷᠢᠭ ᠤᠨ ᠥᠷᠢ ᠰᠢᠷᠢ ᠶᠢ ᠠᠷᠢᠯᠭᠠᠨ᠂ ᠣᠷᠣᠨ ᠪᠦᠰᠡ ᠶᠢᠨ ᠴᠢᠨᠠᠷᠲᠠᠶ᠂ | ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠡᠬᠦᠰᠬᠦ ᠬᠢᠵᠠᠭᠠᠷ ᠱᠤᠭᠤᠮ ᠢ ᠪᠠᠲᠤ ᠰᠠᠬᠢᠪᠠ᠃ | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2021 ᠣᠨ ᠳᠤ᠂ ᠡᠷᠡᠨ ᠵᠠᠭᠤᠨ ᠤ ᠬᠢᠵᠢᠭ ᠤᠨ | ᠲᠠᠭᠠᠷᠢᠯᠲᠠ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ | ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠤᠷ᠎ᠠ᠂ ᠪᠢᠳᠡ ᠠᠷᠠᠳ ᠲᠦᠮᠡᠨ ᠢ ᠳᠡᠭᠡᠳᠦᠯᠡᠬᠦ ᠠᠮᠢ ᠨᠠᠰᠤ ᠶᠢ ᠳᠡᠭᠡᠳᠦᠯᠡᠬᠦ ᠴᠢᠭᠯᠡᠯᠲᠡ ᠶᠢ | ᠪᠠᠷᠢᠮᠲᠠᠯᠠᠵᠤ᠂ ᠦᠳᠲᠡᠷ ᠲᠦᠷᠭᠡᠨ ᠬᠥᠳᠡᠯᠦᠯᠴᠡᠨ᠂ ᠨᠠᠷᠢᠨ ᠨᠢᠮᠪᠠᠶ ᠪᠠᠶᠢᠷᠢᠯᠠᠭᠤᠯᠵᠤ᠂ ᠡᠯ᠎ᠡ ᠵᠦᠢᠯ ᠤᠨ | ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠶ ᠠᠳᠬᠤᠪᠠ᠃ ᠪᠢᠳᠡ ᠠᠯᠢᠪᠠ ᠬᠦᠴᠦᠨ ᠢ ᠳᠠᠶᠢᠴᠢᠯᠠᠨ᠂ | ᠬᠢᠵᠢᠭ ᠤᠨ ᠲᠠᠷᠬᠠᠯᠲᠠ ᠶᠢ ᠲᠠᠰᠤ ᠬᠤᠷᠢᠭᠯᠠᠵᠤ᠂ 2500 ᠭᠠᠷᠤᠢ ᠨᠠᠮ ᠤᠨ ᠭᠡᠰᠢᠭᠦᠨ ᠺᠠᠳ᠋ᠷ ᠲᠦᠮᠡᠨ | ᠪᠢᠲᠡᠭᠦᠮᠵᠢᠯᠡᠨ ᠡᠵᠡᠮᠳᠡᠵᠦ ᠵᠢᠵᠢᠭᠦᠷᠯᠡᠨ ᠰᠠᠬᠢᠪᠠ᠃ ᠪᠢᠳᠡ ᠠᠯᠢᠪᠠ ᠡᠬᠢ ᠪᠠᠶᠠᠯᠢᠭ ᠢ ᠵᠤᠬᠢᠴᠠᠭᠤᠯᠵᠤ᠂ ᠠᠷᠭ᠎ᠠ | ᠪᠦᠬᠦᠨ ᠢ ᠰᠦᠪᠡᠭᠴᠢᠯᠡᠨ ᠡᠳ᠋ ᠪᠣᠳᠠᠰ ᠴᠤᠭᠯᠠᠭᠤᠯᠵᠤ᠂ ᠡᠯ᠎ᠡ ᠲᠥᠷᠥᠯ ᠤᠨ ᠰᠡᠷᠭᠡᠶᠢᠯᠡᠨ ᠡᠵᠡᠮᠳᠡᠬᠦ ᠪᠡᠯᠡ | ᠮᠥᠩᠭᠦ ᠶᠢ 2 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠡᠯ᠎ᠡ ᠡᠲᠡᠭᠡᠳ ᠤᠨ ᠬᠠᠨᠳᠢᠪᠯᠠᠭᠰᠠᠨ 1.2 ᠳ᠋ᠦᠩᠰᠢᠭᠤᠷ | ᠲᠦᠭᠦᠷᠢᠭ ᠤᠨ ᠡᠳ᠋ ᠮᠥᠩᠭᠦ ᠶᠢ ᠬᠦᠯᠢᠶᠡᠨ ᠠᠪᠤᠪᠠ᠃ ᠪᠢᠳᠡ ᠠᠯᠢᠪᠠ ᠦᠷᠡᠭᠳᠡᠯ ᠠᠴᠠ ᠰᠦᠷᠳᠡᠯ ᠦᠭᠡᠢ ᠪᠠᠷ᠂ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠤᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠢᠯᠤᠭᠤᠳᠤᠯᠭ᠎ᠠ ᠳᠣᠣᠷ᠎ᠠ᠂ | ᠣᠨᠣᠰᠢᠯᠠᠭᠳᠠᠭᠰᠠᠨ ᠡᠪᠡᠳᠴᠢᠲᠡᠨ ᠢ ᠰᠢᠯᠵᠢᠭᠦᠯᠦᠨ ᠡᠮᠨᠡᠬᠦ ᠪᠠ ᠰᠠᠭᠠᠲᠠᠭᠰᠠᠨ ᠵᠢᠭᠤᠯᠴᠢᠯᠠᠭᠰᠠᠳ ᠤᠨ ︽ᠮᠢᠩᠭᠠᠨ | ᠭᠠᠵᠠᠷ ᠤᠨ ᠬᠦᠷᠭᠡᠯᠲᠡ︾ ᠶᠢ ᠰᠢᠭᠤᠷᠬᠠᠢ ᠪᠠᠷ ᠥᠷᠨᠢᠭᠦᠯᠵᠦ᠂ ᠪᠤᠶᠢᠳᠠ ᠪᠥᠭᠯᠡᠭᠦᠦ ᠭᠠᠵᠠᠷ ᠣᠷᠣᠨ ᠤ ᠬᠢᠵᠢᠭ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠪ ᠵᠢᠱᠢᠶ᠎ᠡ ᠶᠢ ᠡᠭᠦᠳᠴᠡᠢ᠃ ᠲᠡᠭᠦᠨᠴᠢᠯᠡᠨ᠂ ᠪᠢᠳᠡ ᠠᠷᠭ᠎ᠠ | ᠪᠦᠬᠦᠨ ᠢ ᠰᠦᠪᠡᠭᠴᠢᠯᠡᠵᠦ ᠵᠠᠰᠠᠮᠠᠯ ᠵᠠᠮ᠂ ᠲᠡᠮᠦᠷ ᠵᠠᠮ᠂ ᠠᠭᠠᠷ ᠤᠨ ᠲᠡᠭᠡᠭᠡᠪᠦᠷᠢ ᠶᠢᠨ ᠵᠠᠮ ᠢ ᠰᠠᠭᠠᠳ ᠥᠬᠡᠶ | ᠨᠠᠪᠲᠡᠷᠡᠭᠦᠯᠦᠨ᠂ ᠠᠷᠠᠳ ᠤᠨ ᠠᠮᠢᠳᠤᠷᠠᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠳᠠᠭᠠᠭᠠᠴᠢᠯᠠᠨ | ᠬᠠᠷᠢᠭᠤᠴᠠᠭᠰᠠᠨ ᠺᠠᠳ᠋ᠷ ᠠᠵᠢᠯᠲᠠᠳ ᠲᠤᠭᠲᠠᠮᠠᠯ ᠬᠤᠭᠤᠴᠠᠭ᠎ᠠ ᠪᠠᠷ ᠡᠷᠦᠬᠡ ᠪᠦᠷᠢ ᠳᠤ ᠠᠮᠢᠳᠤᠷᠠᠯ ᠤᠨ ᠡᠳ᠋ ᠪᠣᠳᠠᠰ | ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠢ ᠲᠦᠭᠡᠭᠡᠨ ᠥᠭᠴᠦ᠂ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠬᠡᠷᠡᠭᠴᠡᠭᠡ ᠶᠢ ᠦᠨᠡᠨ ᠬᠦ ᠪᠠᠲᠤᠯᠠᠪᠠ᠃ ᠡᠶᠢᠨᠬᠦ᠂ 10 ᠳ᠋ᠤᠭᠠᠷ ᠰᠠᠷ᠎ᠠ ᠶᠢᠨ 18 ᠤ ᠡᠳᠦᠷ ᠣᠨᠣᠰᠢᠯᠠᠭᠳᠠᠭᠰᠠᠨ | ᠡᠪᠡᠳᠴᠢᠲᠡᠨ ᠢ ᠠᠩᠬ᠎ᠠ ᠮᠡᠳᠡᠭᠦᠯᠦᠭᠰᠡᠨ ᠠᠴᠠ 11 ᠳ᠋ᠦ᠋ᠭᠡᠷ ᠰᠠᠷ᠎ᠠ ᠶᠢᠨ 11 ᠤ ᠡᠳᠦᠷ ᠲᠣᠣᠷ᠎ᠠ ᠲᠦᠭᠰᠢᠭᠦᠷᠢᠲᠦ | ᠭᠠᠵᠠᠷ ᠣᠷᠣᠨ ᠪᠣᠯᠬᠤ ᠪᠤᠯᠲᠠᠯ᠎ᠠ᠂ ᠪᠢᠳᠡ 24 ᠡᠳᠦᠷ ᠵᠠᠷᠤᠴᠠᠭᠤᠯᠵᠤ ᠡᠨᠡ ᠤᠳᠠᠭᠠᠨ ᠤ ᠬᠢᠵᠢᠭ ᠤᠨ ᠲᠠᠶᠢᠨ ᠢ | ᠲᠦᠢᠯᠪᠦᠷᠢᠲᠡᠢ ᠢᠯᠠᠪᠠ︕ | ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠪᠢᠳᠡ ᠠᠵᠢᠯ ᠤᠨ ᠬᠦᠴᠦᠯᠡᠬᠦ ᠴᠡᠭ ᠪᠠ ᠠᠷᠭ᠎ᠠ | ᠬᠡᠮᠵᠢᠶ᠎ᠡ ᠪᠠᠨ ᠴᠠᠭ ᠤᠨ ᠪᠠᠶᠢᠳᠠᠯ ᠳᠤ ᠵᠤᠬᠢᠴᠠᠭᠤᠯᠤᠨ᠂ ᠣᠨᠴᠠᠯᠢᠭ ᠲᠤ ᠨᠢ ᠲᠣᠬᠢᠷᠠᠭᠤᠯᠤᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠴᠠᠭ ᠲᠣᠬᠢᠶᠠᠯ ᠢ ᠠᠯᠳᠠᠯ ᠥᠬᠡᠶ ᠪᠠᠷ ᠠᠵᠢᠯ | ᠦᠢᠯᠡᠳᠪᠦᠷᠢᠯᠡᠯ ᠤᠨ ᠲᠠᠬᠢᠨ ᠰᠡᠷᠭᠦᠯᠲᠡ ᠶᠢ ᠲᠠᠰ ᠲᠥᠷᠥᠯ ᠬᠤᠪᠢᠶᠠᠨ ᠰᠠᠶᠢᠲᠤᠷ ᠶᠠᠪᠤᠭᠳᠠᠭᠤᠯᠵᠤ᠂ ᠠᠵᠤ | ᠠᠬᠤᠶ ᠶᠢᠨ ᠰᠠᠶᠢᠵᠢᠷᠠᠯᠲᠠ ᠶᠢ ᠳᠥᠯᠭᠢᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠱᠠᠲᠤᠨ ᠳᠤ ᠤᠷᠤᠭᠰᠠᠨ ᠤ ᠲᠠᠷᠠᠭ᠎ᠠ᠂ ᠪᠢᠲᠠ ᠬᠢᠵᠢᠭ ᠤᠨ ᠳᠠᠷᠠᠭᠠᠬᠢ | ᠲᠠᠭᠢᠨ ᠳᠡᠭᠵᠢᠷᠡᠯᠲᠡ ᠶᠢ ᠪᠤᠰᠢᠭᠤ ᠲᠥᠯᠥᠪᠯᠡᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ | ᠯᠠᠪᠳᠠᠭᠤᠨ ᠪᠠᠲᠤᠲᠠᠶ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ | ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠵᠣᠭᠰᠤᠩᠭᠤᠶᠢᠷᠠᠵᠤ ᠪᠠᠶᠢᠭᠰᠠᠨ ᠠᠴᠠ ᠰᠡᠷᠭᠦᠨ | ᠳᠠᠬᠢᠨ ᠲᠦᠷᠭᠡᠳᠴᠦ᠂ ᠲᠣᠭᠲᠠᠭᠤᠨ ᠢᠶᠠᠷ ᠦᠷᠭᠦᠯᠵᠢᠯᠡᠨ ᠰᠠᠶᠢᠵᠢᠷᠠᠬᠤ ᠪᠠᠶᠢᠳᠠᠯ ᠢ ᠪᠤᠢ ᠪᠤᠯᠭᠠᠵᠠᠢ᠃ | ᠲᠥᠯᠥᠭᠡᠯᠡᠭᠴᠢᠳ ᠡ᠂ ᠡᠨᠡ ᠤᠳᠠᠭᠠᠨ ᠤ ᠬᠢᠵᠢᠭ ᠢ ᠡᠰᠡᠷᠭᠦᠴᠡᠭᠰᠡᠨ ᠠᠤᠭ᠎ᠠ ᠲᠡᠮᠡᠴᠡᠯ ᠤᠨ ᠳᠤᠮᠳᠠ᠂ | ᠡᠵᠡᠨ᠎ᠡ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠬᠤᠪᠢ ᠵᠠᠶᠠᠭ᠎ᠠ ᠪᠠᠨ ᠬᠠᠮᠲᠤᠳᠬᠠᠨ᠂ ᠰᠡᠳᠬᠢᠯ ᠵᠢᠷᠦᠬᠡ ᠪᠠᠨ | ᠬᠤᠯᠪᠣᠵᠤ᠂ ᠡᠵᠡᠨ᠎ᠡ ᠶᠢ ᠲᠤᠰᠠᠯᠠᠭᠰᠠᠨ ᠺᠠᠳ᠋ᠷ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ | ᠡᠮ ᠡᠮᠨᠡᠯᠭᠡ ᠶᠢᠨ ᠡᠩᠨᠡᠭᠡ᠂ ᠬᠠᠯᠠᠭᠤᠨ ᠰᠡᠳᠬᠢᠯᠲᠦ ᠬᠥᠮᠦᠰ ᠵᠡᠷᠭᠡ ᠲᠤᠭ᠎ᠠ ᠥᠭᠡᠢ ᠤᠯᠠᠨ ᠪᠠᠭᠠᠲᠤᠷᠴᠤᠳ ᠪᠢᠳᠠᠨ | ᠲᠠᠢ ᠬᠠᠮᠲᠤ ᠪᠠᠷ ᠪᠡᠷᠬᠡᠰᠢᠶᠡᠯ ᠢ ᠰᠥᠷᠦᠨ ᠡᠷᠡᠯᠬᠡᠭᠯᠡᠨ ᠤᠷᠤᠭᠰᠢᠯᠠᠵᠤ᠂ ᠬᠦᠴᠢᠷ ᠪᠡᠷᠬᠡᠰᠢᠶᠠᠯ ᠢ ᠲᠤᠭᠤᠯᠤᠨ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠠᠮᠢ ᠨᠠᠰᠤᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ | ᠴᠣᠭᠴᠠᠯᠠᠪᠠ᠃ ᠠᠳᠡ ᠪᠢ ᠬᠤᠰᠢᠭᠤ ᠵᠠᠰᠠᠭ ᠢᠶᠠᠨ ᠲᠥᠯᠥᠭᠡᠯᠡᠵᠦ᠂ ᠲᠣᠰ ᠤᠳᠠᠭᠠᠨ ᠤ ᠬᠢᠵᠢᠭ ᠢ ᠡᠰᠡᠷᠭᠦᠴᠡᠬᠦ | ᠲᠡᠮᠡᠴᠡᠯ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠥᠷᠭᠡᠨ ᠣᠯᠠᠨ ᠡᠮᠨᠡᠯᠭᠡ ᠶᠢᠨ ᠠᠵᠢᠯᠲᠠᠨ᠂ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠰᠠᠶᠢᠨ ᠳᠤᠷᠠᠴᠤᠳ᠂ ᠨᠡᠶᠢᠭᠡᠮ ᠲᠣᠭᠤᠷᠢᠭ ᠤᠨ ᠠᠵᠢᠯᠲᠠᠨ᠂ | ᠡᠯ᠎ᠡ ᠹᠷᠣᠨᠲ ᠤᠨ ᠬᠠᠩᠭᠠᠯᠭ᠎ᠠ ᠶᠢ ᠪᠠᠲᠤᠯᠠᠬᠤ ᠬᠦᠮᠥᠰ ᠪᠠ ᠨᠠᠮ ᠤᠨ ᠭᠡᠰᠢᠭᠦᠨ ᠺᠠᠳ᠋ᠷ ᠠᠵᠢᠯᠲᠠᠨ ᠳᠤ᠂ ᠡᠵᠡᠨ᠎ᠡ ᠶᠢ | ᠲᠤᠰᠠᠯᠠᠭᠰᠠᠨ ᠨᠡᠶᠢᠭᠡᠮ ᠤᠨ ᠡᠯ᠎ᠡ ᠡᠲᠡᠭᠡᠳ ᠲᠤ᠂ ᠬᠤᠰᠢᠭᠤᠨ ᠤ ᠵᠠᠰᠠᠭ ᠤᠨ ᠠᠵᠢᠯ ᠢ ᠤᠶᠢᠯᠠᠭᠠᠨ ᠳᠡᠮᠵᠢᠵᠦ | ᠪᠠᠶᠢᠭ᠎ᠠ ᠠᠷᠠᠳ ᠣᠯᠠᠨ ᠪᠠ ᠵᠢᠭᠤᠯᠴᠢᠯᠠᠭᠰᠠᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ᠲᠦᠷᠪᠡᠨ ᠵᠢᠯ ᠤᠨ ᠴᠢᠷᠮᠠᠶᠢᠯᠭ᠎ᠠ ᠲᠡᠮᠡᠴᠠᠯ ᠨᠢ ᠬᠠᠲᠠᠭᠤ ᠪᠡᠷᠬᠡᠰᠢᠶᠡᠯ ᠲᠠᠢ | ᠪᠠᠶᠢᠭᠰᠠᠨ ᠴᠤ᠂ ᠲᠦᠷᠪᠡᠨ ᠵᠢᠯ ᠤᠨ ᠥᠷ᠎ᠡ ᠪᠦᠲᠦᠮᠵᠢ ᠨᠢ ᠬᠡᠮᠵᠢᠶᠡᠯᠡᠰᠢ ᠥᠭᠡᠢ ᠨᠠᠨᠳᠢᠨ ᠪᠠᠶᠢᠯ᠎ᠠ᠃ ᠡᠲᠡᠭᠡᠷ | ᠠᠮᠵᠢᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ᠂ ᠬᠤᠰᠢᠭᠤᠨ ᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ᠂ ᠪᠦᠭᠦ ᠬᠤᠰᠢᠭᠤᠨ ᠤ ᠡᠯ᠎ᠡ | ᠦᠨᠳᠦᠰᠦᠲᠡᠨ ᠤ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠤᠨ᠎ᠠ᠃ ᠠᠳᠡ ᠪᠢ | ᠬᠤᠰᠢᠭᠤ ᠵᠠᠰᠠᠭ ᠢᠶᠠᠨ ᠲᠥᠯᠥᠭᠡᠯᠡᠨ᠂ ᠪᠥᠬᠦ ᠬᠤᠰᠢᠭᠤᠨ ᠤ ᠠᠷᠠᠳ ᠲᠦᠮᠡᠨ᠂ ᠠᠷᠠᠳ ᠤᠨ ᠲᠥᠯᠦᠭᠡᠯᠡᠭᠴᠢᠳ᠂ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠬᠤᠰᠢᠭᠤᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ᠂ | ᠡᠵᠡᠨ᠎ᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠠᠶᠢᠵᠠ ᠨᠥᠬᠦᠳ ᠲᠤ ᠡᠷᠬᠢᠮ | ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠳᠥᠷᠪᠡᠨ ᠵᠢᠯ ᠢᠶᠠᠨ ᠡᠷᠬᠢᠴᠡᠭᠦᠯᠬᠦ ᠳᠤ᠂ ᠠᠶᠠᠨ ᠵᠠᠮ ᠤᠨ ᠬᠦᠴᠢᠷ ᠪᠡᠷᠬᠡᠰᠢᠶᠡᠯ | ᠪᠠᠶᠢᠬᠤ ᠮᠥᠷᠲᠡᠭᠡᠨ ᠠᠮᠵᠢᠯᠲᠠ ᠪᠦᠲᠦᠮᠵᠢ ᠶᠢᠨ ᠪᠠᠶᠠᠷ ᠪᠠᠭ᠋ᠠᠳᠤᠯ ᠪᠠᠶᠢᠨ᠎ᠠ᠃ ᠰᠡᠳᠬᠢᠯ ᠳᠤ ᠬᠠᠳᠠᠩᠰᠢᠭᠰᠠᠨ | ᠳᠤᠷᠠᠰᠤᠮᠵᠢ ᠪᠠᠶᠢᠬᠤ ᠮᠥᠷᠲᠡᠭᠡᠨ ᠪᠢᠯᠢᠭ ᠲᠡᠭᠦᠯᠳᠡᠷ ᠰᠡᠳᠬᠢᠨ ᠪᠣᠳᠤᠯᠲᠠ ᠪᠠᠶᠢᠨ᠎ᠠ᠃ ᠡᠭᠦᠨ ᠤ ᠤᠯᠠᠮ ᠢᠶᠠᠷ ᠪᠢᠳᠡ | ᠭᠦᠨᠵᠡᠭᠡᠶ ᠤᠶᠢᠯᠠᠭᠠᠭᠰᠠᠨ ᠨᠢ᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠠᠮᠵᠢᠯᠲᠠ ᠶᠢᠨ ᠦᠨᠳᠦᠰᠦᠨ | ᠪᠠᠲᠤᠯᠠᠭ᠎ᠠ ᠮᠥᠨ᠃ ᠭᠠᠭᠴᠠ ᠬᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠶᠢ ᠪᠠᠷᠢᠮᠲᠠᠯᠠᠵᠤ᠂ | ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ | ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠᠷ ᠠᠵᠢᠯ ᠢᠶᠠᠨ | ᠥᠷᠨᠢᠭᠦᠯᠪᠡᠯ ᠰᠠᠶ᠋ᠢ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠡᠵᠡᠨ᠎ᠡ ᠶᠢᠨ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠬᠤ ᠪᠣᠯ ᠠᠯᠢᠪᠠ ᠠᠵᠢᠯ ᠤᠨ ᠦᠷᠳᠡᠭ ᠤᠨ ᠢᠯᠡᠷᠡᠯ ᠮᠥᠨ᠃ ᠡᠷᠬᠡᠪᠰᠢ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠥᠪᠡᠷ ᠢ ᠪᠠᠨ ᠴᠦ | ᠠᠷᠠᠳ ᠲᠦᠮᠡᠨ ᠭᠡᠳᠡᠭ ᠢᠶᠠᠨ ᠬᠡᠵᠢᠶᠡᠳᠡ ᠴᠡᠭᠡᠵᠢᠯᠡᠵᠦ᠂ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ | ᠬᠦᠴᠢᠷ ᠵᠣᠪᠠᠭᠤᠷᠢ ᠶᠢ ᠴᠠᠭ ᠢᠮᠠᠭᠲᠠ ᠠᠩᠬᠠᠷᠴᠤ᠂ ᠪᠠᠴᠢᠮ ᠬᠦᠴᠢᠷᠳᠡᠯ ᠬᠦᠰᠡᠯ ᠱᠠᠭᠠᠷᠳᠠᠯᠭ᠎ᠠ ᠶᠢ ᠨᠢ ᠴᠠᠭ | ᠲᠤᠬᠠᠢ ᠳᠤ ᠨᠢ ᠰᠢᠢᠳᠪᠦᠷᠢᠯᠡᠪᠡᠯ ᠰᠠᠶ᠋ᠢ ᠮᠠᠨ ᠤ ᠠᠵᠢᠯ ᠤᠯᠠᠨ ᠲᠥᠮᠡᠨᠴᠢ ᠰᠠᠭᠤᠷᠢ ᠲᠠᠢ ᠪᠤᠯᠵᠤ᠂ ᠤᠯᠠᠨ ᠲᠦᠮᠡᠨ ᠢ | ᠬᠠᠨᠤᠮᠵᠢᠲᠠᠢ ᠪᠣᠯᠭᠠᠵᠤ ᠴᠢᠳᠠᠨ᠎ᠠ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠣᠯ ᠤᠳᠤᠷᠢᠳᠬᠤ ᠪᠠᠶᠢᠷᠢ ᠶᠢ | ᠤᠯᠬᠤ ᠶᠢᠨ ᠵᠠᠩᠭᠢᠯᠠᠭ᠎ᠠ ᠮᠥᠨ᠃ ᠡᠵᠡᠨ᠎ᠡ ᠶᠢᠨ ᠬᠥᠭᠵᠢᠯᠲᠡ ᠪᠣᠯ ᠨᠢᠭᠡᠨ ᠤᠳᠠᠭᠠᠨ ᠤ ︽ᠬᠦᠴᠦ ᠵᠠᠯᠭᠠᠬᠤ | ᠤᠷᠤᠯᠳᠤᠭᠠᠨ︾ ᠮᠥᠨ ᠪᠠᠶᠢᠵᠤ᠂ ᠭᠠᠭᠴᠠ ᠬᠦ᠋ ᠨᠢᠭᠡ ᠵᠢᠷᠤᠭ ᠲᠥᠰᠦᠪ ᠢ ᠡᠷᠡᠰ ᠪᠠᠷᠢᠮᠲᠠᠯᠠᠵᠤ᠂ ᠬᠦᠴᠦ ᠵᠠᠯᠭᠠᠨ | ᠤᠷᠤᠭᠰᠢᠯᠠᠵᠤ᠂ ᠬᠥᠭᠵᠢᠯᠲᠡ ᠶᠢᠨ ᠳᠤᠮᠳᠠ ᠲᠠᠨᠢᠯᠲᠠ ᠪᠠᠨ ᠨᠢᠭᠡᠳᠬᠡᠪᠡᠯ ᠰᠠᠶ᠋ᠢ ᠦᠷᠭᠦᠯᠵᠢᠯᠡᠨ ᠲᠡᠮᠡᠴᠡᠬᠦ | ᠶᠠᠪᠤᠴᠠ ᠳᠤ ᠡᠵᠡᠨ᠎ᠡ ᠶᠢᠨ ᠡᠯ᠎ᠡ ᠵᠦᠢᠯ ᠤᠨ ᠠᠵᠢᠯ ᠦᠢᠯᠡᠰ ᠢ ᠲᠠᠰᠤᠷᠠᠯᠲᠠ ᠦᠭᠡᠶ ᠬᠦᠭᠵᠢᠭᠦᠯᠵᠦ ᠴᠢᠳᠠᠨ᠎ᠠ᠃ | ᠪᠣᠳᠠᠲᠠᠢ ᠪᠠᠷ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠬᠤ ᠪᠣᠯ ᠬᠥᠭᠵᠢᠯᠲᠡ ᠶᠢ ᠠᠬᠢᠭᠤᠯᠬᠤ ᠶᠢᠨ | ᠴᠢᠬᠤᠯᠠ ᠪᠠᠲᠤᠯᠠᠭ᠎ᠠ ᠮᠥᠨ᠃ ᠥᠭᠡᠷᠡᠴᠢᠯᠡᠯᠲᠡ ᠬᠦᠭᠵᠢᠯᠲᠡ ᠲᠣᠭᠲᠠᠭᠤᠨ ᠳᠤ ᠰᠠᠭᠤᠷᠢᠯᠠᠨ᠂ ᠭᠠᠭᠴᠠ ᠬᠦ ᠪᠦᠬᠦ | ᠬᠦᠴᠦᠨ ᠢᠶᠠᠷ ᠠᠵᠢᠯᠯᠠᠵᠤ᠂ ᠪᠤᠳᠠᠲᠠᠢ ᠶᠢ ᠡᠷᠬᠢᠮᠯᠡᠨ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠭᠦᠯᠬᠦ ᠶᠢ | ᠪᠣᠳᠣᠯᠬᠢᠯᠠᠵᠤ᠂ ᠡᠷᠴᠢᠮᠲᠠᠢ ᠨᠠᠶᠢᠳᠠᠪᠤᠷᠢᠵᠢᠭᠤᠯᠤᠨ᠂ ᠠᠮᠵᠢᠯᠲᠠ ᠪᠦᠲᠥᠮᠵᠢ ᠪᠠᠷ ᠴᠢᠳᠠᠪᠦᠷᠢ ᠶᠢ ᠨᠢ ᠦᠨᠡᠯᠡᠵᠦ᠂ | ᠦᠢᠯᠡ ᠠᠵᠢᠯᠯᠠᠭ᠎ᠠ ᠪᠠᠷ ᠰᠤᠷᠲᠠᠯ ᠢ ᠨᠢ ᠦᠵᠡᠪᠡᠯ ᠰᠠᠶ᠋ᠢ ᠡᠯ᠎ᠡ ᠵᠦᠢᠯ ᠤᠨ ᠬᠠᠷᠠᠯᠲᠠ ᠡᠭᠦᠷᠭᠡ ᠶᠢ ᠤᠷᠤᠭᠰᠢᠲᠠᠶ | ᠪᠡᠶᠡᠯᠡᠭᠦᠯᠵᠦ ᠴᠢᠳᠠᠨ᠎ᠠ᠃ | ᠪᠢᠳᠠ ᠠᠮᠵᠢᠯᠲᠠ ᠪᠦᠲᠦᠮᠵᠢ ᠪᠠᠨ ᠣᠯᠵᠤ ᠬᠠᠷᠠᠬᠤ ᠶᠢᠨ ᠵᠡᠷᠭᠡ ᠪᠠᠰᠠ ᠤᠯᠠᠨ ᠠᠰᠠᠭᠤᠳᠠᠯ ᠣᠷᠣᠰᠢᠵᠤ | ᠪᠠᠶᠢᠭ᠎ᠠ ᠶᠢ ᠮᠡᠳᠡᠷᠡᠬᠦ ᠬᠡᠷᠡᠭᠲᠡᠢ᠄ ᠣᠳᠣᠬᠠᠨ ᠤ ᠬᠠᠮᠤᠭ ᠤᠨ ᠳᠤᠪᠤᠶᠢᠮ᠎ᠠ ᠠᠰᠠᠭᠤᠳᠠᠯ ᠪᠣᠯ ᠰᠠᠭᠤᠷᠢ | ᠲᠦᠬᠦᠭᠡᠷᠦᠮᠵᠢ ᠶᠢᠨ ᠲᠠᠯ᠎ᠠ ᠪᠠᠷ ᠨᠡᠯᠢᠶᠡᠳ ᠠᠷᠪᠢᠨ ᠳᠤᠲᠠᠭᠤᠳᠠᠯ ᠣᠷᠤᠰᠢᠵᠤ᠂ ᠰᠤᠷᠭᠠᠨ ᠬᠥᠮᠦᠵᠢᠯ᠂ ᠡᠮ ᠡᠮᠨᠡᠯᠭᠡ | ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠨᠢ ᠠᠷᠠᠳ ᠤᠯᠠᠨ ᠤ ᠬᠦᠰᠡᠯ ᠡᠷᠡᠮᠡᠯᠵᠡᠯ ᠲᠠᠢ ᠬᠠᠷᠠᠬᠠᠨ ᠵᠦᠷᠢᠶᠠᠨ ᠲᠠᠢ | ᠪᠠᠶᠢᠭᠰᠠᠭᠠᠷ᠃ ᠬᠠᠮᠤᠭ ᠤᠨ ᠪᠣᠳᠠᠲᠠᠶ ᠬᠢᠵᠠᠭᠠᠷᠯᠠᠯ ᠭᠡᠪᠡᠯ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ | ᠨᠡᠯᠢᠶᠡᠳ ᠳᠣᠣᠷ᠎ᠠ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ | ᠵᠠᠰᠠᠯᠲᠠ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠮᠵᠢᠬᠦ ᠣᠷᠣᠭᠤᠯᠤᠯᠲᠠ ᠬᠢᠵᠠᠭᠠᠷ ᠲᠠᠢ︔ | ᠬᠠᠮᠤᠭ ᠤᠨ ᠪᠡᠷᠬᠡ ᠬᠠᠲᠠᠭᠤᠵᠢᠯᠲᠠᠶ ᠥᠷᠢᠰᠥᠯᠳᠦᠭᠡᠨ ᠪᠣᠯᠠᠵᠤ ᠦᠢᠯᠡᠰ ᠤᠨ ᠪᠦᠲᠦᠴᠡ ᠲᠡᠶᠢᠮᠦ ᠵᠤᠬᠢᠰ ᠲᠠᠢ | ᠪᠢᠰᠢ ᠪᠠᠶᠢᠵᠤ᠂ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠭ᠎ᠠ ᠬᠦᠨᠳᠦ ᠬᠡᠴᠡᠭᠦᠦ | ᠪᠠᠶᠢᠳᠠᠯ ᠤᠨ ᠡᠮᠦᠨ᠎ᠡ᠂ ᠣᠷᠣᠨ ᠪᠠᠶᠢᠷᠢ ᠡᠬᠢ ᠪᠠᠶᠠᠯᠢᠭ ᠵᠡᠷᠭᠡ ᠶᠢᠨ ᠳᠠᠪᠠᠭᠤᠯᠢᠭ ᠢᠶᠠᠨ ᠬᠡᠷᠬᠢᠨ ᠭᠦᠢᠴᠡᠳ | ᠪᠠᠳᠠᠷᠠᠭᠤᠯᠵᠤ᠂ ᠨᠢᠭᠡ ᠪᠦᠯᠦᠭ ᠪᠦᠲᠦᠴᠡ ᠶᠢ ᠰᠢᠯᠢᠳᠡᠭᠵᠢᠭᠦᠯᠵᠦ ᠪᠦᠲᠦᠮᠵᠢ ᠶᠢ ᠨᠡᠮᠡᠭᠳᠡᠭᠦᠯᠬᠦ ᠴᠢᠬᠤᠯᠠ ᠶᠡᠭᠡ | ᠲᠦᠷᠦᠯ ᠵᠦᠢᠯ ᠢ ᠣᠨᠣᠴᠠᠲᠠᠶ ᠪᠠᠷ ᠲᠠᠳᠠᠨ ᠠᠪᠴᠢᠷᠠᠵᠤ᠂ ᠡᠵᠡᠨ᠎ᠡ ᠶᠢᠨ ᠳᠠᠪᠠᠭᠤᠯᠢᠭ ᠢᠶᠠᠨ ᠢᠯᠡᠷᠡᠭᠦᠯᠵᠦ᠂ ᠠᠵᠤ | ᠦᠢᠯᠡᠰ ᠤᠨ ᠬᠡᠯᠬᠢᠶ᠎ᠡ ᠶᠢ ᠴᠢᠩᠭᠠᠷᠠᠭᠤᠯᠵᠤ᠂ ᠨᠥᠬᠦᠪᠦᠷᠢᠯᠡᠵᠦ᠂ ᠤᠷᠳᠤᠳᠬᠠᠵᠤ᠂ ᠬᠥᠭᠵᠢᠯᠲᠡ ᠶᠢ ᠥᠷᠭᠦᠯᠵᠢᠯᠡᠨ | ᠡᠷᠴᠢᠮᠵᠢᠭᠦᠯᠬᠦ ᠶᠠᠪᠤᠳᠠᠯ ᠪᠣᠯᠤᠨ᠎ᠠ᠃ ᠡᠭᠦᠨ ᠤ ᠬᠠᠮᠲᠤ᠂ ᠬᠡᠰᠡᠭ ᠺᠠᠳ᠋ᠷᠴᠤᠳ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠴᠢᠳᠠᠪᠤᠷᠢ ᠬᠦᠷᠦᠯᠴᠡᠬᠦ ᠥᠬᠡᠶ᠂ ᠬᠡᠷᠡᠭᠵᠢᠭᠦᠯᠬᠦ ᠪᠠ ᠨᠠᠶᠢᠳᠠᠪᠤᠷᠢᠵᠢᠭᠤᠯᠬᠤ ᠴᠢᠳᠠᠪᠦᠷᠢ ᠪᠠᠷ ᠠᠨᠠᠢ᠂ | ︽ᠬᠢᠬᠦ ᠵᠣᠷᠢᠭ ᠥᠬᠡᠶ᠂ ᠬᠢᠬᠦ ᠳᠤᠷ᠎ᠠ ᠥᠬᠡᠶ᠂ ᠬᠢᠬᠦ ᠳᠡᠭᠡᠨ ᠮᠠᠭᠤ︾ ᠦᠵᠡᠭᠳᠡᠯ ᠠᠳᠠᠯᠢ ᠪᠤᠰᠤ ᠬᠡᠮᠵᠢᠶ᠎ᠡ ᠪᠠᠷ | ᠣᠷᠣᠰᠢᠵᠤ ᠪᠤᠢ᠃ ᠡᠭᠦᠨ ᠳᠤ ᠪᠢᠳᠡ ᠠᠰᠠᠭᠤᠳᠠᠯ ᠤᠨ ᠦᠨᠳᠤᠰᠤ ᠳᠤ ᠴᠢᠭᠯᠡᠬᠦᠯᠦᠨ ᠨᠡᠩ ᠤᠯᠠᠨ ᠰᠢᠨ᠎ᠡ ᠠᠷᠭ᠎ᠠ᠂ | ᠰᠠᠶᠢᠨ ᠠᠷᠭ᠎ᠠ᠂ ᠪᠣᠳᠠᠲᠠᠢ ᠠᠷᠭ᠎ᠠ ᠶᠢ ᠠᠪᠴᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠴᠢᠷᠮᠠᠶᠢᠨ | ᠰᠢᠢᠳᠪᠦᠷᠢᠯᠡᠬᠦ ᠬᠡᠷᠡᠭᠲᠡᠢ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠰᠡᠳᠬᠢᠴᠡ᠂ ᠲᠡᠮᠡᠴᠡᠯ ᠤᠨ ᠬᠠᠷᠠᠯᠲᠠ ᠵᠢᠴᠢ | ᠠᠵᠢᠯ ᠤᠨ ᠭᠤᠣᠯᠳᠠᠯᠭ᠎ᠠ | ᠬᠤᠶᠢᠰᠢᠳᠠ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠬᠠᠷᠠᠯᠲᠠ ᠵᠦᠭ ᠲᠡᠮᠡᠦᠯᠡᠬᠦ | ᠡᠬᠢᠯᠡᠯᠲᠡ ᠶᠢᠨ ᠬᠤᠭᠤᠴᠠᠭ᠎ᠠ ᠪᠣᠯᠤᠨ᠎ᠠ᠃ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠪᠠᠷ᠂ ᠬᠤᠶᠢᠰᠢᠳᠠ ᠶᠢᠨ ᠲᠠᠪᠤᠨ ᠵᠢᠯ ᠤᠨ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠪᠣᠯᠤᠨ ᠠᠷᠪᠠᠨ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ | ᠡᠯ᠎ᠡ ᠣᠳᠠᠭᠠᠨ ᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠦᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠪᠡᠷᠲᠡᠭᠡᠨ ᠵᠠᠰᠠᠬᠤ ᠣᠷᠤᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠪᠣᠯᠤᠨ | ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠵᠤ᠂ ᠲᠣᠭᠲᠠᠭᠤᠨ ᠤ ᠲᠤᠮᠲᠠ ᠤᠷᠤᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠦᠵᠡᠯᠲᠡ ᠶᠢ ᠪᠦᠷᠢᠨ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠠᠬᠢᠭᠤᠯᠤᠨ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠰᠢᠵᠢᠮ ᠪᠤᠯᠭᠠᠵᠤ᠂ | ᠬᠢᠵᠢᠭ ᠤᠨ ᠪᠠᠶᠢᠳᠠᠯ ᠤᠨ ᠡᠵᠡᠮᠳᠡᠯᠲᠡ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠦᠯᠦᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠠᠮᠢ ᠠᠬᠤᠢ ᠶᠢ ᠤᠷᠢᠳᠠᠪᠡᠷ | ᠪᠤᠳᠤᠯᠬᠢᠯᠠᠨ᠂ ᠪᠤᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ | ᠰᠢᠨ᠎ᠡ ᠵᠠᠮ ᠢᠶᠠᠷ ᠡᠷᠡᠰ ᠵᠠᠮᠨᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢ | ᠲᠦᠷᠭᠡᠳᠬᠡᠨ ᠪᠠᠶᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠵᠤ ᠠᠬᠤᠶ ᠶᠢ ᠵᠣᠬᠢᠰᠲᠠᠶ | ᠬᠡᠪᠴᠢᠶᠠᠨ ᠳᠤ ᠠᠵᠢᠯᠯᠠᠭᠤᠯᠵᠤ᠂ ᠡᠵᠡᠨ᠎ᠡ ᠶᠢᠨ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ | ᠪᠥᠬᠦ ᠲᠠᠯ᠎ᠠ ᠪᠠᠷ ᠡᠬᠢᠯᠡᠭᠦᠯᠦᠨ᠎ᠡ᠃ | ᠬᠤᠶᠢᠰᠢᠳᠠ ᠶᠢᠨ ᠲᠠᠪᠤᠨ ᠵᠢᠯ ᠤᠨ ᠲᠡᠮᠡᠴᠡᠬᠦ ᠬᠠᠷᠠᠯᠲᠠ ᠪᠣᠯ᠄ | — — ᠶᠡᠷᠦᠩᠬᠡᠶᠢᠯᠡᠭᠰᠡᠨ ᠪᠣᠳᠠᠲᠤ ᠬᠦᠴᠦᠨ ᠢ ᠰᠢᠨ᠎ᠡ ᠳᠡᠭᠲᠡᠷ ᠲᠤ ᠭᠠᠷᠭᠠᠨ᠎ᠠ᠃ ᠬᠤᠰᠢᠭᠤᠨ ᠤ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ᠂ ᠣᠷᠣᠨ | ᠨᠣᠲᠤᠭ ᠤᠨ ᠥᠢᠯᠡᠳᠪᠦᠷᠢᠯᠡᠯ ᠤᠨ ᠶᠡᠷᠦᠩᠬᠡᠶ ᠥᠷᠲᠡᠭ ᠢ ᠵᠢᠯ ᠪᠦᠷᠢ ᠳᠤᠮᠳᠠᠴᠢ ᠪᠠᠷ 8% ᠠᠴᠠ ᠳᠡᠭᠡᠭᠰᠢ | ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ | 7% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠵᠢᠯ ᠪᠦᠷᠢ | ᠳᠤᠮᠳᠠᠴᠢ ᠪᠠᠷ 8% ᠠᠴᠠ ᠳᠡᠭᠡᠭᠰᠢ ᠨᠡᠮᠡᠭᠳᠡᠭᠦᠯᠦᠨ᠂ ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠬᠡᠰᠡᠭᠯᠡᠨ | ᠪᠣᠷᠣᠯᠠᠭᠤᠯᠤᠯᠲᠠ ᠶᠢᠨ ᠶᠡᠷᠦᠩᠬᠡᠢ ᠲᠤᠭ᠎ᠠ ᠶᠢ ᠵᠢᠯ ᠪᠦᠷᠢ ᠳᠤᠮᠳᠠᠴᠢ ᠪᠠᠷ 7% ᠠᠴᠠ ᠳᠡᠭᠡᠭᠰᠢ ᠨᠡᠮᠡᠭᠳᠡᠭᠦᠯᠵᠦ᠂ | ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠣᠰ ᠲᠣᠰ 7% ᠪᠠ 8% ᠠᠴᠠ | ᠳᠡᠭᠡᠭᠰᠢ ᠨᠡᠮᠡᠭᠳᠡᠭᠦᠯᠦᠨ᠎ᠡ᠃ 2022 ᠣᠨ ᠤ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ | ᠦᠢᠯᠡᠳᠪᠦᠷᠢᠯᠡᠯ ᠤᠨ ᠪᠦᠬᠦ ᠦᠷᠳᠡᠭ ᠢ 8% ᠪᠠᠷ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ | ᠣᠷᠣᠯᠭ᠎ᠠ ᠶᠢ 8% ᠪᠠᠷ ᠨᠡᠮᠡᠭᠳᠡᠭᠦᠯᠵᠦ᠂ 3.19 ᠳ᠋ᠦᠩᠰᠢᠭᠤᠷ ᠲᠥᠭᠦᠷᠢᠭ ᠲᠤ ᠬᠦᠷᠭᠡᠨ᠎ᠡ︔ ᠲᠣᠭᠲᠠᠮᠠᠯ | ᠬᠦᠷᠦᠩᠭᠡ ᠶᠢᠨ ᠪᠡᠯᠡ ᠣᠷᠣᠭᠤᠯᠤᠯᠲᠠ ᠶᠢ 7% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ | ᠬᠡᠰᠡᠭᠯᠡᠨ ᠪᠣᠷᠣᠯᠠᠭᠤᠯᠤᠯᠲᠠ ᠶᠢᠨ ᠶᠡᠷᠦᠩᠬᠡᠢ ᠲᠤᠭ᠎ᠠ ᠶᠢ 5% ᠪᠠᠷ ᠨᠡᠮᠡᠭᠳᠡᠭᠦᠯᠦᠨ᠂ ᠬᠤᠲᠠ ᠪᠠᠯᠭᠠᠰᠤ ᠪᠠ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠣᠰ ᠲᠣᠰ 7% ᠪᠠ 8% ᠪᠠᠷ ᠨᠡᠮᠡᠭᠳᠡᠭᠦᠯᠵᠦ᠂ 49495 ᠲᠥᠭᠦᠷᠢᠭ ᠪᠠ 30220 | ᠲᠥᠭᠦᠷᠢᠭ ᠲᠤ ᠬᠦᠷᠭᠡᠨ᠎ᠡ᠃ | — — ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠶᠢ ᠣᠯᠣᠨ᠎ᠠ᠃ ᠤᠳᠤ ᠦᠶ᠎ᠡ ᠶᠢᠨ | ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠠᠮᠢ ᠠᠬᠤᠶ ᠶᠢᠨ ᠠᠵᠤ ᠦᠢᠯᠡᠳᠪᠦᠷᠢ᠂ ᠰᠢᠨ᠎ᠡ | ᠡᠨᠧᠷᠭᠢ ᠶᠢᠨ ᠠᠵᠤ ᠦᠢᠯᠡᠰ ᠤᠨ ᠬᠦᠭᠵᠢᠯᠲᠡ ᠶᠢ ᠲᠦᠷᠭᠡᠳᠬᠡᠵᠦ᠂ ᠠᠮᠢ ᠠᠬᠤᠶ ᠶᠢᠨ ᠠᠵᠤ ᠦᠢᠯᠡᠰ ᠤᠨ | ᠰᠢᠰᠲ᠋ᠧᠮ ᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶᠡᠨ ᠤ ᠣᠳᠣᠬᠢᠴᠢᠯᠠᠯᠲᠠ ᠶᠢᠨ ᠬᠢᠷᠢ ᠲᠦᠪᠰᠢᠨ ᠢ | ᠶᠡᠭᠡ ᠪᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠮᠡᠳᠡᠭᠳᠡᠮ᠎ᠡ ᠲᠦᠷᠭᠡᠳᠬᠡᠵᠦ᠂ ᠰᠠᠭᠤᠷᠢ | ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠥᠬᠦᠭᠡᠷᠦᠮᠵᠢ ᠶᠢ ᠪᠦᠬᠦᠯᠢ ᠴᠣᠭᠴᠠ ᠪᠠᠷ ᠨᠢ ᠰᠢᠯᠢᠳᠡᠭᠵᠢᠭᠦᠯᠵᠦ᠂ ᠬᠤᠲᠠ ᠬᠥᠳᠡᠭᠡ ᠶᠢᠨ | ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠢ ᠴᠢᠨᠠᠷ ᠢ ᠮᠡᠳᠡᠭᠳᠡᠮ᠎ᠡ ᠴᠢᠩᠭᠠᠳᠬᠠᠵᠤ᠂ ᠬᠥᠭᠵᠢᠯᠲᠡ ᠶᠢᠨ | ᠶᠠᠰᠤ ᠴᠢᠨᠠᠷ ᠪᠣᠯᠤᠨ ᠦᠷ᠎ᠡ ᠠᠰᠢᠭ ᠢ ᠢᠯᠡᠷᠬᠡᠢ ᠳᠡᠭᠡᠭᠰᠢᠯᠡᠭᠦᠯᠦᠨ᠎ᠡ᠃ | — — ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠰᠢᠨ᠎ᠡ ᠲᠦᠪᠰᠢᠨ ᠳᠤ ᠬᠦᠷᠭᠡᠨ᠎ᠡ᠃ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠠᠮᠠᠭᠠᠯᠠᠯᠲᠠ ᠨᠡᠭᠡᠭᠡᠯᠲᠡ ᠶᠢᠨ ᠪᠠᠶᠢᠷᠢᠰᠢᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠠᠭᠤᠯᠠ ᠤᠰᠤ᠂ ᠣᠶ ᠰᠢᠭᠤᠶ᠂ ᠲᠠᠷᠢᠶᠠᠨ ᠭᠠᠵᠠᠷ᠂ ᠨᠠᠭᠤᠷ ᠴᠦᠬᠦᠷᠦᠮ᠂ ᠨᠤᠲᠤᠭ | ᠪᠡᠯᠴᠢᠭᠡᠷ᠂ ᠡᠯᠡᠰᠦ ᠮᠠᠩᠬᠠᠨ ᠤ ᠰᠢᠰᠲ᠋ᠧᠮᠲᠦ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠵᠦ᠂ ᠡᠨᠧᠷᠭᠢ ᠶᠢᠨ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠶᠡᠭᠡ ᠪᠠᠷ ᠨᠡᠮᠡᠭᠳᠡᠭᠦᠯᠦᠨ᠂ | ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢ ᠳᠡᠭᠡᠳᠦ ᠱᠠᠲᠤᠨ ᠤ ᠲᠤᠭᠲᠠᠭᠠᠭᠰᠠᠨ | ᠬᠡᠪᠴᠢᠶᠡᠨ ᠳᠤ ᠬᠢᠵᠠᠭᠠᠷᠯᠠᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ ᠤ ᠬᠦᠭᠵᠢᠬᠦ ᠪᠠ | ᠣᠷᠣᠰᠢᠨ ᠠᠮᠢᠳᠤᠷᠠᠬᠤ ᠡᠯᠢᠭᠡᠨ ᠬᠠᠶᠢᠷᠠᠲᠤ ᠨᠤᠲᠤᠭ ᠤᠰᠤ ᠶᠢ ᠰᠠᠶᠢᠲᠤᠷ ᠰᠠᠬᠢᠨ ᠬᠠᠮᠠᠭᠠᠯᠠᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ | ᠪᠠᠬᠢᠵᠢᠭᠦᠯᠦᠨ᠎ᠡ᠃ | — — ᠥᠭᠡᠷᠡᠴᠢᠯᠡᠯᠲᠡ ᠨᠡᠭᠡᠭᠡᠯᠳᠡ ᠶᠢᠨ ᠰᠢᠨ᠎ᠡ ᠠᠯᠬᠤᠮ ᠢ ᠡᠬᠢᠯᠡᠭᠦᠯᠦᠨ᠎ᠡ᠃ ᠵᠠᠩᠭᠢᠯᠠᠭ᠎ᠠ ᠶᠢᠨ | ᠭᠤᠭᠴᠤᠭ᠎ᠠ ᠪᠠ ᠭᠤᠣᠯᠳᠠᠯᠭᠠᠲᠤ ᠴᠠᠷ᠎ᠠ ᠬᠦᠷᠢᠶᠡᠨ ᠤ ᠥᠭᠡᠷᠡᠴᠢᠯᠡᠯᠲᠡ ᠶᠢᠨ ᠰᠢᠨ᠎ᠡ ᠰᠢᠪᠲᠤᠯᠤᠯᠲᠠ ᠶᠢ | ᠣᠯᠵᠤ᠂ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢᠨ ᠢᠯᠡᠳᠲᠡ ᠦᠷ᠎ᠡ | ᠪᠦᠲᠦᠮᠵᠢ ᠶᠢ ᠣᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠤᠨ | ᠨᠡᠭᠡᠭᠡᠯᠲᠡ ᠶᠢᠨ ᠶᠡᠷᠦᠩᠬᠡᠶ ᠪᠠᠶᠢᠷᠢᠰᠢᠭᠤᠯᠤᠯᠲᠠ ᠯᠤᠭ᠎ᠠ ᠨᠠᠩ ᠰᠠᠶᠢᠨ ᠠᠭᠤᠰᠤᠯᠴᠠᠵᠤ᠂ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠨᠡᠪᠲᠡᠷᠡᠯᠴᠡᠭᠡᠨ ᠤ ᠪᠠᠶᠢᠭᠤᠯᠤᠯᠲᠠ ᠳᠤ ᠢᠳᠡᠪᠬᠢᠲᠡᠶ ᠣᠷᠣᠯᠴᠠᠨ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠤᠰ ᠣᠷᠴᠢᠯᠲᠠ ᠶᠢ ᠰᠠᠭᠠᠳ ᠥᠬᠡᠶ ᠨᠡᠪᠲᠡᠷᠡᠭᠦᠯᠵᠦ᠂ ᠥᠪᠡᠷᠲᠡᠭᠡᠨ ᠵᠠᠰᠠᠬᠤ | ᠣᠷᠣᠨ ᠤ ᠭᠤᠣᠯᠳᠠᠯᠭᠠᠲᠤ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠤᠷᠰᠢᠯᠲᠠ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠦᠷᠭᠡᠨ ᠬᠡᠪᠴᠢᠶᠠᠨ ᠤ ᠬᠢᠯᠢ ᠶᠢᠨ ᠪᠤᠭᠤᠮᠲᠠ ᠶᠢᠨ ᠠᠵᠤ ᠠᠬᠤᠶ ᠶᠢᠨ | ᠥᠷᠨᠢᠩᠭᠦᠶ ᠬᠥᠭᠵᠢᠯᠲᠡ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠠᠶᠢᠷᠢ ᠰᠠᠭᠤᠷᠢ ᠶᠢ | ᠲᠠᠰᠤᠷᠠᠯᠲᠠ ᠥᠬᠡᠶ ᠪᠠᠬᠢᠵᠢᠭᠦᠯᠦᠨ᠎ᠡ᠃ | — — ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠤᠯᠠᠮ ᠰᠠᠶᠢᠵᠢᠷᠠᠭᠤᠯᠤᠨ᠎ᠠ᠃ ᠦᠨᠳᠦᠰᠦᠨ | ᠴᠢᠨᠠᠷᠲᠠᠢ᠂ ᠲᠦᠭᠡᠮᠡᠯ ᠬᠠᠷᠠᠭᠠᠯᠵᠠᠯᠲᠤ᠂ ᠪᠠᠲᠤᠯᠠᠭᠠᠲᠤ ᠴᠢᠨᠠᠷᠲᠠᠶ ᠠᠷᠠᠳ ᠤᠨ ᠠᠮᠢᠳᠤᠷᠠᠯ ᠤᠨ ᠦᠢᠯᠡᠰ ᠢ ᠪᠦᠬᠦ | ᠲᠠᠯ᠎ᠠ ᠪᠠᠷ ᠬᠦᠭᠵᠢᠭᠦᠯᠵᠦ᠂ ᠰᠣᠶᠣᠯ ᠰᠤᠷᠭᠠᠨ ᠬᠥᠮᠦᠵᠢᠯ ᠢ ᠨᠡᠩ ᠴᠢᠨᠠᠷᠵᠢᠭᠤᠯᠤᠨ᠂ ᠡᠷᠡᠭᠦᠯ ᠬᠠᠮᠠᠭᠠᠯᠠᠯ ᠡᠷᠡᠭᠦᠯ | ᠮᠡᠨᠳᠤ ᠶᠢ ᠨᠡᠩ ᠪᠠᠲᠤᠯᠠᠭ᠎ᠠ ᠲᠠᠢ ᠪᠣᠯᠭᠠᠵᠤ᠂ ᠤᠯᠠᠨ ᠲᠦᠮᠡᠨ ᠤ ᠠᠵᠢᠯ ᠣᠯᠭᠤᠯᠲᠠ ᠶᠢᠨ ᠠᠰᠠᠭᠤᠳᠠᠯ ᠶᠢ ᠨᠡᠩ | ᠶᠡᠭᠡ ᠰᠢᠢᠳᠪᠦᠷᠢᠯᠡᠨ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠰᠢᠭᠦᠯᠦᠭᠰᠡᠨ ᠲᠦᠪᠰᠢᠨ ᠢ | ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠡᠰ ᠳᠠᠪᠬᠤᠷᠭᠠᠲᠤ ᠨᠡᠶᠢᠭᠡᠮ ᠤᠨ ᠪᠠᠲᠤᠯᠠᠭᠠᠨ ᠤ ᠰᠢᠰᠲ᠋ᠧᠮ ᠢ ᠨᠡᠩ | ᠲᠡᠭᠦᠯᠳᠡᠷᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠨᠡᠩ | ᠴᠢᠨᠠᠷᠯᠢᠭ ᠪᠡᠶᠡᠯᠡᠭᠦᠯᠦᠨ᠎ᠡ᠃ | — — ᠨᠡᠶᠢᠭᠡᠮ ᠤᠨ ᠵᠠᠰᠠᠯᠲᠠ ᠶᠢᠨ ᠴᠢᠳᠠᠮᠵᠢ ᠶᠢ ᠤᠯᠠᠮ ᠳᠡᠭᠡᠭᠰᠢᠯᠡᠭᠦᠯᠦᠨ᠎ᠡ᠃ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠭᠦᠨᠵᠡᠭᠡᠶ ᠬᠤᠪᠢᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ | ᠥᠨᠳᠥᠷ ᠪᠦᠲᠦᠮᠵᠢᠲᠡᠶ ᠪᠣᠯᠭᠠᠵᠤ᠂ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠦᠨ᠎ᠡ᠃ | ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠳᠦᠷᠢᠮ ᠤᠨ ᠰᠢᠨ᠎ᠡ ᠡᠭᠦᠳᠦᠯᠲᠡ ᠪᠠ | ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠶ ᠴᠢᠩᠭᠠᠷᠠᠭᠤᠯᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ | ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠤ | ᠶᠡᠷᠦᠩᠬᠡᠢ ᠪᠠᠶᠢᠳᠠᠯ ᠡᠳᠦᠷ ᠢᠷᠡᠬᠦᠶ᠎ᠡ ᠪᠠᠬᠢᠵᠢᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ | ᠠᠮᠤᠷ ᠲᠦᠪᠰᠢᠨ ᠢ ᠬᠠᠷᠢᠯᠴᠠᠨ ᠰᠠᠶᠢᠨ ᠦᠢᠯᠡᠳᠦᠯᠴᠡᠭᠦᠯᠦᠨ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ | ᠪᠦᠬᠦᠨ ᠬᠠᠷᠢᠭᠤᠴᠠᠬᠤ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ | ᠦᠨᠳᠦᠰᠦᠨ ᠳᠡᠭᠡᠨ ᠪᠦᠷᠢᠯᠳᠦᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ | ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠨ ᠪᠠᠶᠢᠭᠤᠯᠤᠨ᠎ᠠ᠃ | ᠲᠥᠯᠥᠭᠡᠯᠡᠭᠴᠢᠳ ᠡ︕ ᠢᠷᠡᠭᠡᠳᠦᠶ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ᠂ ᠬᠠᠮᠤᠭ ᠤᠨ | ᠵᠠᠩᠭᠢᠯᠠᠭ᠎ᠠ ᠨᠢ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ᠂ ᠠᠷᠪᠠᠨ ᠶᠢᠰᠦᠳᠦᠭᠡᠷ ᠬᠤᠭᠤᠴᠠᠭᠠᠨ ᠤ ᠲᠦᠪ | ᠬᠤᠷᠢᠶᠠᠨ ᠤ ᠡᠯ᠎ᠡ ᠤᠳᠠᠭᠠᠨ ᠤ ᠪᠦᠬᠦᠳᠡ ᠬᠤᠷᠠᠯ ᠪᠣᠯᠤᠨ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠦᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠥᠬᠦ ᠲᠠᠯ᠎ᠠ ᠶᠢᠨ ᠴᠢᠨᠠᠷᠲᠠᠶ ᠠᠷᠭ᠎ᠠ ᠪᠣᠳᠣᠯᠭ᠎ᠠ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠯᠠᠭᠤᠯᠤᠯᠲᠠ᠂ ᠪᠦᠬᠦᠯᠢ ᠴᠣᠭᠴᠠ ᠶᠢᠨ ᠴᠢᠨᠠᠷᠲᠠᠶ ᠠᠬᠢᠭᠤᠯᠤᠯᠲᠠ ᠶᠢ | ᠴᠢᠩᠭᠠᠳᠬᠠᠵᠤ᠂ ᠪᠥᠬᠦ ᠬᠦᠴᠦᠨ ᠢᠶᠠᠷ ᠢᠶᠠᠨ ᠬᠤᠰᠢᠭᠤᠨ ᠤ ᠠᠷᠪᠠᠨ ᠳᠥᠷᠪᠡᠳᠦᠭᠡᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠨᠲᠡ ᠲᠣᠭᠲᠠᠭᠠᠭᠰᠠᠨ ︽ᠲᠥᠯᠥᠪᠵᠢᠭᠦᠯᠭᠡ ᠶᠢᠨ ᠵᠢᠷᠤᠭ︾ ︽ᠵᠠᠮ | ᠱᠤᠭᠤᠮ ᠤᠨ ᠵᠢᠷᠤᠭ︾ ᠢ ᠪᠤᠳᠠᠲᠠᠶᠢᠵᠢᠭᠤᠯᠬᠤ ᠶᠠᠪᠤᠳᠠᠯ ᠪᠣᠯᠤᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠡᠷᠬᠡᠪᠰᠢ ᠤᠯᠤᠰ ᠲᠥᠷᠥ ᠶᠢᠨ ᠬᠠᠷᠢᠭᠤᠴᠠᠯᠭ᠎ᠠ ᠶᠢ ᠨᠡᠩ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ | ᠪᠣᠳᠠᠲᠠᠶ ᠶᠢ ᠡᠷᠬᠢᠮᠯᠡᠨ ᠦᠨᠡᠨ ᠢᠶᠠᠷ ᠠᠵᠢᠯᠯᠠᠵᠤ᠂ ᠲᠡᠮᠡᠴᠡᠯ ᠴᠢᠷᠮᠠᠶᠢᠯᠭ᠎ᠠ ᠪᠠᠷ ᠰᠢᠨ᠎ᠡ ᠶᠢ ᠡᠭᠦᠳᠦᠨ | ᠬᠦᠴᠦᠷᠭᠡᠭᠵᠢᠵᠦ᠂ ᠰᠢᠨ᠎ᠡ ᠡᠬᠢᠯᠡᠯᠲᠡ ᠶᠢᠨ ᠱᠤᠭᠤᠮ ᠳᠡᠭᠡᠷ᠎ᠡ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ᠡᠶᠢᠮᠦ ᠠᠴᠠ | ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠠᠮᠢ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠪᠣᠬᠢᠷᠲᠤᠯ ᠦᠭᠡᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ᠃ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠦᠭᠡᠢ | ᠦᠢᠯᠡᠳᠪᠦᠷᠢᠯᠡᠯ ᠤᠨ ᠠᠷᠭ᠎ᠠ ᠬᠡᠯᠪᠡᠷᠢ ᠪᠣᠯᠤᠨ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠦ᠂ ᠨᠣᠭᠤᠭᠠᠨ | ᠪᠦᠷᠢᠳᠦ ᠶᠢᠨ ᠠᠮᠢ ᠠᠬᠤᠢ ᠶᠢᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ | ᠠᠮᠢ ᠠᠬᠤᠶ ᠶᠢᠨ ᠰᠢᠰᠲ᠋ᠧᠮ ᠤᠨ ᠵᠠᠰᠠᠯᠲᠠ ᠰᠡᠷᠭᠦᠭᠡᠯᠲᠡ ᠶᠢ ᠴᠢᠩᠭᠠᠳᠬᠠᠨ᠎ᠠ᠃ ᠠᠭᠤᠯᠠ ᠤᠰᠤ᠂ ᠣᠶ | ᠰᠢᠭᠤᠶ᠂ ᠲᠠᠷᠢᠶᠠᠨ ᠭᠠᠵᠠᠷ᠂ ᠨᠠᠭᠤᠷ ᠴᠦᠬᠦᠷᠦᠮ᠂ ᠨᠤᠲᠤᠭ ᠪᠡᠯᠴᠢᠭᠡᠷ᠂ ᠡᠯᠡᠰᠦ ᠮᠠᠩᠬᠠᠨ ᠤ ᠰᠢᠰᠲ᠋ᠧᠮᠲᠦ | ᠵᠠᠰᠠᠯᠲᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ︽ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ | ᠲᠦᠷᠢᠮ︾ ᠢ ᠭᠦᠨᠵᠡᠭᠡᠶ ᠳᠥᠯᠭᠢᠨ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ | ᠪᠠ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠵᠠᠰᠠᠯᠲᠠ ᠰᠡᠷᠭᠦᠭᠡᠯᠲᠡ ᠪᠠ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠯᠢᠨ ᠾᠧ ᠠᠴᠠ ᠬᠠᠮᠢᠯ ᠬᠦᠷᠬᠦ ᠲᠡᠮᠦᠷ ᠵᠠᠮ᠂ ᠪᠡᠭᠡᠵᠢᠩ ᠠᠴᠠ | ᠰᠢᠨᠵᠢᠶᠠᠩ ᠬᠥᠷᠬᠦ ᠦᠨᠳᠦᠷ ᠬᠤᠷᠳᠤᠴᠠᠲᠤ ᠵᠠᠰᠠᠮᠠᠯ ᠵᠠᠮ᠂ G331 ᠱᠤᠭᠤᠮ ᠤᠨ ᠳᠠᠯᠠᠶᠢᠬᠦ᠋ᠪ ᠠᠴᠠ ᠡᠷᠢᠶᠠᠨ | ᠴᠣᠨᠵᠢ ᠶᠢᠨ ᠨᠠᠭᠤᠷ ᠬᠥᠷᠬᠦ ᠬᠡᠰᠡᠭ ᠤᠨ ᠵᠠᠮ ᠳᠠᠭᠠᠤ ᠶᠢᠨ ᠠᠮᠢ ᠠᠬᠤᠶ ᠶᠢᠨ ᠨᠣᠭᠤᠭᠠᠷᠠᠭᠤᠯᠤᠯᠲᠠ ᠶᠢ ᠲᠦᠷᠭᠡᠳᠬᠡᠨ | ᠠᠬᠢᠭᠤᠯᠵᠤ᠂ 7 ᠲᠦᠮᠡᠨ ᠮᠥ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠲᠠᠪᠤ ᠶᠢ ᠢᠵᠢ ᠪᠦᠷᠢᠳᠦᠭᠦᠯᠦᠭᠰᠡᠨ | ᠡᠪᠡᠰᠦᠨ ᠬᠦᠷᠢᠶᠡᠨ ᠳᠤ ᠲᠦᠷᠢᠮᠵᠢᠭᠦᠯᠦᠨ ᠳᠠᠷᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ᠨᠤᠷᠠᠭᠠᠵᠤ | ᠨᠡᠭᠦᠯᠭᠡᠨ ᠦᠭᠡᠷᠡᠴᠢᠯᠡᠬᠦ᠂ ᠮᠣᠳᠣ ᠲᠠᠷᠢᠵᠤ ᠣᠶᠢᠵᠢᠭᠤᠯᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠠᠯᠠᠶᠢᠬᠦ᠋ᠪ ᠪᠠᠯᠭᠠᠰᠤᠨ ᠤ ᠡᠮᠦᠨ᠎ᠡ ᠬᠦᠲᠦᠯ ᠤᠨ ᠤᠷᠭᠤᠮᠠᠯ ᠤᠨ ᠬᠤᠴᠢᠯᠭ᠎ᠠ | ᠪᠣᠯᠤᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠵᠦ᠂ ᠳᠠᠯᠠᠶᠢᠬᠦ᠋ᠪ ᠪᠠᠯᠭᠠᠰᠤᠨ ᠤ ᠠᠮᠢ ᠠᠬᠤᠶ ᠶᠢᠨ | ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠠᠷ᠎ᠠ ᠭᠤᠣᠯ ᠤᠨ ᠤᠰᠤᠨ ᠤ ᠡᠬᠢ ᠪᠠᠶᠠᠯᠢᠭ ᠢ | ᠰᠠᠶᠢᠳᠤᠷ ᠬᠠᠮᠠᠭᠠᠯᠠᠨ ᠠᠰᠢᠭᠯᠠᠵᠤ᠂ ᠭᠤᠣᠯ ᠳᠠᠭᠤ ᠣᠷᠤᠨ ᠤ ᠭᠠᠵᠠᠷ ᠳᠤᠤᠷᠠᠬᠢ ᠣᠰᠤᠨ ᠤ ᠡᠬᠢ ᠪᠠᠶᠠᠯᠢᠭ ᠢ | ᠬᠠᠮᠢᠶᠠᠷᠤᠨ ᠡᠵᠡᠮᠳᠡᠵᠦ᠂ ᠰᠣᠪᠨᠠᠭᠤᠷ ᠤᠨ ᠤᠰᠤᠨ ᠣᠷᠴᠢᠯ ᠢ ᠶᠡᠷᠦᠩᠬᠡᠶᠢᠯᠡᠨ ᠵᠠᠰᠠᠬᠤ ᠠᠵᠢᠯ ᠢ ᠡᠬᠢᠯᠡᠭᠦᠯᠵᠦ᠂ | ︽ᠬᠠᠷ᠎ᠠ ᠭᠤᠣᠯ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠥᠪᠵᠢᠭᠦᠯᠭᠡ︾ ᠶᠢ ᠲᠦᠷᠭᠡᠳᠬᠡᠨ ᠬᠡᠷᠡᠭᠵᠢᠭᠦᠯᠦᠨ᠎ᠡ | ᠃ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠭᠤᠷᠤᠨᠠᠢ ᠶᠢᠨ ᠭᠤᠣᠯ᠂ ᠦᠩᠲᠦᠭᠤᠤᠯ ᠵᠡᠷᠭᠡ | ᠨᠤᠭᠤ ᠭᠠᠵᠠᠷ ᠤᠨ ᠰᠢᠨᠵᠢᠯᠡᠭᠡ ᠰᠤᠳᠤᠯᠭ᠎ᠠ ᠪᠤᠯᠤᠨ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ | ᠪᠠᠬᠢᠵᠢᠭᠦᠯᠦᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠲᠤᠷ ᠬᠢᠨ᠎ᠠ᠃ ᠠᠭᠠᠷ᠂ | ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠯᠠᠪᠳᠠᠭᠤᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠤᠨ᠎ᠠ᠃ ︽ᠨᠠᠭᠤᠷ ᠭᠤᠣᠯ ᠤᠨ ᠳᠠᠷᠤᠭ᠎ᠠ ᠶᠢᠨ ᠲᠦᠷᠢᠮ︾ ᠪᠠ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠰᠤᠨ ᠤ ᠠᠮᠢ ᠠᠬᠤᠶ ᠶᠢ | ᠵᠠᠰᠠᠬᠤ᠂ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ | ᠨᠠᠭᠤᠷ ᠭᠤᠣᠯ ᠤᠨ ︽ᠲᠦᠷᠪᠡᠨ ᠳᠢᠭᠯᠢᠮ ᠦᠭᠡᠢ ᠪᠠᠶᠢᠳᠠᠯ ᠤᠨ ᠴᠡᠭᠴᠡᠯᠡᠯᠲᠡ︾ ᠶᠢ ᠪᠠᠶᠢᠩᠭᠤᠵᠢᠭᠤᠯᠤᠨ | ᠳᠦᠷᠢᠮᠵᠢᠭᠦᠯᠵᠦ᠂ ᠬᠠᠷ᠎ᠠ ᠭᠤᠣᠯ ᠤᠨ ᠤᠰᠤᠨ ᠤ ᠴᠢᠨᠠᠷ ᠢ ᠤᠷᠳᠤ ᠬᠤᠭᠤᠴᠠᠭ᠎ᠠ ᠪᠠᠷ ᠪᠠᠷᠢᠮᠵᠢᠶᠠᠨ ᠳᠤ | ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠤᠭᠤᠷᠢᠨ ᠢ | ᠶᠡᠷᠦᠩᠬᠡᠶᠢᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠦᠨ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠪᠠ ᠠᠶᠤᠯᠭᠦᠶ ᠪᠠᠷ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠤᠨ ᠤᠯᠠᠨ | ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠲᠠᠷᠢᠶᠠᠨ ᠡᠮ ᠬᠢᠮᠢ ᠶᠢᠨ ᠪᠤᠷᠳᠤᠭᠤᠷ ᠤᠨ | ᠬᠡᠷᠡᠭᠯᠡᠯᠲᠡ ᠶᠢ ᠪᠠᠭᠠᠰᠬᠠᠬᠤ ᠪᠠ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠶᠢ ᠲᠦᠯᠬᠢᠨ | ᠠᠬᠢᠭᠤᠯᠤᠨ᠎ᠠ᠃ ᠡᠨᠧᠷᠭᠢ ᠶᠢᠨ ᠵᠠᠷᠤᠴᠠᠭᠤᠯᠭ᠎ᠠ ᠶᠢᠨ ᠶᠡᠷᠦᠩᠬᠡᠶ ᠬᠡᠮᠵᠢᠶ᠎ᠡ ᠪᠠ ᠬᠦᠴᠦᠯᠡᠴᠡ ᠶᠢ ᠴᠢᠩᠭ᠎ᠠ | ᠬᠢᠵᠠᠭᠠᠷᠯᠠᠵᠤ᠂ ︽ᠬᠤᠶᠠᠷ ᠢ ᠡᠵᠡᠮᠳᠡᠬᠦ︾ ᠬᠠᠷᠠᠯᠲᠠᠲᠤ ᠡᠭᠦᠷᠭᠡ ᠶᠢ ᠦᠨᠡᠨᠬᠦ ᠪᠡᠶᠡᠯᠡᠭᠦᠯᠦᠨ᠎ᠡ᠃ | ᠪᠠᠶᠢᠭᠠᠯᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠨ᠎ᠡ᠃ ︽ᠭᠤᠷᠪᠠᠨ | ᠱᠤᠭᠤᠮ ᠨᠢᠭᠡ ᠵᠢᠭᠰᠠᠭᠠᠯᠲᠠ︾ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ | ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ ᠪᠠ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠲᠦᠷᠭᠡᠳᠬᠡᠨ | ᠠᠬᠢᠭᠤᠯᠵᠤ᠂ ᠡᠬᠢ ᠪᠠᠶᠠᠯᠢᠭ ᠤᠨ ᠶᠡᠷᠦᠩᠬᠡᠶ ᠬᠡᠮᠵᠢᠶᠠᠨ ᠤ ᠬᠠᠮᠢᠶᠠᠷᠤᠯᠲᠠ᠂ ᠰᠢᠨᠵᠢᠯᠡᠬᠦ ᠤᠬᠠᠭᠠᠨᠴᠢ | ᠲᠤᠬᠢᠷᠠᠭᠤᠯᠤᠯᠲᠠ᠂ ᠪᠦᠬᠦ ᠲᠠᠯ᠎ᠠ ᠶᠢᠨ ᠠᠷᠪᠢᠯᠠᠯᠲᠠ ᠪᠠ ᠣᠷᠴᠢᠯᠳᠤᠭᠤᠯᠤᠭᠰᠠᠨ ᠠᠰᠢᠭᠯᠠᠯᠲᠠ ᠶᠢ ᠲᠦᠯᠬᠢᠨ | ᠠᠬᠢᠭᠤᠯᠵᠤ᠂ ᠡᠬᠢ ᠪᠠᠶᠠᠯᠢᠭ ᠤᠨ ᠬᠠᠩᠭᠠᠯᠭ᠎ᠠ ᠶᠢᠨ ᠶᠠᠰᠤ ᠴᠢᠨᠠᠷ ᠪᠠ ᠪᠠᠶᠢᠭᠠᠯᠢ ᠶᠢᠨ ᠠᠮᠢ ᠠᠬᠤᠶ ᠶᠢᠨ | ᠰᠢᠰᠲ᠋ᠧᠮ ᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ᠂ ᠦᠨᠳᠦᠰᠦᠨ | ᠲᠠᠷᠢᠶᠠᠨ ᠭᠠᠵᠠᠷ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠢ ᠴᠢᠩᠭ᠎ᠠ | ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠣᠨ ᠵᠠᠶ᠂ ᠠᠮᠢᠳᠤᠷᠠᠯ ᠤᠨ ᠣᠷᠣᠨ ᠵᠠᠶ᠂ ᠦᠢᠯᠡᠳᠪᠦᠷᠢᠯᠡᠯ ᠤᠨ | ᠣᠷᠣᠨ ᠵᠠᠶ ᠶᠢ ᠵᠣᠬᠢᠴᠠᠩᠭᠤᠶ ᠪᠥᠭᠡᠳ ᠲᠡᠩᠴᠡᠭᠦᠷᠢᠲᠡᠶ ᠪᠠᠶᠢᠷᠢᠯᠠᠭᠤᠯᠤᠨ᠎ᠠ᠃ ᠠᠮᠢ ᠠᠬᠤᠶ ᠶᠢᠨ ᠪᠦᠲᠦᠭᠡᠭᠳᠡᠬᠦᠨ ᠤ | ᠥᠷᠲᠡᠭ ᠢ ᠪᠡᠶᠡᠯᠡᠭᠦᠯᠬᠦ ᠵᠠᠭᠪᠤᠷ ᠵᠠᠮ ᠢ ᠢᠳᠡᠪᠬᠢᠲᠡᠶ ᠰᠦᠪᠡᠭᠴᠢᠯᠡᠵᠦ᠂ ᠴᠠᠭᠠᠨ ᠭᠤᠶᠤᠤ ᠲᠠᠷᠢᠬᠤ᠂ ᠵᠢᠭᠳᠡ ᠲᠠᠷᠢᠬᠤ | ᠵᠡᠷᠭᠡ ᠪᠤᠬᠢᠷᠳᠤᠯ ᠦᠭᠡᠢ ᠠᠮᠢ ᠠᠬᠤᠢ ᠶᠢᠨ ᠦᠢᠯᠡᠰ ᠢ ᠶᠡᠭᠡ ᠪᠠᠷ ᠬᠦᠭᠵᠢᠭᠦᠯᠦᠨ᠎ᠡ᠃ ᠠᠷᠠᠳ ᠨᠡᠶᠢᠲᠡ ᠶᠢᠨ | ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠵᠤ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠳᠣᠣᠷ᠎ᠠ | ᠨᠡᠭᠦᠷᠡᠰᠦᠲᠦᠷᠦᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠦᠮᠦᠨ ᠪᠤᠯᠤᠨ ᠪᠠᠶᠢᠭᠠᠯᠢ ᠶᠢᠨ ᠡᠶ᠎ᠡ | ᠵᠤᠬᠢᠴᠠᠯᠲᠤ ᠬᠦᠭᠵᠢᠯ ᠢ ᠠᠬᠢᠭᠤᠯᠤᠨ᠎ᠠ᠃ | ︵ᠬᠤᠶᠠᠷ︶ ᠬᠦᠴᠦ ᠪᠠᠨ ᠲᠥᠪᠯᠡᠷᠡᠭᠦᠯᠦᠨ ᠲᠤᠭ᠎ᠠ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠠᠲᠤᠳᠬᠠᠨ᠎ᠠ᠃ | ᠠᠮᠢ ᠠᠬᠤᠶ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠤᠨ | ᠳᠠᠪᠠᠭᠤᠯᠢᠭ ᠢᠶᠠᠨ ᠪᠠᠳᠠᠷᠠᠭᠤᠯᠵᠤ ᠳᠤᠲᠠᠭᠳᠠᠯ ᠢᠶᠠᠨ ᠨᠥᠬᠦᠪᠦᠷᠢᠯᠡᠨ᠂ ᠲᠤᠭ᠎ᠠ ᠬᠡᠮᠵᠢᠶ᠎ᠡ ᠶᠢ ᠥᠷᠭᠡᠳᠬᠡᠨ ᠶᠠᠰᠤ | ᠴᠢᠨᠠᠷ ᠢ ᠳᠡᠭᠡᠭᠰᠢᠯᠡᠭᠦᠯᠬᠦ ᠠᠵᠢᠯ ᠢ ᠭᠦᠢᠴᠡᠳ ᠬᠢᠵᠦ᠂ ᠠᠵᠤ ᠦᠢᠯᠡᠰ ᠤᠨ ᠬᠡᠯᠬᠢᠶ᠎ᠡ ᠪᠤᠯᠤᠨ ᠬᠠᠩᠭᠠᠯᠭ᠎ᠠ ᠶᠢᠨ | ᠬᠡᠯᠬᠢᠶ᠎ᠡ ᠶᠢᠨ ᠲᠣᠭᠲᠠᠪᠤᠷᠢᠲᠤ ᠴᠢᠨᠠᠷ᠂ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠲᠤᠭᠲᠠᠭᠤᠨ ᠢᠶᠠᠷ ᠲᠦᠯᠬᠢᠨ ᠠᠬᠢᠭᠤᠯᠤᠨ᠎ᠠ᠃ | ︽ᠤᠰᠤ ᠪᠠᠷ ᠲᠠᠷᠢᠶ᠎ᠠ ᠶᠢ ᠲᠣᠭᠲᠠᠭᠠᠵᠤ᠂ ᠤᠰᠤ ᠪᠠᠷ ᠤᠨᠠᠯᠲᠠ ᠶᠢ ᠲᠣᠭᠲᠠᠭᠠᠬᠤ︾ ᠶᠢ ᠪᠠᠷᠢᠮᠲᠠᠯᠠᠵᠤ᠂ | ᠲᠠᠷᠢᠮᠠᠯ ᠤᠨ ᠲᠠᠯᠠᠪᠠᠢ ᠶᠢ ᠴᠢᠩᠭ᠎ᠠ ᠬᠢᠵᠠᠭᠠᠷᠯᠠᠵᠤ᠂ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ᠂ ᠥᠨᠵᠢᠭᠦᠯᠦᠨ | ᠲᠠᠷᠢᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠠᠵᠢᠯᠯᠠᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠲᠠᠷᠢᠶᠠᠯᠠᠬᠤ ᠶᠢ ᠵᠣᠭᠰᠣᠭᠠᠭᠰᠠᠨ ᠲᠠᠷᠢᠶᠠᠨ ᠭᠠᠵᠠᠷ ᠤᠨ ᠬᠤᠶᠢᠰᠢᠲᠠ ᠶᠢᠨ ᠬᠠᠮᠢᠶᠠᠷᠤᠯᠲᠠ ᠶᠢ | ᠲᠥᠷᠥ ᠶᠢᠨ ᠪᠣᠳᠣᠯᠭ᠎ᠠ ᠲᠠᠢ ᠵᠤᠯᠭᠠᠭᠤᠯᠬᠤ ᠶᠢ ᠬᠠᠶᠢᠨ ᠰᠦᠪᠡᠭᠴᠢᠯᠡᠵᠦ᠂ ᠭᠠᠵᠠᠷ ᠰᠢᠷᠣᠶ ᠶᠢᠨ ᠮᠥ ᠪᠦᠷᠢ ᠶᠢᠨ | ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠦᠨ᠎ᠡ᠃ ᠮᠠᠯ ᠤᠨ ᠰᠦᠷᠦᠭ ᠤᠨ ᠪᠦᠲᠦᠴᠡ ᠶᠢ ᠰᠢᠯᠢᠳᠡᠭᠵᠢᠭᠦᠯᠵᠦ᠂ | ᠪᠤᠷᠤᠯᠠᠭᠤᠯᠬᠤ ᠨᠢᠳᠤᠯᠬᠤ ᠪᠠ ᠡᠷᠭᠢᠯᠳᠦᠭᠦᠯᠬᠦ ᠨᠤᠷᠮ᠎ᠠ ᠶᠢ ᠳᠡᠭᠡᠭᠰᠢᠯᠡᠭᠦᠯᠦᠨ᠂ ᠮᠠᠯ ᠤᠨ ᠠᠰᠢᠭ ᠰᠢᠮ᠎ᠡ ᠶᠢᠨ ᠠᠵᠤ | ᠦᠢᠯᠡᠰᠵᠢᠭᠰᠡᠨ᠂ ᠨᠠᠷᠢᠯᠢᠭᠵᠢᠭᠰᠠᠨ᠂ ᠦᠨᠳᠦᠷ ᠬᠢᠷᠢ ᠲᠦᠪᠰᠢᠨ ᠲᠠᠢ ᠬᠦᠭᠵᠢᠯᠲᠡ ᠶᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠲᠦᠷᠭᠡᠳᠬᠡᠨ᠂ ᠬᠥᠲᠥᠴᠢ ᠠᠵᠤ ᠠᠬᠤᠶᠢᠯᠠᠯ ᠢ ᠪᠤᠶᠢᠵᠢᠭᠤᠯᠵᠤ ᠵᠢᠱᠢᠶᠡᠯᠡᠨ ᠳᠠᠭᠠᠭᠤᠯᠬᠤ ᠦᠢᠯᠡᠳᠦᠯ ᠢ | ᠪᠠᠳᠠᠷᠠᠭᠤᠯᠵᠤ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ᠂ ᠮᠠᠯ ᠪᠡᠯᠴᠢᠭᠡᠷ ᠢ ᠨᠢᠭᠡ ᠴᠤᠭᠴᠠᠵᠢᠭᠤᠯᠤᠨ | ᠬᠥᠭᠵᠢᠭᠦᠯᠬᠦ ᠬᠡᠯᠪᠡᠷᠢ ᠶᠢ ᠲᠡᠯᠭᠡᠷᠡᠭᠦᠯᠵᠦ᠂ ᠮᠠᠯᠴᠢᠨ ᠲᠠᠷᠢᠶᠠᠴᠢᠨ ᠯᠤᠭ᠎ᠠ ᠦᠢᠯᠡᠳᠪᠦᠷᠢᠯᠡᠯ ᠤᠨ ᠬᠡᠯᠬᠢᠶᠡᠵᠢᠯ ᠢ | ᠬᠠᠮᠲᠤᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠨᠠᠷᠠᠲᠤ ᠲᠡᠮᠳᠡᠭ ᠢ ᠬᠠᠮᠲᠤᠪᠠᠷ ᠡᠭᠦᠳᠬᠦ ᠠᠵᠤ | ᠦᠢᠯᠡᠰ ᠤᠨ ᠬᠤᠯᠪᠣᠭᠠᠲᠤ ᠴᠣᠭᠴᠠ ᠶᠢ ᠪᠣᠶ ᠪᠣᠯᠭᠠᠵᠤ᠂ ᠳᠠᠪᠠᠭᠤᠯᠢᠭ ᠠᠵᠤ ᠦᠢᠯᠡᠰ ᠤᠨ ᠡᠭᠦᠯᠳᠡᠷ ᠤᠨ | ᠪᠣᠶᠢᠵᠢᠭᠤᠯᠣᠯᠲᠠ ᠰᠢᠯᠢᠳᠡᠭᠵᠢᠭᠦᠯᠦᠯᠲᠡ᠂ ᠶᠠᠰᠤ ᠴᠢᠨᠠᠷ ᠤᠨ ᠳᠡᠭᠡᠭᠰᠢᠯᠡᠭᠦᠯᠦᠯᠲᠡ᠂ ᠨᠠᠷᠠᠲᠤ ᠲᠡᠮᠳᠡᠭ ᠤᠨ | ᠡᠭᠦᠳᠦᠯᠲᠡ ᠪᠠ ᠪᠠᠷᠢᠮᠵᠢᠶᠠᠵᠢᠭᠤᠯᠤᠯᠲᠠ᠂ ᠪᠣᠬᠢᠷᠲᠤᠯ ᠥᠬᠡᠶ ᠦᠢᠯᠡᠳᠪᠦᠷᠢᠯᠡᠯ ᠢ ᠪᠡᠶᠡᠯᠡᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭ᠎ᠠ ᠬᠢᠭᠡᠳ ᠬᠥᠮᠥᠷᠭᠡᠯᠡᠨ ᠬᠠᠳᠠᠭᠠᠯᠠᠬᠤ ᠬᠦᠢᠳᠡᠨ ᠬᠡᠯᠬᠢᠶᠡᠲᠦ | ᠪᠠᠷᠠᠭᠠᠨ ᠬᠦᠢᠯᠭᠡᠭᠡᠨ ᠤ ᠲᠤᠭᠲᠠᠴᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠶ ᠤᠨᠴᠠᠯᠢᠭᠳᠤ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠲᠦᠭᠡᠭᠳᠡᠬᠦᠨ ᠵᠠᠬ᠎ᠠ ᠳᠡᠯᠭᠡᠭᠦᠷ ᠲᠤ ᠣᠷᠤᠬᠤ ᠶᠢ ᠰᠢᠯᠤᠭᠤᠳᠬᠠᠨ᠎ᠠ᠃ ᠮᠠᠯ ᠲᠠᠷᠢᠶᠠᠯᠠᠩ ᠤᠨ | ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠨ ᠤᠬᠤᠴᠢᠯᠠᠬᠤ ᠮᠡᠳᠡᠭᠡ | ᠵᠠᠩᠭᠢ ᠶᠢᠨ ᠲᠠᠪᠴᠠᠩ᠂ ᠠᠮᠢᠲᠠᠨ ᠤ ᠬᠢᠵᠢᠭ ᠡᠪᠡᠳᠴᠢᠨ ᠢ ᠬᠢᠨᠠᠨ ᠬᠡᠮᠵᠢᠵᠦ ᠰᠡᠷᠭᠡᠶᠢᠯᠡᠨ ᠡᠵᠡᠮᠳᠡᠬᠦ ᠲᠤᠭᠲᠠᠴᠠ ᠶᠢᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠣᠶ ᠰᠢᠭᠤᠶ ᠨᠤᠲᠤᠭ ᠪᠡᠯᠴᠢᠭᠡᠷ ᠤᠨ | ᠤᠷᠭᠤᠮᠠᠯ ᠢ ᠬᠠᠮᠠᠭᠠᠯᠠᠬᠤ ᠪᠠ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠨ᠎ᠠ᠃ | ᠬᠡᠯᠪᠡᠷᠢ ᠪᠠᠨ ᠬᠤᠪᠢᠷᠠᠭᠤᠯᠤᠨ ᠠᠵᠤ ᠦᠢᠯᠡᠳᠪᠦᠷᠢ ᠶᠢᠨ ᠠᠵᠤ ᠠᠬᠤᠶ ᠶᠢ ᠬᠦᠭᠵᠢᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠬᠤᠶᠢᠲᠤ ᠠᠭᠤᠯᠠ ᠶᠢᠨ ᠠᠭᠤᠷᠬᠠᠶ ᠶᠢᠨ ᠪᠦᠰᠡ ᠶᠢᠨ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠬᠦ | ᠲᠥᠷᠥᠯ ᠵᠦᠢᠯ ᠤᠨ ᠲᠤᠰᠬᠠᠶ ᠪᠠᠯᠠ ᠮᠥᠩᠭᠦ ᠶᠢ ᠰᠠᠶᠢᠲᠤᠷ ᠬᠡᠷᠡᠭᠯᠡᠵᠦ᠂ ᠲᠥᠪᠯᠡᠷᠡᠭᠰᠡᠨ ᠣᠷᠣᠨ ᠤ ᠤᠰᠤ ᠴᠠᠬᠢᠯᠭᠠᠨ | ᠵᠠᠮ ᠬᠠᠷᠢᠯᠴᠠᠭ᠎ᠠ ᠴᠢᠮᠡᠭᠡ ᠬᠤᠯᠪᠤᠭ᠎ᠠ ᠵᠡᠷᠭᠡ ᠢᠵᠢ ᠪᠦᠷᠢᠨ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ | ᠲᠣᠭᠤᠷᠢᠨ ᠢ ᠴᠢᠷᠮᠠᠶᠢᠨ ᠪᠣᠶ ᠪᠣᠯᠭᠠᠨ᠎ᠠ᠃ ᠡᠤ ᠲᠣᠬᠤᠢ᠂ ᠲᠦᠷᠫᠠᠨ ᠬᠠᠮᠢᠯ ᠤᠨ ᠴᠢᠯᠠᠭᠤᠨ ᠲᠣᠰᠤᠨ ᠤ ᠰᠢᠲᠠᠮᠠᠬᠠᠶ | ᠬᠡᠶ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠲᠥᠷᠥᠯ ᠵᠦᠢᠯ ᠤᠨ ᠬᠤᠳᠠᠯᠳᠤᠭᠠᠨ ᠤ ᠦᠢᠯᠡᠳᠪᠦᠷᠢᠯᠡᠬᠦ | ᠴᠢᠳᠠᠪᠤᠷᠢ ᠶᠢ ᠪᠣᠶ ᠪᠣᠯᠭᠠᠬᠤ ᠶᠢ ᠬᠦᠴᠦᠯᠡᠨ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ | ᠳᠠᠪᠠᠭᠤᠯᠢᠭ ᠵᠦᠭ ᠬᠤᠪᠢᠷᠠᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠵᠦ᠂ | ᠲᠡᠮᠦᠷ ᠤᠨ ᠠᠭᠤᠷᠬᠠᠢ ᠶᠢ ᠰᠤᠩᠭᠤᠵᠤ ᠰᠢᠯᠢᠬᠦ ᠵᠠᠷᠭᠡ ᠭᠤᠤᠯᠯᠠᠭᠴᠢ ᠠᠵᠤ ᠠᠬᠤᠶᠢᠯᠠᠯ ᠤᠨ ᠳᠠᠯᠳᠠ ᠬᠦᠴᠦᠨ ᠢᠶᠠᠨ | ᠠᠭᠤᠳᠠᠯᠤᠨ ᠦᠷ᠎ᠡ ᠠᠰᠢᠭ ᠢᠶᠠᠨ ᠨᠡᠮᠡᠭᠳᠡᠭᠦᠯᠬᠦ᠂ ᠮᠡᠷᠭᠡᠵᠢᠯ ᠢᠶᠠᠨ ᠰᠢᠨᠡᠳᠭᠡᠬᠦ᠂ ᠦᠷ᠎ᠡ ᠪᠦᠲᠦᠮᠵᠢ ᠪᠠᠨ | ᠳᠡᠭᠡᠭᠰᠢᠯᠡᠭᠦᠯᠬᠦ ᠶᠢ ᠳᠡᠮᠵᠢᠨ᠎ᠡ᠃ ᠠᠭᠤᠷᠬᠠᠶ ᠶᠢᠨ ᠦᠢᠯᠡᠰ ᠢ ᠳᠦᠷᠢᠮᠵᠢᠭᠦᠯᠵᠦ᠂ ᠣᠲᠣ ᠶᠢᠨ ᠪᠠᠶᠢᠭ᠎ᠠ ᠠᠭᠤᠷᠬᠠᠶ | ᠮᠠᠯᠲᠠᠬᠤ ᠡᠷᠬᠡ᠂ ᠠᠭᠤᠷᠬᠠᠶ ᠬᠠᠶᠢᠬᠤ ᠡᠷᠬᠡ ᠶᠢ ᠡᠮᠬᠢᠯᠡᠨ ᠨᠡᠶᠢᠯᠡᠭᠦᠯᠵᠦ᠂ ᠴᠠᠬᠢᠭᠤᠷ ᠴᠢᠯᠠᠭᠤ ᠶᠢ ᠨᠢᠭᠡ | ᠴᠤᠭᠴᠠᠵᠢᠭᠤᠯᠤᠨ ᠡᠳ᠋ᠰᠢᠭᠦᠯᠬᠦ ᠪᠠ ᠣᠯᠠᠨ ᠲᠡᠮᠦᠷᠯᠢᠭ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ ᠢ | ᠡᠬᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃ ᠰᠤᠯᠠ ᠪᠠᠶᠢᠬᠤ ᠭᠠᠵᠠᠷ ᠰᠢᠷᠣᠶ᠂ ᠦᠢᠯᠡᠳᠪᠦᠷᠢ ᠶᠢᠨ ᠬᠡᠷ ᠪᠠᠶᠢᠰᠢᠩ | ᠵᠡᠷᠭᠡ ᠦᠯᠡᠭᠦᠳᠡᠯ ᠡᠳ᠋ ᠬᠥᠷᠥᠩᠭᠡ ᠶᠢ ᠴᠢᠯᠥᠭᠡᠲᠡᠶ ᠡᠷᠭᠢᠯᠳᠦᠭᠦᠯᠦᠨ ᠬᠡᠷᠡᠭᠯᠡᠵᠦ᠂ ᠦᠢᠯᠡᠳᠦᠯ ᠴᠢᠳᠠᠮᠵᠢ ᠶᠢ ᠨᠢ | ᠠᠮᠢᠯᠠᠭᠤᠯᠤᠨ ᠪᠠᠳᠠᠷᠠᠭᠤᠯᠤᠨ᠎ᠠ᠃ ︽ᠬᠠᠷᠢᠶ᠎ᠠ ᠭᠠᠵᠠᠷ ᠢ ᠰᠤᠨᠳᠠᠯᠠᠭᠰᠠᠨ ᠠᠵᠤ ᠠᠬᠤᠢ︾ ᠶᠢᠨ ᠬᠦᠷᠢᠶᠡᠯᠡᠩ ᠤᠨ | ᠦᠢᠯᠡᠴᠢᠯᠡᠭᠡᠨ ᠤ ᠴᠢᠳᠠᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠠᠮ ᠵᠠᠰᠠᠬᠤ᠂ ᠤᠰᠤ ᠬᠠᠩᠭᠠᠵᠤ | ᠭᠠᠳᠠᠭᠰᠢᠯᠠᠭᠤᠯᠬᠤ᠂ ᠴᠠᠬᠢᠯᠭᠠᠨ ᠬᠠᠩᠭᠠᠬᠤ ᠵᠡᠷᠭᠡ ᠪᠥᠲᠥᠭᠡᠨ ᠪᠠᠶᠢᠭᠤᠯᠤᠯᠲᠠ ᠶᠢ ᠡᠷᠴᠢᠮᠵᠢᠭᠦᠯᠵᠦ᠂ | ᠨᠠᠷᠢᠯᠢᠭᠵᠢᠭᠤᠯᠤᠭᠰᠠᠨ ᠬᠢᠮᠢ ᠶᠢᠨ ᠦᠢᠯᠡᠳᠪᠦᠷᠢ ᠪᠠ ᠮᠢᠺᠷᠣᠪ ᠪᠣᠷᠲᠣᠭᠤᠷ ᠵᠡᠷᠭᠡ ᠲᠥᠷᠥᠯ ᠵᠦᠢᠯ ᠤᠨ | ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠪᠣᠯᠤᠨ | ᠠᠬᠢᠴᠠ ᠶᠢ ᠠᠳᠬᠤᠨ᠂ ᠰᠠᠯᠬᠢ᠂ ᠭᠡᠷᠡᠯ᠂ ᠨᠥᠭᠡᠴᠡ ᠵᠡᠷᠭᠡ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢ | ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢᠨ ᠬᠦᠢᠴᠡᠳᠬᠡᠯ | ᠲᠤᠭ᠎ᠠ ᠶᠢ ᠢᠳᠡᠪᠬᠢᠯᠡᠨ ᠣᠯᠵᠤ᠂ ᠴᠠᠬᠢᠯᠭᠠᠨ ᠬᠦᠴᠦᠨ ᠤ ᠭᠠᠳᠠᠭᠰᠢ ᠬᠦᠷᠭᠡᠯᠲᠡ ᠶᠢ ᠴᠢᠷᠮᠠᠶᠢᠨ | ᠨᠠᠶᠢᠳᠠᠪᠤᠷᠢᠵᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠵᠤ᠂ ᠪᠠᠯᠠ ᠮᠦᠩᠭᠦ ᠬᠤᠷᠠᠮᠳᠤᠭᠤᠯᠬᠤ᠂ ᠦᠨᠡᠮᠯᠡᠯ ᠠᠪᠬᠤ᠂ | ᠭᠠᠵᠠᠷ ᠬᠡᠷᠡᠭᠯᠡᠬᠦ ᠵᠡᠷᠭᠡ ᠪᠣᠳᠠᠲᠠᠶ ᠬᠦᠴᠢᠷᠳᠡᠯ ᠢ ᠬᠦᠴᠦᠯᠡᠨ ᠰᠢᠢᠳᠪᠦᠷᠢᠯᠡᠨ᠎ᠡ᠃ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ᠂ ᠰᠢᠨ᠎ᠡ ᠡᠨᠧᠷᠭᠢ ᠶᠢᠨ ᠠᠵᠤ ᠦᠢᠯᠡᠰ᠂ ᠤᠨᠴᠠᠯᠢᠬᠳᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠵᠡᠷᠭᠡ ᠴᠠᠷ᠎ᠠ ᠬᠦᠷᠢᠶᠠᠨ ᠳᠤ᠂ ᠠᠷᠠᠯᠵᠢᠶ᠎ᠠ ᠪᠠᠷ ᠬᠤᠳᠠᠯᠳᠤᠭᠠᠴᠢᠨ | ᠲᠠᠲᠠᠬᠤ ᠪᠠ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠪᠠᠷ ᠭᠤᠤᠯ ᠪᠤᠯᠭᠠᠭᠰᠠᠨ ᠨᠠᠷᠢᠯᠢᠭ | ᠣᠨᠣᠴᠠᠲᠠᠶ ᠪᠠᠷ ᠬᠤᠳᠠᠯᠳᠤᠭᠠᠴᠢᠨ ᠤᠷᠢᠬᠤ ᠠᠵᠢᠯ ᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠰᠢᠪᠲᠤᠯᠤᠯᠲᠠ ᠶᠢ ᠬᠦᠴᠦᠯᠡᠨ ᠠᠬᠢᠭᠤᠯᠤᠨ᠎ᠠ᠃ | ᠣᠳᠣ ᠦᠶ᠎ᠡ ᠶᠢᠨ ᠦᠶᠯᠡᠴᠢᠯᠡᠭᠡᠨ ᠤ ᠦᠶᠯᠡᠰ ᠢ ᠳᠡᠰ ᠳᠡᠪᠰᠢᠭᠦᠯᠦᠨ᠎ᠡ᠃ ᠦᠵᠡᠮᠵᠢ ᠶᠢᠨ ᠣᠷᠣᠨ ᠤ | ᠰᠠᠭᠤᠷᠢ ᠲᠥᠬᠦᠭᠡᠷᠦᠮᠵᠢ᠂ ᠬᠠᠮᠢᠶᠠᠷᠤᠯᠲᠠ ᠪᠤᠯᠤᠨ ᠦᠶᠯᠡᠴᠢᠯᠡᠭᠡᠨ ᠤ ᠲᠥᠪᠰᠢᠨ ᠢ ᠳᠡᠭᠡᠭᠰᠢᠯᠡᠭᠦᠯᠦᠨ᠂ | ︽ᠤᠯᠤᠰ ᠤᠨ ᠲᠡᠰ ᠤᠨ ᠪᠦᠬᠦᠶᠢᠯᠡ ᠴᠠᠷ᠎ᠠ ᠬᠦᠷᠢᠶᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ | ᠬᠦᠴᠦᠯᠡᠨ ᠪᠠᠶᠢᠭᠤᠯᠤᠨ᠎ᠠ᠃ ᠴᠢᠨᠠᠷ ᠰᠠᠶᠢᠲᠠᠶ ᠵᠢᠭᠤᠯᠴᠢᠯᠠᠯ ᠤᠨ ᠡᠬᠢ ᠪᠠᠶᠠᠯᠢᠭ ᠢᠶᠠᠷ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠲᠥᠷᠥᠯ ᠵᠦᠶᠯ ᠢ ᠲᠥᠰᠦᠪᠯᠡᠵᠦ᠂ ᠡᠯ᠎ᠡ ᠦᠵᠡᠮᠵᠢ ᠶᠢᠨ ᠣᠷᠣᠨ ᠤ ᠳᠡᠰ ᠳᠡᠪᠰᠢᠬᠦ ᠶᠢ | ᠬᠦᠴᠦᠯᠡᠨ ᠠᠬᠢᠭᠤᠯᠤᠨ᠎ᠠ᠃ ᠵᠠᠮ ᠬᠠᠷᠢᠯᠴᠠᠭ᠎ᠠ ᠴᠢᠮᠡᠭᠡ ᠬᠤᠯᠪᠣᠭ᠎ᠠ᠂ ᠢᠳᠡᠭᠡᠨ ᠤᠮᠳᠠᠭᠠᠨ ᠬᠤᠨᠤᠭ ᠪᠠᠭᠤᠳᠠᠯ᠂ | ᠲᠡᠮᠳᠡᠭ ᠫᠠᠶᠢᠰᠠ᠂ ᠵᠢᠭᠤᠯᠴᠢᠯᠠᠭᠰᠠᠳ ᠤᠨ ᠦᠢᠯᠡᠴᠢᠯᠡᠭᠡᠨ ᠤ ᠲᠥᠪ ᠵᠡᠷᠭᠡ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠬᠢ ᠰᠢᠯᠢᠳᠡᠭ ᠠᠷᠠᠳ ᠤᠨ ᠰᠠᠭᠤᠴᠠᠲᠤ ᠪᠠᠭᠤᠳᠠᠯ ᠢ ᠨᠡᠭᠡᠭᠡᠨ | ᠬᠦᠭᠵᠢᠭᠦᠯᠵᠦ᠂ ᠴᠢᠨᠠᠷᠯᠢᠭ ᠰᠠᠶᠢᠨ ᠵᠢᠭᠤᠯᠴᠢᠯᠠᠯ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃ ᠮᠠᠩᠬ᠎ᠠ ᠭᠤᠪᠢ ᠳᠤ | ᠪᠠᠷᠲᠠᠭ᠎ᠠ ᠰᠢᠨᠵᠢᠯᠡᠬᠦ᠂ ᠵᠢᠤᠢ ᠶᠠᠨ ᠤ ᠰᠣᠶᠣᠯ ᠢ ᠰᠤᠳᠤᠯᠤᠨ ᠰᠤᠷᠤᠯᠴᠠᠬᠤ ᠵᠡᠷᠭᠡ ᠣᠨᠴᠠᠯᠢᠭᠲᠤ ᠵᠢᠭᠤᠯᠴᠢᠯᠠᠯ ᠢ | ᠬᠦᠭᠵᠢᠭᠦᠯᠵᠦ᠂ ᠳ᠋ᠦᠩ ᠹᠧᠩ ᠰᠠᠨᠰᠠᠷ ᠤᠨ ᠬᠤᠲᠠ ᠳᠤ ᠲᠦᠰᠢᠭᠯᠡᠵᠦ᠂ ᠴᠡᠷᠢᠭ ᠠᠩᠭᠢ ᠣᠷᠣᠨ ᠨᠤᠲᠤᠭ | ᠬᠠᠮᠲᠤᠪᠠᠷ ᠪᠠᠶᠢᠭᠤᠯᠤᠭᠰᠠᠨ ᠪᠤᠯᠤᠨ ᠴᠡᠷᠢᠭ ᠠᠷᠠᠳ ᠪᠦᠯᠬᠦᠮᠳᠡᠭᠰᠡᠨ ᠰᠣᠶᠣᠯ ᠤᠨ ᠡᠬᠢ ᠪᠠᠶᠠᠯᠢᠭ ᠢ ᠭᠦᠨᠵᠡᠭᠡᠶ | ᠠᠭᠤᠳᠠᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠨᠴᠠᠯᠢᠭᠲᠤ ᠰᠤᠳᠤᠯᠤᠨ ᠰᠤᠷᠤᠯᠴᠠᠬᠤ | ᠵᠢᠭᠤᠯᠴᠢᠯᠠᠯ ᠤᠨ ᠰᠠᠭᠤᠷᠢᠨ ᠭᠠᠵᠠᠷ ᠪᠠ ᠬᠤᠪᠢᠰᠬᠠᠯᠲᠤ ᠵᠢᠭᠤᠯᠴᠢᠯᠠᠯ ᠤᠨ ᠰᠠᠭᠤᠷᠢᠨ ᠭᠠᠵᠠᠷ ᠢ ᠪᠠᠶᠢᠭᠤᠯᠤᠨ᠂ | ᠲᠣᠭᠤᠷᠢᠨ ᠦᠵᠡᠬᠦ ᠬᠡᠯᠪᠡᠷᠢ ᠶᠢᠨ ᠦᠵᠡᠮᠵᠢ ᠶᠢᠨ ᠣᠷᠣᠨ ᠢ ᠪᠡᠶᠡᠳᠡᠨ ᠣᠶᠢᠯᠠᠭᠠᠬᠤ ᠬᠡᠯᠪᠡᠷᠢ ᠶᠢᠨ ᠦᠵᠡᠮᠵᠢ ᠶᠢᠨ | ᠣᠷᠣᠨ ᠪᠤᠯᠭᠠᠨ ᠬᠤᠪᠢᠷᠠᠭᠤᠯᠤᠨ᠎ᠠ᠃ ᠪᠠᠷᠠᠭᠤᠨ ᠬᠤᠶᠢᠲᠤ ᠶᠢᠨ ᠵᠢᠭᠤᠯᠴᠢᠯᠠᠯ ᠤᠨ ᠶᠡᠭᠡ ᠲᠣᠭᠤᠷᠢᠯ ᠱᠤᠭᠤᠮ | ᠲᠠᠢ ᠲᠦᠷᠭᠡᠨ ᠠᠭᠤᠰᠤᠯᠴᠠᠵᠤ᠂ ᠴᠢᠨᠠᠷ ᠰᠠᠶᠢᠲᠠᠶ ᠵᠢᠭᠤᠯᠴᠢᠯᠠᠯ ᠤᠨ ᠬᠠᠷᠠᠯᠲᠠᠲᠤ ᠣᠷᠤᠨ ᠢ ᠬᠦᠴᠦᠯᠡᠨ | ᠴᠣᠭᠴᠠᠯᠠᠨ᠎ᠠ᠃ ᠵᠢᠭᠤᠯᠴᠢᠯᠠᠯ ᠤᠨ ᠰᠠᠭᠤᠷᠢ ᠮᠥᠩᠭᠦ ᠶᠢᠨ ᠲᠠᠪᠴᠠᠩ ᠢ ᠪᠠᠶᠢᠭᠤᠯᠵᠤ᠂ ᠦᠵᠡᠮᠵᠢ ᠶᠢᠨ ᠣᠷᠣᠨ᠂ | ᠵᠣᠴᠢᠳ ᠤᠨ ᠪᠠᠭᠤᠳᠠᠯ᠂ ᠬᠤᠭᠤᠯᠠᠨ ᠭᠡᠷ ᠪᠠ ᠵᠢᠭᠤᠯᠴᠢᠨ ᠳᠤ ᠦᠢᠯᠡᠴᠢᠯᠡᠬᠦ ᠭᠠᠵᠠᠷ ᠵᠡᠷᠭᠡ ᠡᠯ᠎ᠡ ᠲᠠᠯ᠎ᠠ ᠶᠢᠨ ᠡᠬᠢ | ᠪᠠᠶᠠᠯᠢᠭ ᠲᠠᠢ ᠬᠤᠯᠪᠤᠭᠠᠯᠠᠨ᠂ ᠵᠢᠭᠤᠯᠴᠢᠯᠠᠭᠰᠠᠳ ᠢᠶᠠᠷ ᠴᠦᠭᠡᠨ ᠴᠠᠭ ᠬᠤᠭᠤᠴᠠᠭᠠᠨ ᠤ ᠦᠶᠯᠡᠴᠢᠯᠡᠭᠡᠨ ᠤ ᠨᠠᠷᠠᠲᠤ | ᠲᠡᠮᠳᠡᠭ ᠢ ᠪᠣᠶᠢᠵᠢᠭᠤᠯᠵᠤ᠂ ᠨᠢᠭᠡᠳᠦᠯᠲᠡᠶ ᠤᠬᠠᠭᠤᠯᠤᠨ ᠪᠣᠷᠣᠯᠠᠭᠤᠯᠵᠤ᠂ ᠵᠢᠭᠤᠯᠴᠢᠯᠠᠯ ᠤᠨ ᠴᠠᠭ ᠢ ᠤᠷᠲᠤᠳᠬᠠᠨ᠎ᠠ᠃ | ᠠᠯᠲᠠᠨ ᠨᠠᠮᠤᠷ ᠤᠨ ᠲᠣᠤᠷᠠᠶ ᠶᠢᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ᠂ ᠳᠤᠮᠳᠠᠳᠤ ᠤᠯᠤᠰ | ︵ᠡᠵᠡᠨ᠎ᠡ︶ ᠤᠨ ᠪᠣᠭᠤᠮᠲᠠ ᠶᠢᠨ ᠣᠯᠠᠨ ᠤᠯᠤᠰ ᠤᠨ ᠲᠠᠸᠠᠷ ᠤᠨ ᠦᠵᠡᠰᠬᠦᠯᠡᠩ ᠵᠢᠴᠢ ᠡᠯ᠎ᠡ ᠲᠥᠷᠥᠯ ᠤᠨ | ᠬᠦᠳᠡᠯᠭᠡᠭᠡᠨ ᠢ ᠦᠷᠭᠦᠯᠵᠢᠯᠡᠨ ᠰᠠᠶᠢᠲᠤᠷ ᠡᠷᠭᠢᠯᠡᠵᠦ᠂ ᠣᠨᠴᠠᠯᠢᠭᠲᠤ ᠵᠢᠭᠤᠯᠴᠢᠯᠠᠯ ᠤᠨ ᠲᠠᠸᠠᠷ ᠪᠠ ᠰᠣᠶᠣᠯ ᠤᠨ | ᠦᠢᠯᠡᠳᠬᠦᠨ ᠤ ᠡᠭᠦᠳᠦᠯᠲᠡ ᠶᠢ ᠲᠥᠷᠭᠡᠳᠬᠡᠨ᠎ᠡ᠃ ᠵᠢᠭᠤᠯᠴᠢᠯᠠᠯ ᠤᠨ ᠡᠯᠧᠺᠲᠷᠣᠨ ᠬᠤᠳᠠᠯᠳᠤᠭᠠᠨ ᠤ ᠲᠠᠪᠴᠠᠩ | ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠤᠤᠷᠢᠶ᠎ᠠ APP᠂ ᠪᠤᠰᠢᠭᠤ ᠭᠠᠷ APP ᠢᠶᠠᠷ | ᠡᠵᠡᠩᠨᠡᠨ ᠪᠣᠷᠣᠯᠠᠭᠤᠯᠬᠤ ᠰᠤᠷᠲᠠᠯᠴᠢᠯᠠᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠬᠥᠮᠦᠨ ᠤᠳᠠᠭ᠎ᠠ ᠪᠠ | ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠪᠠᠷ ᠴᠢᠷᠮᠠᠶᠢᠨ᠎ᠠ᠃ ᠭᠠᠷᠤᠯᠲᠠ ᠶᠢᠨ | ᠣᠷᠣᠨ ᠤ ᠰᠢᠭᠤᠳ ᠪᠣᠷᠣᠯᠠᠭᠤᠯᠭ᠎ᠠ᠂ ᠰᠢᠭᠤᠳ ᠨᠡᠪᠲᠡᠷᠡᠭᠦᠯᠭᠡ ᠪᠠᠷ ᠪᠣᠷᠣᠯᠠᠭᠤᠯᠬᠤ ᠵᠡᠷᠭᠡ ︽ᠢᠨᠲ᠋ᠧᠷ ᠰᠦᠯᠵᠢᠶ᠎ᠡ | +︾ ᠬᠡᠷᠡᠭᠯᠡᠭᠡᠨ ᠤ ᠡᠵᠡᠩᠨᠡᠯᠲᠡ ᠶᠢᠨ ᠪᠠᠶᠢᠳᠠᠯ ᠢ ᠶᠡᠬᠡᠪᠡᠷ ᠬᠥᠭᠵᠢᠭᠦᠯᠵᠦ᠂ ᠡᠯᠧᠺᠲᠷᠣᠨ ᠬᠤᠳᠠᠯᠳᠤᠭ᠎ᠠ ᠶᠢ | ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠶᠯ ᠢ ᠢᠳᠡᠪᠬᠢᠲᠡᠶ | ᠠᠬᠢᠭᠤᠯᠤᠨ᠂ ᠡᠯᠧᠺᠲᠷᠣᠨ ᠬᠤᠳᠠᠯᠳᠤᠭᠠᠨ ᠤ ᠠᠵᠤ ᠦᠶᠯᠡᠰ ᠤᠨ ᠨᠡᠪᠴᠢᠭᠦᠯᠬᠦ ᠬᠦᠷᠢᠶᠡᠯᠡᠩ ᠢ ᠪᠠᠶᠢᠭᠤᠯᠵᠤ᠂ | ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ᠂ ᠬᠥᠮᠥᠷᠭᠡᠯᠡᠨ ᠬᠠᠳᠠᠭᠠᠯᠠᠵᠤ ᠪᠥᠭᠡᠮ ᠢᠶᠠᠷ ᠬᠤᠳᠠᠯᠳᠤᠬᠤ᠂ | ᠦᠨᠳᠦᠰᠦᠨ ᠱᠠᠲᠤᠨ ᠤ ᠬᠠᠩᠭᠠᠨ ᠪᠣᠷᠣᠯᠠᠭᠤᠯᠭ᠎ᠠ᠂ ᠭᠠᠴᠠᠭ᠎ᠠ ᠲᠣᠰᠬᠤᠨ ᠳᠤ ᠳᠣᠭᠢᠷᠠᠭᠤᠯᠤᠨ ᠬᠦᠷᠭᠡᠬᠦ ᠵᠡᠷᠭᠡ | ᠲᠠᠯ᠎ᠠ ᠶᠢᠨ ᠳᠤᠲᠠᠭᠤᠳᠠᠯ ᠢ ᠨᠥᠬᠦᠪᠥᠷᠢᠯᠡᠨ᠎ᠡ᠃ | ︵ᠭᠤᠷᠪᠠ︶ ᠬᠦᠴᠦ ᠪᠠᠨ ᠲᠥᠪᠯᠡᠷᠡᠭᠦᠯᠦᠨ ᠬᠠᠮᠵᠢᠯᠴᠠᠨ ᠬᠥᠭᠵᠢᠵᠦ᠂ ᠬᠤᠲᠠ ᠬᠦᠳᠡᠭᠡᠨ ᠤ | ᠠᠭᠤᠰᠤᠯᠴᠠᠯ ᠢ ᠰᠢᠨ᠎ᠡ ᠬᠦᠭᠵᠢᠯᠲᠡ ᠳᠤ ᠬᠦᠷᠭᠡᠨ᠎ᠡ᠃ | ᠡᠬᠢ ᠪᠠᠶᠠᠯᠢᠭ ᠤᠨ ᠡᠯᠧᠮᠧᠨ᠋ᠲ ᠢ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠤ᠂ ᠬᠤᠲᠠ ᠬᠥᠳᠡᠭᠡ᠂ | ᠣᠷᠣᠨ ᠪᠦᠰᠡ ᠶᠢ ᠵᠣᠬᠢᠴᠠᠭᠤᠯᠤᠨ ᠬᠥᠭᠵᠢᠭᠦᠯᠬᠦ ᠪᠠᠶᠢᠭᠤᠯᠤᠯ ᠲᠤᠭᠲᠠᠯᠴᠠᠭ᠎ᠠ ᠶᠢ ᠪᠦᠷᠢᠨᠰᠢᠭᠦᠯᠵᠦ᠂ ᠬᠥᠮᠦᠨ ᠢᠶᠠᠷ | ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠵᠤ᠂ ᠬᠤᠲᠠ | ᠬᠥᠳᠡᠭᠡ ᠶᠢ ᠤᠯᠠᠮ ᠭᠤᠶᠣᠮᠰᠤᠭ᠂ ᠰᠠᠭᠤᠷᠢᠰᠢᠬᠤ ᠳᠤ ᠤᠯᠠᠮ ᠲᠣᠬᠢᠷᠠᠮᠵᠢᠲᠠᠶ ᠪᠣᠯᠭᠠᠨ᠎ᠠ᠃ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠠᠷ᠎ᠠ ᠭᠤᠤᠯ ᠤᠨ ᠰᠠᠪᠠ | ᠭᠠᠵᠠᠷ ᠤᠨ ᠠᠮᠢ ᠠᠬᠤᠶ ᠶᠢ ᠰᠡᠷᠭᠦᠭᠡᠬᠦ᠂ ᠬᠠᠷ᠎ᠠ ᠭᠤᠤᠯ ᠤᠨ ᠡᠷᠬᠢᠨ ᠲᠣᠭᠤᠷᠢᠨ ᠤ ᠠᠮᠢ ᠠᠬᠤᠢ ᠶᠢᠨ ᠪᠠᠴᠢᠮ | ᠪᠠᠶᠢᠳᠠᠯ ᠢ ᠠᠷᠭᠠᠴᠠᠨ ᠵᠠᠰᠠᠬᠤ᠂ ᠳᠠᠯᠠᠶᠢᠬᠦ᠋ᠪ ᠪᠠᠯᠭᠠᠰᠤᠨ ᠤ ᠤᠰᠤ ᠬᠠᠩᠭᠠᠯᠲᠠ ᠵᠡᠷᠭᠡ ᠢᠨᠵᠧᠨᠧᠷᠢᠩ ᠢ ᠲᠥᠷᠥᠯ | ᠵᠦᠶᠯ ᠳᠤ ᠢᠳᠡᠪᠬᠢᠯᠡᠨ ᠣᠷᠣᠭᠤᠯᠵᠤ᠂ ᠬᠡᠮ ᠰᠣᠭᠤᠭ ᠲᠠᠢ ᠤᠰᠤᠨ ᠬᠠᠰᠢᠯᠭ᠎ᠠ ᠶᠢ ᠵᠠᠰᠠᠨ ᠪᠠᠬᠢᠵᠢᠭᠦᠯᠬᠦ ᠵᠡᠷᠭᠡ | ᠢᠨᠵᠧᠨᠧᠷᠢᠩ ᠢ ᠡᠷᠲᠡᠬᠡᠨ ᠬᠡᠷᠡᠭᠵᠢᠭᠦᠯᠬᠦ ᠪᠠᠷ ᠴᠢᠷᠮᠠᠶᠢᠨ᠎ᠠ᠃ 159 ᠺᠢᠯᠣᠮᠧᠲᠷ ᠴᠠᠬᠢᠯᠭᠠᠨ ᠱᠤᠭᠤᠮ ᠢ | ᠥᠭᠡᠷᠡᠴᠢᠯᠡᠨ ᠵᠠᠰᠠᠬᠤ ᠪᠠ ᠰᠢᠨ᠎ᠡ ᠪᠠᠷ ᠪᠠᠶᠢᠭᠤᠯᠵᠤ᠂ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ | ᠳᠡᠭᠡᠭᠰᠢᠯᠡᠭᠦᠯᠦᠨ᠎ᠡ᠃ ᠵᠣᠬᠢᠴᠠᠭᠤᠯᠤᠨ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ 2022 ᠣᠨ ᠳᠤ | G331 ᠱᠤᠭᠤᠮ ᠤᠨ ᠨᠤᠭᠤᠭᠠᠨ ᠳᠡᠯᠭᠡᠷ ᠠᠴᠠ ᠵᠠᠮ ᠤᠨ ᠬᠤᠳᠳᠤᠭ ᠬᠦᠷᠬᠦ ᠵᠠᠰᠠᠮᠠᠯ ᠵᠠᠮ ᠪᠤᠯᠤᠨ G213 | ᠱᠤᠭᠤᠮ ᠤᠨ ᠳᠠᠯᠠᠶᠢᠬᠦ᠋ᠪ ᠠᠴᠠ ᠳ᠋ᠦᠩ ᠹᠧᠩ ᠰᠠᠨᠰᠠᠷ ᠤᠨ ᠬᠤᠲᠠ ᠬᠦᠷᠬᠦ ᠵᠠᠰᠠᠮᠠᠯ ᠵᠠᠮ ᠳᠤ ᠲᠡᠷᠭᠡ | ᠨᠡᠪᠲᠡᠷᠡᠭᠦᠯᠵᠦ᠂ G213 ᠱᠤᠭᠤᠮ ᠤᠨ ᠳ᠋ᠦᠩ ᠹᠧᠩ ᠰᠠᠨᠰᠠᠷ ᠤᠨ ᠬᠤᠲᠠ ᠠᠴᠠ ᠠᠷᠪᠠᠨ ᠳᠥᠷᠪᠡᠳᠦᠭᠡᠷ | ᠴᠡᠷᠢᠭ ᠤᠨ ᠰᠠᠭᠤᠷᠢᠨ ᠬᠦᠷᠬᠦ ᠵᠠᠰᠠᠮᠠᠯ ᠵᠠᠮ ᠪᠤᠯᠤᠨ S228 ᠱᠤᠭᠤᠮ ᠤᠨ ᠠᠷᠪᠠᠨ ᠳᠥᠷᠪᠡᠳᠦᠭᠡᠷ ᠴᠡᠷᠢᠭ ᠤᠨ | ᠰᠠᠭᠤᠷᠢᠨ ᠠᠴᠠ ᠬᠤᠯᠤᠰᠤᠲᠤ ᠪᠤᠯᠠᠭ ᠬᠦᠷᠬᠦ ᠵᠠᠰᠠᠮᠠᠯ ᠵᠠᠮ ᠢ ᠪᠠᠶᠢᠭᠤᠯᠬᠤ᠂ ᠰᠠᠶᠢᠬᠠᠨ ᠵᠠᠪᠠᠢ ᠪᠤᠭᠤᠮᠲᠠ ᠠᠴᠠ | ᠬᠠᠷ᠎ᠠ ᠪᠦᠷᠭᠦᠳ ᠤᠨ ᠠᠭᠤᠯᠠ ᠬᠦᠷᠬᠦ ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠪᠠ ᠡᠷᠢᠶᠠᠨ ᠴᠤᠨᠵᠢ ᠶᠢᠨ | ᠨᠠᠭᠤᠷ ᠠᠴᠠ ᠴᠡᠭᠡ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠶᠢᠭᠤᠯᠤᠯᠲᠠ ᠶᠢ ᠰᠡᠷᠭᠦᠭᠡᠬᠦ ᠵᠡᠷᠭᠡ ᠲᠥᠷᠥᠯ | ᠵᠦᠢᠯ ᠢ ᠴᠢᠷᠮᠠᠶᠢᠨ ᠨᠠᠶᠢᠳᠠᠪᠤᠷᠢᠵᠢᠭᠤᠯᠤᠨ᠎ᠠ᠃ ᠡᠵᠡᠨ᠎ᠡ ᠠᠴᠠ ᠵᠢᠤᠴᠢᠤᠸᠠᠨ ᠬᠦᠷᠬᠦ ᠲᠡᠮᠦᠷ ᠵᠠᠮ ᠤᠨ ᠡᠵᠡᠨ᠎ᠡ ᠠᠴᠠ | ᠳ᠋ᠦᠩ ᠹᠧᠩ ᠰᠠᠨᠰᠠᠷ ᠤᠨ ᠬᠤᠲᠠ ᠶᠢᠨ ᠡᠮᠦᠨ᠎ᠡ ᠦᠷᠲᠡᠭᠡ ᠬᠦᠷᠲᠡᠯᠡᠬᠢ ᠬᠡᠰᠡᠭ ᠤᠨ ᠪᠠᠶᠢᠭᠤᠯᠤᠯᠲᠠ᠂ | ᠯᠢᠨ ᠾᠧ ᠠᠴᠠ ᠬᠠᠮᠢᠯ ᠬᠦᠷᠬᠦ ᠲᠡᠮᠦᠷ ᠵᠠᠮ ᠤᠨ ᠯᠢᠨ ᠾᠧ ᠠᠴᠠ ᠡᠵᠡᠨ᠎ᠡ ᠬᠦᠷᠬᠦ ᠬᠡᠰᠡᠭ ᠤᠨ ᠴᠢᠳᠠᠮᠵᠢ | ᠥᠷᠭᠡᠳᠬᠡᠬᠦ ᠥᠭᠡᠷᠡᠴᠢᠯᠡᠯᠲᠡ᠂ ᠬᠠᠷ᠎ᠠ ᠪᠦᠷᠭᠦᠳ ᠤᠨ ᠠᠭᠤᠯᠠ ᠶᠢᠨ ᠪᠠᠷᠠᠭ᠎ᠠ ᠲᠡᠭᠡᠭᠡᠪᠦᠷᠢᠯᠡᠬᠦ ᠥᠷᠲᠡᠭᠡ᠂ ᠡᠵᠡᠨ᠎ᠡ | ᠨᠢᠰᠬᠡᠯ ᠤᠨ ᠪᠠᠭᠤᠳᠠᠯ ᠢ ᠳᠡᠰ ᠳᠡᠪᠰᠢᠭᠦᠯᠬᠦ ᠦᠭᠡᠷᠡᠴᠢᠯᠡᠯᠲᠡ ᠵᠡᠷᠭᠡ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠶᠠᠯᠠᠯ ᠤᠨ | ᠱᠤᠭᠤᠮ ᠪᠠ ᠵᠢᠭᠤᠯᠴᠢᠯᠠᠯ ᠤᠨ ᠨᠢᠰᠬᠡᠯ ᠳᠠᠭᠠᠭᠠᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠶ | ᠰᠦᠪᠡᠭᠴᠢᠯᠡᠨ ᠥᠷᠭᠡᠳᠬᠡᠵᠦ᠂ ᠡᠵᠡᠨ᠎ᠡ ᠶᠢᠨ ᠭᠠᠳᠠᠭᠰᠢ ᠳᠣᠲᠤᠭᠰᠢ ᠰᠠᠭᠠᠳ ᠦᠭᠡᠶ ᠨᠡᠪᠲᠡᠷᠡᠬᠦ ᠪᠦᠷᠢᠨ ᠴᠣᠭᠴᠠᠲᠤ | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠶᠢ ᠬᠦᠴᠦᠯᠡᠨ ᠪᠠᠶᠢᠭᠤᠯᠤᠨ᠎ᠠ᠃ ᠳᠠᠯᠠᠶᠢᠬᠦ᠋ᠪ ᠪᠠᠯᠭᠠᠰᠤᠨ ᠤ 5G | ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠬᠥᠳᠡᠭᠡ ᠶᠢᠨ 4G ᠰᠦᠯᠵᠢᠶᠡᠨ ᠤ | ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠂ ᠤᠶᠤᠨᠲᠤ ᠬᠤᠲᠠ ᠶᠢ ᠬᠦᠴᠦᠯᠡᠨ ᠪᠠᠶᠢᠭᠤᠯᠵᠤ᠂ ᠲᠣᠭᠠᠴᠢᠯᠠᠭᠰᠠᠨ | ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ | ᠬᠤᠲᠠ ᠬᠦᠳᠡᠭᠡᠨ ᠤ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠥᠯᠥᠪᠵᠢᠭᠦᠯᠭᠡ ᠪᠠᠷ | ᠰᠢᠨᠡᠳᠬᠡᠯ ᠢ ᠬᠥᠲᠥᠯᠥᠨ ᠳᠠᠭᠠᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ᠂ ᠬᠤᠲᠠ ᠶᠢᠨ ᠭᠤᠤᠯ ᠲᠣᠭᠤᠷᠢᠭ ᠤᠨ ᠡᠵᠡᠮᠰᠢᠯ ᠤᠨ ᠴᠢᠨᠠᠷᠲᠠᠶ ᠲᠥᠯᠥᠪᠵᠢᠭᠦᠯᠭᠡ ᠪᠠ ᠭᠠᠴᠠᠭ᠎ᠠ | ᠲᠣᠰᠬᠤᠨ ᠤ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠤᠬᠢᠶᠠᠵᠤ᠂ ᠵᠣᠬᠢᠰᠲᠠᠶ ᠪᠠᠷ ︽ᠬᠤᠵᠢᠮ ᠢ | ᠲᠦᠰᠦᠪᠯᠡᠨ︾ ︽ᠬᠦᠭᠵᠢᠬᠦ ᠤᠷᠤᠨ ᠵᠠᠢ ᠦᠯᠡᠳᠡᠭᠡᠨ᠎ᠡ︾᠃ ᠬᠤᠲᠠ ᠶᠢᠨ ᠲᠣᠭᠤᠷᠢᠭ ᠤᠨ ᠵᠢᠷᠤᠭ | ᠲᠥᠯᠥᠪᠯᠡᠭᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠭᠤᠯᠤᠭᠳᠠᠬᠤᠨ ᠢ ᠲᠥᠯᠥᠪᠵᠢᠭᠦᠯᠭᠡ᠂ ᠪᠠᠶᠢᠭᠤᠯᠤᠯᠲᠠ᠂ | ᠬᠠᠮᠢᠶᠠᠷᠤᠯᠲᠠ ᠶᠢᠨ ᠪᠥᠬᠦ ᠲᠠᠯ᠎ᠠ ᠳᠤ ᠠᠭᠤᠰᠬᠠᠨ᠎ᠠ᠃ ᠲᠣᠭᠲᠠᠭᠠᠯ ᠠᠴᠠ ᠵᠥᠷᠢᠴᠡᠭᠰᠡᠨ ᠪᠦᠲᠦᠭᠡᠨ | ᠪᠠᠶᠢᠭᠤᠯᠤᠯᠲᠠ ᠶᠢ ᠪᠠᠶᠢᠴᠠᠭᠠᠨ ᠰᠢᠶᠳᠪᠦᠷᠢᠯᠡᠬᠦ ᠵᠢᠴᠢ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠤᠷᠠᠭᠠᠬᠤ | ᠡᠷᠴᠢᠮ ᠢᠶᠠᠨ ᠴᠢᠩᠭᠠᠯᠠᠵᠤ᠂ ᠲᠥᠯᠥᠪᠵᠢᠭᠦᠯᠭᠡ ᠶᠢᠨ ᠡᠷᠬᠡ ᠰᠦᠷᠲᠦ ᠴᠢᠨᠠᠷ ᠪᠣᠯᠤᠨ ᠲᠦᠰᠦᠭᠡᠯᠡᠬᠦ ᠴᠢᠨᠠᠷ ᠢ | ᠨᠡᠮᠡᠭᠳᠡᠭᠦᠯᠦᠨ᠎ᠡ᠃ ᠬᠤᠲᠠ ᠶᠢ ᠰᠢᠨᠡᠳᠬᠡᠵᠦ᠂ ᠭᠤᠷᠪᠠᠳᠤᠭᠠᠷ ᠬᠥᠨᠳᠡᠯᠡᠨ ᠵᠡᠭᠡᠯᠢ ︵ᠭᠤᠷᠤᠨᠠᠢ ᠵᠠᠮ— ᠰᠠᠨᠰᠠᠷ ᠤᠨ | ᠵᠠᠮ︶ ᠶᠢ ᠰᠢᠨ᠎ᠡ ᠪᠠᠷ ᠪᠠᠶᠢᠭᠤᠯᠵᠤ᠂ ᠬᠤᠲᠠ ᠲᠣᠭᠤᠷᠢᠭᠰᠠᠨ ᠡᠮᠦᠨ᠎ᠡ ᠵᠠᠮ ᠢ ᠭᠠᠯᠲᠤ ᠲᠡᠷᠭᠡᠨ ᠥᠷᠲᠡᠭᠡ ᠲᠠᠢ | ᠬᠤᠯᠪᠣᠬᠤ ᠱᠤᠭᠤᠮ ᠵᠡᠷᠭᠡ ᠵᠠᠮ ᠪᠣᠯᠤᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠢᠨᠵᠧᠨᠧᠷᠢᠩ ᠢ | ᠲᠥᠰᠦᠪᠯᠡᠨ ᠪᠠᠶᠢᠭᠤᠯᠤᠨ᠎ᠠ᠃ ᠣᠯᠠᠨ ᠨᠡᠶᠢᠲᠡ ᠶᠢᠨ ᠦᠶᠯᠡᠴᠢᠯᠡᠭᠡᠨ ᠤ ᠢᠵᠢ ᠪᠦᠷᠢᠨ ᠲᠥᠬᠦᠭᠡᠷᠦᠮᠵᠢ ᠶᠢ | ᠲᠡᠭᠦᠯᠳᠡᠷᠵᠢᠭᠦᠯᠵᠦ᠂ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠤᠷᠠᠬᠢ ᠬᠡᠷ ᠪᠤᠯᠤᠨ ᠬᠥᠳᠡᠯᠮᠦᠷᠢ ᠶᠢᠨ ᠰᠤᠪᠠᠭ | ᠵᠠᠮ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ᠂ ︽ᠬᠥᠬᠡ ᠵᠠᠭᠠᠮᠠᠳᠠᠨ ᠤ ᠬᠡᠷ︾ ᠨᠡᠶᠢᠲᠡ ᠶᠢᠨ ᠪᠠᠶᠢᠷᠢ ᠪᠠ | ᠨᠤᠭᠤᠭᠠᠨᠬᠦ᠋ᠪ ︵601 ᠭᠠᠵᠠᠷ ᠣᠷᠣᠨ︶ ᠤᠨ ᠶᠡᠷᠦᠩᠬᠡᠶᠢᠯᠡᠭᠰᠡᠨ ᠦᠶᠯᠡᠴᠢᠯᠡᠭᠡᠨ ᠤ ᠲᠣᠭᠤᠷᠢᠭ ᠢ ᠰᠢᠨ᠎ᠡ ᠪᠠᠷ | ᠪᠠᠶᠢᠭᠤᠯᠵᠤ᠂ ᠬᠤᠲᠠ ᠪᠠᠯᠭᠠᠰᠤ ᠶᠢᠨ ᠨᠡᠶᠢᠲᠡ ᠶᠢᠨ ᠵᠣᠷᠯᠣᠩ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠵᠤ | ᠲᠥᠷᠥᠯ ᠬᠤᠪᠢᠶᠠᠨ ᠰᠢᠯᠵᠢᠭᠦᠯᠦᠨ ᠲᠡᠭᠡᠭᠡᠪᠦᠷᠢᠯᠡᠬᠦ ᠶᠢ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠶᠯ ᠢ ᠠᠬᠢᠭᠤᠯᠤᠨ᠎ᠠ᠃ ᠬᠤ᠋ ᠶᠠᠩ ᠬᠤᠸᠠ ᠶᠤᠸᠠᠨ᠂ ᠲᠢᠶᠠᠨ ᠹᠦ᠋ ᠮᠸᠢ ᠭᠦᠢ ᠶᠤᠸᠠᠨ ᠵᠡᠷᠭᠡ 4 ᠰᠠᠭᠤᠭᠠᠯᠢ | ᠠᠷᠠᠳ ᠤᠨ ᠲᠣᠭᠤᠷᠢᠭ ᠢ ᠰᠢᠨ᠎ᠡ ᠪᠠᠷ ᠪᠠᠶᠢᠭᠤᠯᠬᠤ ᠪᠤᠶᠤ ᠦᠷᠭᠦᠯᠵᠢᠯᠡᠨ ᠪᠠᠶᠢᠭᠤᠯᠵᠤ᠂ ᠰᠠᠭᠤᠭᠠᠯᠢ ᠠᠷᠠᠳ ᠤᠨ | ᠲᠣᠭᠤᠷᠢᠭ ᠤᠨ ᠨᠠᠰᠦᠲᠠᠶᠢᠴᠤᠤᠯ ᠳᠤ ᠲᠣᠬᠢᠷᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠳᠠᠯ | ᠠᠬᠤᠶ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠶᠡᠷᠦᠩᠬᠡᠶᠢᠯᠡᠭᠰᠡᠨ | ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ ᠪᠣᠯᠤᠨ | ᠡᠮᠨᠡᠯᠭᠡ ᠶᠢᠨ ᠬᠠᠶᠠᠭᠳᠠᠮᠠᠯ ᠬᠤᠭ ᠨᠣᠪᠰᠢ ᠶᠢ ᠰᠢᠶᠳᠪᠦᠷᠢᠯᠡᠬᠦ ᠲᠠᠯᠠᠪᠠᠶ ᠶᠢ ᠰᠢᠨ᠎ᠡ ᠪᠠᠷ ᠪᠠᠶᠢᠭᠤᠯᠵᠤ᠂ ᠤᠰᠤ | ᠬᠠᠩᠭᠠᠬᠤ᠂ ᠢᠯᠴᠢ ᠬᠠᠩᠭᠠᠬᠤ᠂ ᠪᠣᠬᠢᠷ ᠪᠣᠳᠠᠰ ᠭᠠᠳᠠᠭᠰᠢᠯᠠᠭᠤᠯᠬᠤ ᠵᠡᠷᠭᠡ ᠬᠠᠭᠤᠴᠢᠨ ᠬᠤᠭᠤᠯᠠᠶ ᠭᠤᠤᠷᠰᠦ ᠶᠢᠨ | ᠥᠭᠡᠷᠡᠴᠢᠯᠡᠯᠲᠡ ᠶᠢ ᠲᠦᠷᠭᠡᠳᠬᠡᠵᠦ᠂ ᠳᠤᠯᠠᠭᠠᠯᠠᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ | ᠪᠠᠯᠭᠠᠰᠤᠨ ᠤ ᠪᠦᠲᠦᠴᠡ ᠶᠢ ᠰᠢᠯᠢᠳᠡᠭᠵᠢᠭᠦᠯᠬᠦ᠂ ᠴᠢᠳᠠᠮᠵᠢ ᠶᠢ ᠲᠡᠭᠦᠯᠳᠡᠷᠵᠢᠭᠦᠯᠬᠦ ᠪᠠ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠬᠠᠮᠢᠶᠠᠷᠤᠯᠲᠠ ᠪᠠᠷ ᠬᠤᠲᠠ ᠶᠢᠨ ᠳᠦᠷᠢ ᠲᠥᠷᠬᠦ ᠶᠢ ᠰᠠᠶᠢᠵᠢᠷᠠᠭᠤᠯᠤᠨ᠂ | ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠬᠢᠭᠤᠯᠵᠤ᠂ ︽ᠵᠡᠭᠡᠯᠢ ᠶᠢᠨ | ᠳᠠᠷᠤᠭ᠎ᠠ ᠶᠢᠨ ᠲᠦᠷᠢᠮ︾ ᠢ ᠪᠠᠶᠢᠩᠭᠤᠵᠢᠭᠤᠯᠤᠨ ᠬᠡᠷᠡᠭᠵᠢᠭᠦᠯᠵᠦ᠂ ᠲᠣᠮᠣ ᠳ᠋ᠠᠶᠢᠲ᠋ᠠ᠂ ᠪᠣᠳᠠᠰ ᠤᠨ ᠮᠡᠳᠡᠭᠡ | ᠵᠠᠩᠭᠢ ᠶᠢᠨ ᠰᠦᠯᠵᠢᠶ᠎ᠡ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠨᠡᠭᠡᠭᠡᠨ ᠠᠰᠢᠭᠯᠠᠬᠤ ᠶᠢ | ᠴᠢᠩᠭᠠᠳᠬᠠᠨ᠂ ᠬᠤᠲᠠ ᠪᠠᠯᠭᠠᠰᠤᠨ ᠤ ᠰᠠᠭᠤᠷᠢᠰᠢᠬᠤ ᠳᠤ ᠲᠣᠬᠢᠷᠠᠮᠵᠢᠲᠠᠶ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠪᠡᠯᠡ ᠮᠥᠩᠭᠦᠨ ᠤ ᠳᠡᠮᠵᠢᠯᠭᠡ ᠶᠢ ᠨᠢᠭᠡᠳᠦᠯᠲᠡᠢ ᠲᠥᠯᠥᠪᠵᠢᠭᠦᠯᠦᠨ᠂ | ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢᠶᠠᠨ | ᠪᠠᠶᠠᠵᠢᠭᠤᠯᠬᠤ ᠠᠵᠢᠯᠯᠠᠭ᠎ᠠ ᠵᠡᠷᠭᠡ ᠲᠥᠷᠥᠯ ᠵᠦᠢᠯ ᠢ ᠨᠠᠷᠢᠨ ᠬᠢᠨᠠᠮᠠᠭᠠᠢ ᠬᠡᠷᠡᠭᠵᠢᠭᠦᠯᠵᠦ᠂ ᠰᠤᠮᠤ ᠪᠠᠯᠭᠠᠰᠤᠨ ᠤ | ᠠᠯᠪᠠᠨ ᠠᠰᠠᠷ ᠤᠨ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ ᠭᠤᠣᠷᠰᠣ᠂ ᠵᠤᠷᠯᠤᠩ ᠪᠣᠯᠣᠨ ᠴᠠᠬᠢᠯᠭᠠᠨ ᠵᠠᠮ | ᠱᠤᠭᠤᠮ ᠵᠡᠷᠭᠡ ᠲᠦᠬᠦᠭᠡᠷᠦᠮᠵᠢ ᠶᠢ ᠰᠡᠯᠪᠢᠨ ᠵᠠᠰᠠᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠲᠦᠬᠦᠭᠡᠷᠦᠮᠵᠢ ᠶᠢ ᠳᠡᠰ ᠳᠡᠪᠰᠢᠭᠦᠯᠦᠨ ᠦᠭᠡᠷᠡᠴᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ | ᠲᠤᠭᠲᠠᠯᠴᠠᠭ᠎ᠠ ᠶᠢ ᠪᠦᠷᠢᠨᠰᠢᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠵᠢᠷᠭᠠᠯᠲᠤ ᠭᠡᠷ ᠣᠷᠣᠨ ᠢ | ᠴᠣᠭᠴᠠᠯᠠᠨ ᠪᠠᠶᠢᠭᠤᠯᠤᠨ᠎ᠠ᠃ | ︵ᠳᠥᠷᠪᠡ︶ ᠬᠦᠴᠦ ᠪᠠᠨ ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠤᠨ᠎ᠠ᠃ | ᠥᠭᠡᠷᠡᠴᠢᠯᠡᠯᠲᠡ ᠪᠠᠷ ᠠᠬᠢᠭᠤᠯᠤᠨ ᠨᠡᠭᠡᠭᠡᠯᠲᠡ ᠪᠠᠷ ᠳᠠᠶᠢᠴᠢᠯᠠᠬᠤ ᠳᠤ ᠴᠢᠭᠯᠡᠭᠦᠯᠦᠨ᠂ ᠵᠠᠰᠠᠭ ᠤᠨ ᠡᠷᠬᠡ ᠶᠢᠨ | ᠴᠣᠮᠬᠠᠳᠬᠠᠯ ᠢ ᠬᠦᠴᠦᠯᠡᠨ ᠬᠡᠷᠡᠭᠵᠢᠭᠦᠯᠵᠦ᠂ ᠲᠥᠪ ᠭᠤᠤᠯᠴᠢ᠂ ᠨᠡᠭᠡᠭᠡᠯᠲᠡ ᠲᠠᠢ᠂ ᠪᠠᠭᠲᠠᠭᠠᠮᠵᠢ ᠲᠠᠢ᠂ | ᠵᠢᠷᠤᠮᠵᠢᠭᠰᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠬᠤᠰᠢᠭᠤᠨ ᠤ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠮᠡᠭᠳᠡᠭᠦᠯᠦᠨ᠎ᠡ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠡᠷᠡᠭ ᠲᠦᠷᠦᠯ ᠢ ᠤᠯᠠᠮ ᠨᠢᠭᠡ ᠠᠯᠬᠤᠮ ᠴᠣᠮᠬᠠᠳᠬᠠᠨ ᠵᠢᠷᠤᠮᠵᠢᠭᠤᠯᠵᠤ᠂ | ᠶᠠᠪᠤᠴᠠ ᠶᠢ ᠥᠭᠡᠷᠡᠴᠢᠯᠡᠨ᠂ ︽ᠮᠥᠩᠬᠡ ᠰᠤᠪᠠᠭ · ᠳᠥᠷᠪᠡ ᠶᠢ ᠭᠦᠶᠴᠡᠳᠬᠡᠬᠦ︾ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ᠂ | ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ ᠦᠶᠯᠡᠴᠢᠯᠡᠵᠦ᠂ ︽ᠳᠣᠲᠣᠨᠣ ᠪᠥᠭᠡᠳ ᠬᠡᠮᠵᠢᠶ᠎ᠡ ᠲᠠᠢ᠂ ᠴᠢᠬᠡᠴᠢ | ᠪᠥᠭᠡᠳ ᠵᠢᠳᠬᠦᠯ ᠴᠢᠷᠮᠠᠶᠢᠯᠭ᠎ᠠ ᠲᠠᠢ︾ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠣᠯᠣᠨ ᠬᠤᠳᠠᠯᠳᠤᠭᠠᠴᠢᠨ ᠤ | ᠬᠠᠷᠢᠴᠠᠭ᠎ᠠ ᠶᠢ ᠪᠠᠶᠢᠭᠤᠯᠤᠨ᠎ᠠ᠃ ᠤᠯᠤᠰ᠂ ᠣᠷᠣᠨ ᠪᠠ ᠠᠶᠢᠮᠠᠭᠡᠴᠠ ᠠᠵᠤ ᠠᠬᠤᠶᠢᠯᠠᠯ ᠳᠤ ᠠᠰᠢᠭ ᠬᠦᠷᠲᠡᠭᠡᠬᠦ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠤ᠂ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠱᠠᠩᠨᠠᠯ ᠨᠥᠬᠦᠪᠥᠷᠢ ᠣᠯᠭᠤᠬᠤ ᠵᠡᠷᠭᠡ | ᠠᠰᠢᠭ ᠣᠯᠵᠠᠪᠤᠷᠢ ᠶᠢ ᠠᠵᠤ ᠠᠬᠤᠶᠢᠯᠠᠯ ᠳᠤ ᠰᠢᠭᠤᠳ ᠬᠦᠷᠲᠡᠭᠡᠵᠦ᠂ ᠲᠥᠷᠥ ᠶᠢᠨ ᠪᠣᠳᠣᠯᠭ᠎ᠠ ᠶᠢ ᠰᠠᠭᠠᠳ ᠥᠬᠡᠶ | ᠬᠡᠷᠡᠭᠵᠢᠭᠦᠯᠵᠦ᠂ ᠡᠴᠦᠰ ᠲᠤ ᠨᠢ ᠲᠤᠯᠲᠠᠯ᠎ᠠ ᠲᠣᠣᠱᠯᠠᠭᠤᠯᠤᠨᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ | ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢ | ᠬᠠᠯᠠᠮᠵᠢᠯᠠᠨ ᠬᠠᠪᠰᠤᠷᠴᠤ ᠬᠦᠴᠢᠷᠳᠡᠯ ᠢ ᠨᠢ ᠰᠢᠶᠳᠪᠦᠷᠢᠯᠡᠨ᠂ ᠬᠥᠭᠵᠢᠯᠲᠡ ᠶᠢᠨ ᠢᠲᠡᠭᠡᠯ ᠵᠣᠷᠢᠭ ᠢ ᠨᠢ | ᠬᠥᠪᠴᠢᠯᠡᠨ᠎ᠡ᠃ ᠲᠦᠭᠡᠮᠡᠯ ᠬᠠᠷᠠᠭᠠᠯᠵᠠᠯᠲᠤ ᠮᠥᠩᠭᠦᠨ ᠭᠦᠶᠯᠭᠡᠭᠡᠨ ᠤ ᠦᠶᠯᠡᠴᠢᠯᠡᠭᠡ ᠶᠢ ᠴᠢᠩᠭᠠᠳᠬᠠᠵᠤ᠂ ᠠᠵᠤ | ᠠᠬᠤᠶᠢᠯᠠᠯ ᠤᠨ ᠪᠠᠯᠠ ᠮᠦᠩᠭᠦ ᠬᠤᠷᠠᠮᠳᠤᠭᠤᠯᠬᠤ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠠᠵᠤ | ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠶᠢ ᠡᠭᠦᠳᠴᠦ ᠡᠷᠡᠯᠬᠡᠭᠯᠡᠨ ᠲᠡᠮᠡᠴᠡᠬᠦ᠂ | ᠢᠲᠡᠭᠡᠮᠵᠢᠲᠡᠢ ᠡᠵᠡᠩᠨᠡᠬᠦ ᠶᠢ ᠵᠣᠷᠢᠭᠵᠢᠭᠤᠯᠵᠤ᠂ ᠠᠷᠠᠳ ᠠᠴᠠ ᠡᠵᠡᠩᠨᠡᠭᠰᠡᠨ ᠨᠢᠭᠡ ᠪᠦᠯᠦᠭ ᠣᠨᠴᠠᠯᠢᠭᠲᠤ | ᠳᠠᠪᠠᠭᠤᠯᠢᠭ ᠠᠵᠤ ᠠᠬᠤᠶᠢᠯᠠᠯ ᠢ ᠪᠣᠶᠢᠵᠢᠭᠤᠯᠤᠨ᠎ᠠ᠃ ᠡᠭᠦᠨ ᠤ ᠬᠠᠮᠲᠤ᠂ ᠠᠵᠤ ᠠᠬᠤᠶ ᠪᠠ ᠠᠮᠢ ᠠᠬᠤᠶ ᠵᠡᠷᠭᠡ | ᠴᠠᠷ᠎ᠠ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠩ ᠣᠯᠠᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ᠃ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠠᠬᠢᠭᠤᠯᠤᠨ᠎ᠠ᠃ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠤᠰ ᠣᠷᠴᠢᠯᠲᠠ ᠳᠤ ᠢᠳᠡᠪᠬᠢᠲᠡᠶ ᠦᠶᠯᠡᠴᠢᠯᠡᠬᠦ ᠪᠠ ᠠᠭᠤᠰᠤᠯᠴᠠᠵᠤ᠂ | ᠪᠣᠭᠤᠮᠲᠠ ᠶᠢᠨ ᠬᠥᠭᠵᠢᠯᠲᠡ ᠳᠤ ᠲᠥᠷᠥ ᠶᠢᠨ ᠪᠣᠳᠣᠯᠭ᠎ᠠ ᠪᠣᠯᠣᠨ ᠪᠠᠯᠠ ᠮᠦᠩᠭᠦᠨ ᠤ ᠳᠡᠮᠵᠢᠯᠭᠡ ᠶᠢ ᠪᠥᠬᠦ | ᠲᠠᠯ᠎ᠠ ᠪᠠᠷ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠤ ᠨᠡᠭᠡᠭᠡᠯᠲᠡ ᠬᠢᠵᠦ ᠴᠢᠯᠦᠭᠡᠲᠡᠢ | ᠶᠠᠪᠤᠯᠴᠠᠬᠤ ᠲᠤᠷᠰᠢᠯᠲᠠ ᠶᠢᠨ ᠣᠷᠣᠨ ᠪᠠ ᠲᠡᠮᠦᠷ ᠵᠠᠮ ᠤᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠬᠢᠵᠢᠭ ᠤᠨ ᠪᠠᠶᠢᠳᠠᠯ ᠢ ᠡᠷᠡᠰ ᠴᠢᠩᠭ᠎ᠠ ᠰᠡᠷᠭᠡᠶᠢᠯᠡᠨ ᠡᠵᠡᠮᠳᠡᠭᠰᠡᠨ ᠤᠷᠢᠲᠠᠯ ᠳᠤᠤᠷ᠎ᠠ᠂ | ᠴᠡᠭᠡ ᠪᠣᠭᠤᠮᠲᠠ ᠶᠢᠨ ᠬᠡᠪ ᠤᠨ ᠠᠵᠢᠯᠯᠠᠭ᠎ᠠ ᠶᠢ ᠪᠦᠬᠦ ᠲᠠᠯ᠎ᠠ ᠪᠠᠷ ᠪᠠᠲᠤᠯᠠᠵᠤ᠂ ᠪᠤᠭᠤᠮᠲᠠ ᠪᠠᠷ ᠦᠩᠭᠡᠷᠡᠭᠦᠯᠬᠦ | ᠪᠠᠷᠠᠭᠠᠨ ᠤ ᠬᠡᠮᠵᠢᠶ᠎ᠡ ᠵᠢᠴᠢ ᠠᠷᠠᠯᠵᠢᠶᠠᠯᠠᠬᠤ ᠶᠡᠷᠦᠩᠬᠡᠢ ᠦᠷᠲᠡᠭ ᠢ ᠯᠠᠪᠳᠠᠭᠤᠨ ᠳᠡᠭᠡᠭᠰᠢᠯᠡᠭᠦᠯᠵᠦ᠂ ︽ᠠᠵᠤ | ᠠᠬᠤᠢ ᠶᠢᠨ ᠨᠡᠪᠲᠡᠷᠡᠯ ᠵᠠᠮ︾ ᠢ ︽ᠨᠡᠪᠲᠡᠷᠡᠯ ᠠᠵᠤ ᠠᠬᠤᠶ︾ ᠪᠣᠯᠭᠠᠨ ᠬᠤᠪᠢᠷᠠᠭᠤᠯᠤᠨ᠎ᠠ᠃ ᠦᠷᠭᠡᠨ | ᠬᠡᠪᠴᠢᠶᠠᠨ ᠤ ᠬᠢᠯᠢ ᠶᠢᠨ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠨᠡᠭᠦᠷᠡᠰᠦ ᠤᠬᠢᠶᠠᠵᠤ | ᠲᠣᠬᠢᠷᠠᠭᠤᠯᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠡᠬᠢ ᠪᠠᠶᠠᠯᠢᠭ ᠢ ᠲᠤᠬᠠᠶ ᠶᠢᠨ ᠭᠠᠵᠠᠷ ᠲᠤ | ᠨᠢ ᠤᠯᠠᠷᠢᠭᠤᠯᠤᠨ ᠡᠳ᠋ᠰᠢᠭᠦᠯᠵᠦ ᠥᠷᠲᠡᠭ ᠨᠡᠮᠡᠭᠳᠡᠭᠦᠯᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠂ ︽ᠵᠠᠮ | ᠦᠩᠭᠡᠷᠡᠬᠦ ᠠᠵᠤ ᠠᠬᠤᠢ︾ ᠶᠢ ︽ᠰᠠᠭᠤᠷᠢᠰᠢᠭ᠎ᠠ ᠠᠵᠤ ᠠᠬᠤᠢ︾ ᠲᠡᠰᠢ ᠬᠤᠪᠢᠷᠠᠬᠤ ᠶᠢ ᠠᠬᠢᠭᠤᠯᠤᠨ᠂ ᠴᠡᠭᠡ | ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠠᠶᠢᠷᠢ ᠰᠠᠭᠤᠷᠢ ᠶᠢ ᠲᠠᠰᠤᠷᠠᠯᠲᠠ ᠦᠭᠡᠢ | ᠪᠠᠬᠢᠵᠢᠭᠦᠯᠦᠨ᠎ᠡ᠃ ᠬᠠᠮᠲᠤᠷᠠᠯᠴᠠᠭ᠎ᠠ ᠰᠣᠯᠢᠯᠴᠠᠭᠠᠨ ᠤ ᠲᠠᠪᠴᠠᠩ ᠢ ᠥᠷᠭᠡᠳᠬᠡᠵᠦ᠂ ᠾᠧ ᠰᠢ ᠶᠢᠨ ᠬᠤᠩᠬᠢᠯ ᠤᠨ | ᠠᠵᠤ ᠠᠬᠤᠢ ᠶᠢᠨ ᠪᠦᠰᠡ ᠶᠢᠨ ᠨᠢᠭᠡ ᠴᠣᠭᠴᠠᠵᠢᠭᠰᠠᠨ ᠬᠦᠭᠵᠢᠯᠲᠡ ᠳᠤ ᠣᠷᠤᠯᠴᠠᠵᠤ᠂ ᠣᠷᠣᠨ ᠪᠦᠰᠡ | ᠬᠠᠮᠵᠢᠯᠴᠠᠭᠰᠠᠨ᠂ ᠠᠵᠤ ᠠᠬᠤᠢ ᠬᠠᠷᠢᠯᠴᠠᠨ ᠨᠥᠬᠦᠪᠥᠷᠢᠯᠡᠭᠰᠡᠨ᠂ ᠡᠬᠢ ᠪᠠᠶᠠᠯᠢᠭ ᠢᠶᠠᠨ ᠬᠠᠮᠲᠤ ᠪᠠᠷ ᠡᠳ᠋ᠯᠡᠭᠰᠡᠨ | ᠬᠠᠮᠲᠤᠷᠠᠯᠴᠠᠭᠠᠨ ᠤ ᠬᠥᠭᠵᠢᠯᠲᠡ ᠶᠢ ᠪᠤᠢ ᠪᠣᠯᠭᠠᠨ᠎ᠠ᠃ | ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠠᠷᠠᠳ ᠣᠯᠠᠨ ᠤ ᠠᠵᠠ ᠵᠢᠷᠭᠠᠯ ᠢ | ᠨᠡᠮᠡᠭᠳᠡᠭᠦᠯᠦᠨ᠎ᠡ᠃ | ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠪᠠ ᠰᠠᠶᠢᠵᠢᠷᠠᠭᠤᠯᠤᠯᠲᠠ ᠶᠢ ᠦᠷᠭᠦᠯᠵᠢᠯᠡᠨ ᠡᠷᠴᠢᠮᠵᠢᠭᠦᠯᠵᠦ᠂ ᠠᠷᠠᠳ ᠲᠦᠮᠡᠨ ᠤ | ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠥᠬᠡᠶ | ᠬᠠᠩᠭᠠᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | ᠬᠠᠭᠤᠷᠠᠢ ᠵᠠᠮ ᠤᠨ ᠬᠢᠯᠢ ᠶᠢᠨ ᠪᠤᠭᠤᠮᠲᠠ ᠶᠢᠨ ᠬᠤᠲᠠ ᠭᠡᠬᠦ ᠣᠷᠤᠨ ᠪᠠᠶᠢᠷᠢᠯᠠᠯ ᠳᠠᠭᠠᠨ ᠦᠨᠳᠦᠰᠦᠯᠡᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠢ ᠪᠤᠳᠠᠲᠠᠶᠢᠵᠢᠭᠤᠯᠤᠨ ᠠᠵᠢᠯᠯᠠᠭᠤᠯᠬᠤ | ᠲᠤᠭᠲᠠᠯᠴᠠᠭ᠎ᠠ ᠶᠢ ᠪᠦᠷᠢᠨᠰᠢᠬᠦᠯᠵᠤ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠤᠳᠠᠲᠠᠶᠢᠵᠢᠭᠤᠯᠵᠤ᠂ | ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠦᠮᠥᠨ ᠤ ᠰᠡᠷᠭᠡᠶᠢᠯᠡᠯᠲᠡ᠂ ᠪᠣᠳᠠᠰ ᠤᠨ | ᠰᠡᠷᠭᠡᠶᠢᠯᠡᠯᠲᠡ᠂ ᠣᠷᠴᠢᠨ ᠲᠤᠭᠤᠷᠢᠨ ᠤ ᠰᠡᠷᠭᠡᠶᠢᠯᠡᠯᠲᠡ ᠶᠢ ᠵᠡᠷᠭᠡᠪᠡᠷ ᠪᠠᠷᠢᠮᠲᠠᠯᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠮᠡᠳᠡᠭᠡ ᠵᠠᠩᠭᠢᠵᠢᠯᠲᠠ ᠶᠢᠨ ᠲᠠᠪᠴᠠᠩ᠂ ᠡᠷᠡᠭᠦᠯ ᠮᠠᠨᠳᠤ ᠶᠢ ᠬᠢᠨᠠᠨ ᠬᠡᠮᠵᠢᠬᠦ ᠲᠥᠪ ᠪᠣᠯᠤᠨ | ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ | ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠪᠠᠶᠢᠷᠢ ᠶᠢᠨ ᠪᠠᠶᠢᠴᠠᠭᠠᠨ ᠬᠠᠮᠢᠶᠠᠷᠤᠯᠲᠠ ᠶᠢ ᠴᠢᠩᠭᠠᠳᠬᠠᠵᠤ᠂ | ︽ᠶᠢᠰᠦᠨ ᠥᠨᠳᠦᠰᠦᠨ ᠴᠢᠳᠠᠪᠤᠷᠢ︾ ᠪᠠᠨ ᠳᠡᠭᠡᠭᠰᠢᠯᠡᠭᠦᠯᠵᠦ᠂ ︽ᠭᠠᠳᠠᠨ᠎ᠠ ᠠᠴᠠ ᠬᠠᠯᠳᠠᠪᠦᠷᠢᠯᠠᠬᠤ ᠪᠠ | ᠳᠣᠲᠣᠭᠠᠳᠤ ᠳᠠᠭᠠᠨ ᠲᠠᠬᠢᠨ ᠡᠭᠦᠰᠬᠦ ᠶᠢ ᠡᠷᠡᠰ ᠰᠡᠷᠭᠡᠶᠢᠯᠡᠬᠦ︾ ᠠᠷᠭ᠎ᠠ ᠪᠠᠷᠢᠯ ᠢ ᠲᠣᠣᠱᠯᠠᠭᠤᠯᠤᠨᠠ᠃ ᠭᠠᠴᠠᠭ᠎ᠠ | ᠪᠤᠯᠤᠨ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠬᠢᠵᠢᠭ ᠤᠨ ᠰᠡᠷᠭᠡᠶᠢᠯᠡᠨ ᠪᠠᠶᠢᠴᠠᠭᠠᠯᠲᠠ᠂ ᠣᠷᠴᠢᠨ | ᠲᠣᠭᠤᠷᠢᠨ ᠤ ᠠᠷᠢᠭᠤᠳᠬᠠᠯ᠂ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠯᠲᠠ ᠶᠢ ᠡᠷᠴᠢᠮᠵᠢᠭᠦᠯᠵᠦ᠂ ᠸᠠᠺᠼᠢᠨ ᠤ | ᠲᠠᠷᠢᠯᠭ᠎ᠠ ᠶᠢ ᠰᠠᠶᠢᠲᠤᠷ ᠠᠬᠢᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠡᠶ᠎ᠡ ᠶᠢᠨ | ᠬᠠᠮᠠᠭᠠᠯᠠᠯ ᠢ ᠨᠢ ᠴᠢᠩᠭᠠᠳᠬᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠢ ᠴᠤᠭᠴᠠᠯᠠᠨ᠎ᠠ᠃ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ | ᠡᠩ ᠤᠨ ᠦᠶ᠎ᠡ ᠪᠠ ᠪᠠᠴᠢᠮ ᠪᠠᠶᠢᠳᠠᠯ ᠢ ᠠᠷᠭᠠᠴᠠᠭᠠᠬᠤ ᠲᠤᠭᠲᠠᠯᠴᠠᠭ᠎ᠠ ᠶᠢ ᠨᠢᠭᠡ ᠴᠣᠭᠴᠠᠵᠢᠭᠤᠯᠤᠭᠰᠠᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠪᠤᠳᠠᠲᠠᠢ ᠳᠤ ᠬᠠᠨᠳᠤᠭᠤᠯᠤᠭᠰᠠᠨ ᠪᠣᠯᠪᠠᠰᠤᠷᠠᠯ ᠰᠣᠷᠢᠯᠲᠠ ᠶᠢ ᠪᠠᠶᠢᠩᠭᠤ ᠶᠢᠨ | ᠴᠢᠨᠠᠷᠲᠠᠶ ᠥᠷᠨᠢᠭᠦᠯᠵᠦ᠂ ᠴᠠᠭ ᠢᠮᠠᠭᠲᠠ ᠪᠡᠯᠡᠳᠬᠡᠯ ᠲᠠᠢ ᠪᠠᠶᠢᠯᠭᠠᠨ᠎ᠠ᠃ | ᠠᠷᠠᠳ ᠤᠨ ᠠᠮᠢᠳᠤᠷᠠᠯ ᠤᠨ ᠥᠨᠳᠦᠰᠦᠨ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠵᠦ᠂ ᠠᠳᠠᠯ ᠦᠢᠯᠡᠰ ᠪᠤᠰᠬᠠᠬᠤ ᠶᠢ ᠲᠡᠳᠬᠦᠨ ᠳᠡᠮᠵᠢᠬᠦ ᠲᠥᠷᠦ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠣᠶᠤᠲᠠᠳ᠂ ᠴᠡᠷᠢᠭ ᠠᠴᠠ ᠬᠠᠯᠠᠭᠳᠠᠭᠰᠠᠳ᠂ ᠬᠤᠲᠠ | ᠣᠷᠣᠭᠰᠠᠨ ᠮᠠᠯᠴᠢᠨ ᠲᠠᠷᠢᠶᠠᠴᠢᠨ᠂ ᠪᠦᠷᠢᠯᠳᠦᠭᠦᠨ ᠪᠣᠯᠭᠠᠨ ᠠᠵᠢᠯ ᠤᠨ ᠪᠠᠶᠢᠷᠢ ᠦᠭᠡᠢ ᠭᠡᠷ ᠪᠦᠯᠢ ᠵᠡᠷᠭᠡ | ᠬᠥᠮᠦᠰ ᠤᠨ ᠠᠵᠢᠯ ᠣᠯᠵᠤ ᠦᠢᠯᠡᠰ ᠪᠤᠰᠬᠠᠬᠤ ᠶᠢ ᠳᠠᠮᠵᠢᠵᠤ᠂ 2022 ᠣᠨ ᠳᠤ ᠬᠤᠲᠠ ᠪᠠᠯᠭᠠᠰᠤᠨ ᠤ 200 | ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 3% ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ | ᠣᠨᠤᠴᠠᠲᠠᠢ ᠪᠠᠷ ᠦᠷᠭᠡᠳᠭᠡᠨ᠂ ᠠᠮᠢᠳᠤᠯᠢᠭ ᠢᠶᠠᠷ ᠠᠵᠢᠯ ᠤᠯᠬᠤ ᠬᠥᠮᠦᠰ ᠪᠠ ᠰᠢᠨ᠎ᠡ ᠠᠵᠢᠯ ᠲᠦᠷᠦᠯ ᠤᠨ | ᠬᠥᠳᠡᠯᠮᠦᠷᠢᠴᠢᠳ ᠢ ᠬᠥᠲᠥᠯᠦᠨ ᠵᠢᠯᠤᠭᠤᠳᠴᠤ ᠳᠠᠭᠠᠳᠬᠠᠯ ᠳᠤ ᠣᠷᠤᠯᠴᠠᠭᠤᠯᠤᠨ᠎ᠠ᠃ ᠡᠮᠴᠢᠯᠡᠭᠡᠨ ᠤ | ᠪᠠᠲᠤᠯᠠᠭ᠎ᠠ ᠶᠢᠨ ᠬᠠᠷᠠᠭᠠᠯᠵᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠡᠭᠦᠳᠡᠨ ᠡᠮᠨᠡᠯᠭᠡ ᠳᠤ ᠪᠠᠶᠢᠩᠭᠤ | ᠲᠣᠬᠢᠶᠠᠯᠳᠤᠳᠠᠭ ᠠᠷᠬᠠᠭ ᠡᠪᠡᠳᠴᠢᠨ ᠤ ᠵᠠᠷᠤᠳᠠᠯ ᠤᠨ ᠮᠤᠵᠢ ᠠᠯᠤᠰᠯᠠᠭᠰᠠᠨ ᠲᠤᠭᠠᠴᠠᠭ᠎ᠠ ᠶᠢ ᠯᠠᠪᠳᠠᠭᠤᠨ | ᠠᠬᠢᠭᠤᠯᠵᠤ᠂ ᠣᠯᠠᠨ ᠲᠦᠮᠡᠨ ᠤ ᠡᠮᠴᠢᠯᠡᠭᠡᠨ ᠤ ᠳᠠᠷᠤᠭᠠᠰᠤ ᠶᠢ ᠲᠠᠰᠤᠷᠠᠯᠲᠠ ᠥᠬᠡᠶ ᠬᠥᠩᠭᠡᠷᠡᠭᠦᠯᠦᠨ᠎ᠡ᠃ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠶᠢ ᠠᠰᠠᠷᠠᠨ ᠳᠡᠳᠬᠦᠬᠦ᠂ ᠥᠨᠥᠴᠢᠨ | ᠬᠡᠦᠬᠡᠳ᠂ ᠵᠡᠮᠳᠡᠭᠴᠦᠳ ᠵᠡᠷᠭᠡ ᠣᠨᠴᠠᠭᠠᠢ ᠬᠦᠴᠢᠷᠳᠡᠯᠲᠡᠶ ᠬᠦᠮᠥᠰ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠨᠡᠶᠢᠭᠡᠮ ᠤᠨ ᠬᠦᠴᠦᠨ ᠠᠴᠠ | ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠪᠣᠶᠢᠵᠢᠭᠤᠯᠬᠤ᠂ ᠵᠡᠮᠳᠡᠭᠴᠦᠳ ᠢ ᠲᠤᠰᠠᠯᠠᠬᠤ ᠦᠢᠯᠡᠰ ᠲᠤ | ᠣᠷᠣᠯᠴᠠᠬᠤ ᠶᠢ ᠵᠣᠷᠢᠭᠵᠢᠭᠤᠯᠵᠤ᠂ ᠨᠡᠶᠢᠭᠡᠮ ᠤᠨ ᠠᠰᠠᠷᠠᠮᠵᠢ ᠪᠠ ᠨᠢᠭᠦᠯᠡᠰᠦᠩᠭᠦᠢ ᠶᠢᠨ ᠦᠢᠯᠡᠰ ᠤᠨ | ᠬᠥᠭᠵᠢᠯᠲᠡ ᠶᠢ ᠲᠡᠮᠵᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠤᠭᠰᠠᠨ ᠰᠠᠭᠤᠷᠢ ᠨᠡᠩ ᠪᠠᠬᠢᠵᠢᠭ᠍ᠰᠡᠨ᠂ | ᠦᠷ᠎ᠡ ᠪᠦᠲᠦᠮᠵᠢ ᠨᠡᠩ ᠦᠷᠭᠦᠯᠵᠢᠯᠡᠭᠰᠡᠨ᠂ ᠤᠯᠠᠨ ᠲᠦᠮᠡᠨ ᠨᠡᠩ ᠬᠠᠨᠤᠮᠵᠢᠭᠰᠠᠨ ᠪᠠᠶᠢᠳᠠᠯ ᠢ ᠪᠠᠲᠤᠯᠠᠨ᠎ᠠ᠃ | ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠦᠨ᠎ᠡ᠃ ᠰᠤᠷᠭᠠᠨ ᠬᠥᠮᠦᠵᠢᠯ ᠤᠨ | ᠪᠠᠶᠢᠷᠢᠯᠠᠭᠤᠯᠤᠯᠲᠠ ᠶᠢ ᠲᠤᠬᠢᠷᠠᠭᠤᠯᠤᠨ ᠰᠢᠯᠢᠳᠡᠭᠵᠢᠭᠦᠯᠵᠦ᠂ ᠬᠤᠶᠠᠳᠤᠭᠠᠷ ᠬᠢᠲᠠᠳ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠂ ᠬᠤᠶᠠᠳᠤᠭᠠᠷ ᠬᠢᠲᠠᠳ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠠᠮᠤᠷ | ᠲᠠᠶᠢᠪᠤᠩ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ | ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ | ᠬᠡᠷᠡᠭᠯᠡᠵᠦ᠂ ︽ᠬᠤᠶᠠᠷ ᠢ ᠬᠦᠩᠭᠡᠷᠡᠭᠦᠯᠬᠦ︾ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | ᠪᠠᠭᠰᠢ ᠶᠢ ᠤᠷᠢᠨ ᠠᠪᠴᠢᠷᠠᠬᠤ ᠪᠠ ᠳᠠᠰᠬᠠᠯᠵᠢᠭᠤᠯᠬᠤ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠵᠣᠬᠢᠴᠠᠩᠭᠤᠶ | ᠪᠥᠭᠡᠳ ᠴᠢᠨᠠᠷ ᠰᠠᠶᠢᠲᠠᠶ᠂ ᠥᠨᠳᠥᠷ ᠲᠥᠪᠰᠢᠨ ᠲᠠᠢ ᠲᠡᠩᠴᠡᠭᠦᠷᠢᠲᠦ ᠬᠦᠭᠵᠢᠯᠲᠡ ᠶᠢ ᠠᠬᠢᠭᠤᠯᠤᠨ᠎ᠠ᠃ ︽ᠡᠷᠡᠭᠦᠯ | ᠡᠩᠬᠡ ᠡᠵᠡᠨ᠎ᠡ︾ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ | ᠪᠤᠯᠤᠨ ᠡᠮᠴᠢᠯᠡᠭᠡᠨ ᠤ ᠦᠶᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠵᠢᠯᠯᠠᠭ᠎ᠠ ᠶᠢ ᠯᠠᠪᠳᠠᠭᠤᠨ | ᠬᠡᠷᠡᠭᠵᠢᠭᠦᠯᠦᠨ᠂ ᠰᠢᠨ᠎ᠡ ᠮᠣᠩᠭᠤᠯ ᠡᠮᠨᠡᠯᠭᠡ ᠶᠢᠨ ᠬᠤᠷᠢᠶ᠎ᠠ᠂ ᠬᠤᠰᠢᠭᠤᠨ ᠤ ᠡᠮᠨᠡᠯᠭᠡ ᠶᠢᠨ ᠬᠤᠷᠢᠶᠠᠨ ᠤ | ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠢ ᠥᠷᠭᠡᠳᠬᠡᠨ ᠪᠠᠶᠢᠭᠤᠯᠬᠤ ᠪᠠ ᠡᠮᠴᠢᠯᠡᠭᠡᠨ ᠤ ᠬᠠᠶᠠᠭᠳᠠᠮᠠᠯ | ᠪᠣᠳᠠᠰ ᠢ ᠰᠢᠶᠳᠪᠦᠷᠢᠯᠡᠬᠦ ᠲᠥᠪ ᠵᠡᠷᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠭᠤᠤᠯᠳᠠᠯᠭ᠎ᠠ ᠲᠠᠢ ᠡᠮᠴᠢᠯᠡᠭᠡᠨ ᠤ ᠰᠠᠯᠠᠭ᠎ᠠ᠂ ᠣᠨᠴᠠᠯᠢᠭᠲᠤ ᠲᠤᠰᠬᠠᠶ ᠰᠠᠯᠠᠭ᠎ᠠ᠂ ᠪᠠᠭᠤᠷᠠᠶ ᠡᠮᠴᠢᠯᠡᠭᠡᠨ ᠤ ᠰᠠᠯᠠᠭ᠎ᠠ | ᠪᠠ ᠮᠣᠩᠭᠤᠯ ᠬᠢᠲᠠᠳ ᠡᠮᠨᠡᠯᠭᠡ ᠶᠢᠨ ᠣᠨᠴᠠᠯᠢᠠᠠᠳᠦ ᠣᠨᠣᠰᠢᠯᠠᠨ ᠡᠮᠨᠡᠬᠦ ᠦᠶᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠷᠠᠭᠤᠯᠤᠨ᠂ ᠪᠠᠴᠢᠮ ᠳᠤᠲᠠᠭᠳᠠᠵᠤ ᠪᠠᠶᠢᠭ᠎ᠠ ᠡᠮᠴᠢᠯᠡᠭᠡ ᠡᠷᠡᠭᠦᠯ ᠬᠠᠮᠠᠭᠠᠯᠠᠯ ᠤᠨ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠳᠠᠰᠬᠠᠯᠵᠢᠭᠤᠯᠬᠤ ᠪᠠ | ᠲᠠᠲᠠᠨ ᠠᠪᠴᠢᠷᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠵᠢᠴᠢ ᠢᠵᠢ ᠪᠥᠷᠢᠳᠦᠭᠰᠡᠨ | ᠳᠡᠮᠵᠢᠯᠭᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠮᠦᠨ ᠠᠮᠠ ᠶᠢᠨ ᠣᠷᠳᠣ ᠬᠤᠭᠤᠴᠠᠭᠠᠨ ᠤ | ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠦᠨᠳᠦ ᠶᠡᠭᠡ | ᠡᠪᠡᠳᠴᠢᠨ ᠡᠮᠭᠡᠭ ᠪᠠ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠠ᠃ | ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠢ ᠰᠢᠨᠡᠴᠢᠯᠡᠨ ᠬᠡᠷᠡᠭᠵᠢᠭᠦᠯᠵᠦ᠂ ᠦᠨᠳᠦᠰᠦᠨ ᠱᠠᠲᠤᠨ ᠤ ᠤᠷᠠᠨ ᠰᠠᠶᠢᠬᠠᠨ ᠤ ᠲᠣᠭᠯᠠᠯᠲᠠ | ᠵᠡᠷᠭᠡ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢ ᠪᠠᠶᠢᠩᠭᠤ ᠦᠷᠨᠢᠭᠦᠯᠵᠦ᠂ ᠣᠯᠠᠨ ᠲᠦᠮᠡᠨ ᠤ ᠣᠶᠤᠨ ᠰᠠᠨᠠᠭ᠎ᠠ | ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ ᠬᠤᠲᠠ ᠬᠦᠳᠡᠭᠡᠨ ᠤ ᠰᠣᠶᠣᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠲᠣᠭᠠᠴᠢᠯᠠᠭᠰᠠᠨ ᠪᠠᠶᠢᠭᠤᠯᠤᠯᠲᠠ ᠶᠢ ᠠᠬᠢᠭᠤᠯᠵᠤ᠂ ᠣᠯᠠᠨ ᠲᠦᠮᠡᠨ ᠳᠤ ᠨᠠᠩ ᠣᠯᠠᠨ ᠰᠢᠯᠢᠳᠡᠭ ᠰᠣᠶᠣᠯ ᠤᠨ | ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠦᠨ᠎ᠡ᠃ ᠤᠯᠠᠭᠠᠨᠮᠥ᠋ᠴᠢᠷ ᠤᠨ ᠠᠵᠢᠯ ᠦᠶᠯᠡᠰ ᠤᠨ ᠬᠥᠭᠵᠢᠯᠲᠡ ᠶᠢ | ᠳᠡᠮᠵᠢᠵᠦ᠂ ᠪᠣᠯᠪᠠᠰᠤᠷᠠᠯ ᠤᠨ ᠰᠢᠨ᠎ᠡ ᠣᠷᠳᠣᠨ ᠢ ᠪᠥᠲᠥᠭᠡᠨ ᠪᠠᠶᠢᠭᠤᠯᠤᠨ᠎ᠠ᠃ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠪᠠᠨ ᠴᠢᠩᠭᠠᠳᠬᠠᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ | ᠬᠥᠭᠵᠢᠭᠦᠯᠬᠦ ᠶᠢ ᠵᠣᠷᠢᠭᠵᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠪᠡᠶ᠎ᠡ ᠲᠠᠮᠢᠷ ᠤᠨ ᠣᠷᠳᠣᠨ ᠤ ᠨᠡᠶᠢᠭᠡᠮᠴᠢᠯᠡᠭᠰᠡᠨ ᠡᠵᠡᠩᠨᠡᠯᠲᠡ ᠶᠢ ᠲᠦᠯᠬᠢᠨ ᠠᠬᠢᠭᠤᠯᠵᠤ᠂ ᠪᠦᠬᠦ | ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ | ᠨᠡᠶᠢᠭᠡᠮ ᠤᠨ ᠵᠠᠰᠠᠯᠲᠠ ᠶᠢ ᠰᠢᠨᠡᠴᠢᠯᠡᠨ ᠴᠢᠩᠭᠠᠳᠬᠠᠨ᠎ᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠦᠯᠲᠡ ᠶᠢᠨ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ | ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ | ᠵᠠᠮ ᠢ ᠰᠢᠯᠤᠭᠤᠳᠬᠠᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢ | ᠯᠠᠪᠳᠠᠭᠤᠨ ᠠᠬᠢᠭᠤᠯᠤᠨ᠎ᠠ᠃ ᠴᠠᠯᠢᠩ ᠥᠷᠢᠲᠦᠬᠦ ᠶᠢ ᠡᠬᠢ ᠡᠭᠦᠰᠦᠯ ᠠᠴᠠ ᠨᠢ ᠵᠠᠰᠠᠬᠤ ᠡᠷᠴᠢᠮ ᠢᠶᠠᠨ | ᠴᠢᠩᠭᠠᠷᠠᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠤᠨ᠎ᠠ᠃ | ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠬᠡᠪ | ᠰᠤᠷᠲᠠᠯ ᠪᠤᠯᠤᠨ ᠨᠡᠶᠢᠭᠡᠮ ᠤᠨ ᠠᠮᠢ ᠠᠬᠤᠶ ᠶᠢ ᠦᠷᠭᠦᠯᠵᠢᠯᠡᠨ ᠴᠡᠪᠡᠷᠰᠢᠭᠦᠯᠵᠦ᠂ ᠨᠠᠩ ᠥᠨᠳᠥᠷ ᠲᠦᠪᠰᠢᠨ ᠪᠥᠬᠦᠶ | ᠠᠮᠤᠭᠤᠯᠠᠩ ᠡᠵᠡᠨ᠎ᠡ ᠶᠢ ᠪᠥᠲᠥᠭᠡᠨ ᠪᠠᠶᠢᠭᠤᠯᠤᠨ᠎ᠠ᠃ ︽ᠬᠡᠷ ᠪᠠᠶᠢᠰᠢᠩ ᠲᠦᠷᠢᠶᠡᠰᠦᠯᠡᠭᠦᠯᠬᠦ ᠬᠠᠮᠢᠶᠠᠷᠤᠯᠲᠠ ᠶᠢᠨ | ᠠᠷᠭ᠎ᠠ︾ ᠶᠢ ᠲᠤᠭᠲᠠᠭᠠᠵᠤ᠂ ᠨᠡᠭᠦᠳᠡᠯ ᠬᠥᠮᠦᠰ ᠤᠨ ᠦᠢᠯᠡᠴᠢᠯᠡᠭᠡ ᠬᠠᠮᠢᠶᠠᠷᠤᠯᠲᠠ ᠶᠢ ᠰᠠᠶᠢᠲᠤᠷ ᠬᠢᠨ᠎ᠠ᠃ | ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ | ᠠᠵᠤ ᠠᠬᠤᠶ᠂ ᠠᠮᠢ ᠠᠬᠤᠶ᠂ ᠮᠥᠩᠭᠦᠨ ᠭᠦᠶᠯᠭᠡᠭᠡ᠂ ᠠᠮᠤ ᠬᠦᠨᠡᠰᠤ᠂ ᠡᠨᠧᠷᠭᠢ ᠵᠡᠷᠭᠡ ᠴᠠᠷ᠎ᠠ ᠬᠦᠷᠢᠶᠡᠨ ᠳᠠᠬᠢ | ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ᠂ ᠠᠶᠤᠯ ᠠᠴᠠ ᠠᠪᠤᠷᠠᠨ ᠲᠤᠰᠠᠯᠠᠬᠤ ᠪᠠ ᠭᠠᠮᠰᠢᠭ ᠢ | ᠰᠡᠷᠭᠡᠶᠢᠯᠡᠨ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠩᠬᠠᠳᠤᠭᠠᠷ ᠤᠳᠠᠭᠠᠨ ᠤ ᠪᠥᠬᠦ ᠤᠯᠤᠰ ᠤᠨ | ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠮᠵᠢ ᠶᠢ | ᠤᠯᠠᠷᠢᠭᠤᠯᠤᠨ ᠠᠰᠢᠭᠯᠠᠬᠤ ᠠᠵᠢᠯ ᠢ ᠰᠠᠶᠢᠲᠤᠷ ᠬᠢᠨ᠎ᠠ᠃ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠪᠠ ᠢᠳᠡᠭᠡᠨ ᠤᠮᠳᠠᠭᠠᠨ ᠡᠮ ᠤᠨ ᠵᠦᠢᠯᠡᠰ ᠤᠨ ᠬᠢᠨᠠᠨ | ᠬᠠᠮᠢᠶᠠᠷᠤᠯᠲᠠ ᠶᠢ ᠴᠢᠩᠭᠠᠳᠬᠠᠨ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠳᠦᠷᠢᠮᠵᠢᠭᠦᠯᠵᠦ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠤᠨ ᠪᠠᠶᠢᠩᠭᠤ ᠶᠢᠨ ᠲᠤᠭᠲᠠᠯᠴᠠᠭ᠎ᠠ ᠶᠢ | ᠪᠦᠷᠢᠨᠰᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠯ᠎ᠡ ᠦᠨᠳᠦᠰᠦᠲᠡᠨ ᠤ ᠣᠯᠠᠨ | ᠲᠦᠮᠡᠨ ᠤ ᠰᠡᠳᠬᠢᠯ ᠳᠤ ᠬᠠᠳᠠᠩᠰᠢᠭᠤᠯᠤᠨ᠎ᠠ᠃ ᠭᠠᠳᠠᠭᠠᠳᠤ ᠶᠠᠪᠤᠳᠠᠯ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ | ᠠᠮᠤ ᠬᠦᠨᠡᠰᠤ᠂ ᠬᠠᠩᠭᠠᠯᠭ᠎ᠠ ᠪᠤᠷᠤᠯᠠᠭᠤᠯᠭ᠎ᠠ᠂ ᠴᠠᠭ ᠠᠭᠤᠷ᠂ ᠳᠠᠭᠠᠳᠬᠠᠯ᠂ ᠰᠢᠦᠳᠠᠨ ᠵᠡᠷᠭᠡ ᠠᠵᠢᠯ ᠢ ᠯᠠᠪᠳᠠᠭᠤᠨ | ᠪᠠᠲᠤᠲᠠᠶ ᠲᠦᠯᠬᠢᠨ ᠠᠬᠢᠭᠤᠯᠵᠤ᠂ ᠡᠮᠡᠭᠲᠡᠶᠢᠴᠦᠳ ᠪᠠ ᠬᠡᠦᠬᠡᠳ ᠪᠠᠭᠠᠴᠣᠣᠯ᠂ ᠵᠡᠮᠳᠡᠭᠴᠦᠳ᠂ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠶᠢ ᠬᠠᠯᠠᠮᠵᠢᠯᠠᠨ | ᠳᠡᠮᠵᠢᠵᠦ᠂ ᠨᠡᠶᠢᠭᠡᠮ ᠤᠨ ᠡᠯ᠎ᠡ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ | ᠲᠥᠯᠥᠭᠡᠯᠡᠭᠴᠢᠳ ᠡ᠂ ᠠᠷᠠᠳ ᠲᠦᠮᠡᠨ ᠤ ᠬᠦᠰᠡᠯ ᠡᠷᠡᠮᠡᠯᠵᠡᠯ ᠨᠢ ᠳᠠᠷᠤᠢ ᠵᠠᠰᠠᠭ ᠤᠨ ᠠᠵᠢᠯ ᠤᠨ ᠴᠢᠭᠯᠡᠯ | ᠮᠦᠨ᠃ ᠪᠢᠳᠡ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠶᠢ ᠢᠮᠠᠭᠲᠠ ᠬᠤᠰᠢᠭᠤᠨ ᠤ ᠵᠠᠰᠠᠭ ᠤᠨ | ᠣᠷᠳᠣᠨ ᠤ ᠤᠷᠲᠤ ᠬᠤᠭᠤᠴᠠᠭ᠎ᠠ ᠪᠠᠷ ᠪᠠᠷᠢᠮᠲᠠᠯᠠᠬᠤ ᠨᠢᠭᠡ ᠵᠦᠢᠯ ᠤᠨ ᠳᠦᠷᠢᠮ ᠪᠣᠯᠭᠠᠵᠤ᠂ ᠭᠦᠢᠴᠡᠳ ᠰᠠᠨᠠᠯ | ᠬᠤᠷᠢᠶᠠᠵᠤ ᠥᠷᠭᠡᠨ ᠢᠶᠠᠷ ᠶᠠᠷᠢᠯᠴᠠᠭᠰᠠᠨ ᠰᠠᠭᠤᠷᠢᠨ ᠳᠡᠭᠡᠷ᠎ᠡ ᠠᠷᠠᠳ ᠤᠨ ᠠᠮᠢᠳᠤᠷᠠᠯ ᠳᠤ ᠵᠣᠷᠢᠭᠤᠯᠤᠭᠰᠠᠨ ᠠᠷᠪᠠᠨ | ᠪᠣᠳᠠᠲᠤ ᠶᠠᠪᠤᠳᠠᠯ ᠢ ᠡᠮᠬᠢᠯᠡᠪᠡ᠄ ᠨᠢᠭᠡ ᠳᠤ᠂ ᠬᠤᠲᠠ ᠬᠦᠳᠡᠭᠡᠨ ᠤ ᠨᠠᠰᠤᠵᠢᠯ ᠤᠨ ᠳᠠᠭᠠᠳᠬᠠᠯ ᠤᠨ ᠮᠦᠩᠭᠦ ᠶᠢᠨ | ᠪᠠᠷᠢᠮᠵᠢᠶ᠎ᠡ ᠶᠢ 10% ᠳᠡᠭᠡᠭᠰᠢᠯᠡᠭᠦᠯᠦᠨ᠎ᠡ᠃ ᠬᠤᠶᠠᠷ ᠲᠤ᠂ ᠭᠦᠢᠴᠡᠳ ᠠᠵᠢᠯ ᠣᠯᠭᠤᠵᠤ᠂ ᠠᠵᠢᠯ ᠦᠢᠯᠡᠰ ᠤᠨ | ᠣᠷᠤᠨ ᠲᠣᠭᠠᠨ ᠳᠤ ᠡᠵᠡᠨ᠎ᠡ ᠬᠤᠰᠢᠭᠤᠨ ᠤ ᠡᠷᠦᠬᠡ ᠠᠮᠠ ᠲᠠᠢ 20 ᠬᠦᠮᠦᠨ ᠡᠯᠰᠡᠨ᠎ᠡ᠃ ᠭᠤᠷᠪᠠ ᠳᠤ᠂ | ᠨᠡᠶᠢᠲᠡ ᠶᠢᠨ ᠠᠰᠠᠷᠠᠮᠵᠢᠲᠤ ᠣᠷᠤᠨ ᠪᠠᠶᠢᠷᠢ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠨᠦᠬᠦᠪᠦᠷᠢ ᠶᠢ 220 | ᠲᠦᠭᠦᠷᠢᠭ ᠨᠡᠮᠡᠭᠳᠡᠭᠦᠯᠦᠨ᠎ᠡ᠃ ᠳᠦᠷᠪᠡ ᠳᠤ᠂ ᠡᠵᠡᠨ᠎ᠡ ᠬᠤᠰᠢᠭᠤᠨ ᠤ ᠡᠷᠦᠭᠡ ᠠᠮᠠ ᠲᠠᠢ ᠪᠦᠬᠦᠯᠢ 60 ᠪᠤᠶᠤ | 60 ᠨᠠᠰᠤᠨ ᠠᠴᠠ ᠳᠡᠭᠡᠭᠰᠢᠬᠢ ᠡᠷᠡᠭᠲᠡᠢ᠂ ᠪᠦᠬᠦᠯᠢ 55 ᠪᠤᠶᠤ 55 ᠨᠠᠰᠤᠨ ᠠᠴᠠ ᠳᠡᠭᠡᠭᠰᠢᠬᠢ ᠡᠮᠡᠭᠲᠡᠢ᠂ | ᠠᠶᠢᠮᠠᠭ ᠤᠨ ᠳᠡᠰ ᠵᠢᠴᠢ ᠳᠡᠭᠡᠳᠦ ᠱᠠᠲᠤᠨ ᠤ ᠬᠦᠳᠡᠯᠮᠦᠷᠢ ᠶᠢᠨ ᠵᠢᠱᠢᠶᠡᠴᠢ᠂ ᠲᠡᠷᠢᠭᠦᠨ ᠤ ᠵᠢᠱᠢᠶᠡᠴᠢ ᠵᠡᠷᠭᠡ ᠢᠷᠠᠭᠤ | ᠠᠯᠳᠠᠷ ᠢ ᠬᠦᠷᠲᠡᠭᠰᠡᠳ᠂ ᠵᠡᠮᠳᠡᠭᠴᠦᠳ᠂ ᠳᠤᠤᠷ᠎ᠠ ᠪᠠᠲᠤᠯᠠᠭᠠᠲᠤ ᠭᠡᠷ ᠪᠦᠯᠢ ᠶᠢᠨ ᠬᠢ᠂ ᠰᠤᠷᠭᠠᠭᠤᠯᠢ ᠳᠤ ᠪᠠᠶᠢᠭ᠎ᠠ | ᠣᠶᠤᠲᠠᠳ ᠲᠤ ᠠᠯᠠᠱᠠ ᠵᠡᠭᠦᠨ ᠬᠤᠰᠢᠭᠤ ᠪᠤᠯᠤᠨ ᠡᠵᠡᠨ᠎ᠡ ᠬᠤᠰᠢᠭᠤᠨ ᠤ ᠬᠤᠭᠤᠷᠤᠨᠳᠠᠬᠢ ᠠᠶᠠᠯᠠᠯ ᠤᠨ | ᠨᠢᠰᠭᠡᠯ ᠤᠨ ᠪᠢᠯᠧᠲ 1 ᠶᠢ ᠬᠠᠩᠭᠠᠨ᠎ᠠ᠃ ᠲᠠᠪᠤ ᠳᠤ᠂ 2005 ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ | ᠰᠠᠭᠤᠭᠠᠯᠢ ᠠᠷᠠᠳ ᠤᠨ ᠲᠤᠭᠤᠷᠢᠭ ᠲᠤ 20 ᠴᠠᠬᠢᠯᠭᠠᠨ ᠱᠠᠲᠤ ᠰᠢᠨ᠎ᠡ ᠪᠠᠷ ᠤᠭᠰᠠᠷᠠᠨ᠎ᠠ᠃ ᠵᠢᠷᠭᠤᠭ᠎ᠠ ᠳᠤ᠂ | ᠡᠵᠡᠨ᠎ᠡ ᠬᠤᠰᠢᠭᠤᠨ ᠤ ᠡᠷᠦᠭᠡ ᠠᠮᠠ ᠲᠠᠢ 45 ᠨᠠᠰᠤᠨ ᠠᠴᠠ ᠳᠡᠭᠡᠭᠰᠢᠬᠢ 9843 ᠬᠦᠮᠦᠨ ᠳᠤ ᠡᠷᠡᠭᠦᠯ | ᠮᠡᠨᠳᠦ ᠶᠢᠨ ᠪᠠᠶᠢᠴᠠᠭᠠᠯᠲᠠ ᠶᠢ ᠰᠦᠢᠳᠭᠡᠯ ᠬᠤᠷᠢᠶᠠᠬᠤ ᠦᠭᠡᠢ ᠪᠠᠷ ᠬᠢᠨ᠎ᠡ᠃ ᠳᠣᠯᠤᠭ᠎ᠠ ᠳᠤ᠂ ᠶᠠᠩ ᠭᠤᠸᠠᠩ᠂ | ᠺᠠᠩ ᠰᠢᠨ ᠵᠡᠷᠭᠡ 8 ᠰᠠᠭᠤᠭᠠᠯᠢ ᠠᠷᠠᠳ ᠤᠨ ᠲᠤᠭᠤᠷᠢᠭ ᠢ ᠬᠦᠷᠢᠶᠡᠯᠡᠨ᠂ ᠬᠢᠨᠠᠨ ᠡᠵᠡᠮᠳᠡᠭᠦᠷ ᠤᠭᠰᠠᠷᠠᠵᠤ ᠠᠮᠤᠷ | ᠲᠦᠪᠰᠢᠨ ᠢ ᠪᠠᠲᠤᠯᠠᠨ᠎ᠠ᠃ ᠨᠠᠢᠮᠠ ᠳᠤ᠂ ᠳᠠᠯᠠᠶᠢᠬᠦ᠋ᠪ ᠪᠠᠯᠭᠠᠰᠤᠨ ᠳᠤ ᠵᠢᠮᠢᠰ ᠨᠣᠭᠤᠭ᠎ᠠ ᠬᠢᠮᠲᠠ ᠪᠠᠷ ᠪᠤᠷᠤᠯᠠᠭᠤᠯᠬᠤ | ᠬᠡᠲᠦ ᠳᠡᠯᠭᠡᠭᠦᠷ 2 ᠢ ᠪᠠᠶᠢᠭᠤᠯᠤᠨ᠎ᠠ᠃ ᠶᠢᠰᠦ ᠳᠤ᠂ ᠡᠮᠨᠡᠯᠭᠡ ᠶᠢᠨ ᠪᠠᠲᠤᠯᠠᠭᠠᠨ ᠤ ᠬᠠᠷᠠᠭᠠᠯᠵᠠᠯ ᠢ | ᠳᠡᠭᠡᠭᠰᠢᠯᠡᠭᠦᠯᠦᠨ᠎ᠡ᠃ ᠠᠷᠪᠠ ᠳᠤ᠂ ᠡᠵᠡᠨ᠎ᠡ ᠬᠤᠰᠢᠭᠤᠨ ᠤ ᠡᠷᠦᠬᠡ ᠠᠮᠠ ᠲᠠᠢ 18 ᠠᠴᠠ 60 ᠨᠠᠰᠤᠨ ᠤ | ᠰᠠᠭᠤᠭᠠᠯᠢ ᠠᠷᠠᠳ ᠲᠤ 200 ᠲᠦᠭᠦᠷᠢᠭ ᠤᠨ ︽ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠺᠠᠷᠲ︾ ᠢ | 10000 ᠬᠤᠪᠢ ᠲᠠᠷᠬᠠᠭᠠᠨ᠎ᠠ᠃ ᠲᠥᠯᠥᠭᠡᠯᠡᠭᠴᠢᠳ ᠪᠢᠯᠧᠲ ᠢᠶᠠᠷ ᠰᠢᠶᠳᠪᠦᠷᠢ ᠭᠠᠷᠭᠠᠭᠠᠷᠠᠶ︕ | ︵ᠵᠢᠷᠭᠤᠭ᠎ᠠ︶ ᠬᠦᠴᠦ ᠪᠠᠨ ᠲᠥᠪᠯᠡᠷᠡᠭᠦᠯᠦᠨ ᠬᠠᠤᠯᠢ ᠶᠣᠰᠣᠭᠠᠷ ᠵᠠᠰᠠᠭ ᠶᠠᠪᠤᠭᠤᠯᠵᠤ᠂ ᠲᠣᠰ ᠪᠡᠶ᠎ᠡ ᠶᠢᠨ | ᠪᠠᠶᠢᠭᠤᠯᠤᠯᠲᠠ ᠶᠢᠨ ᠰᠢᠨ᠎ᠡ ᠠᠮᠵᠢᠯᠲᠠ ᠶᠢ ᠪᠡᠶᠡᠯᠡᠭᠦᠯᠦᠨ᠎ᠡ᠃ | ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ | ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ | ᠶᠣᠰᠣ ᠲᠦᠷᠢᠮ ᠢ ᠴᠢᠩᠭ᠎ᠠ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ | ᠪᠤᠳᠠᠲᠠᠶᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠴᠠᠷ᠎ᠠ | ᠬᠦᠷᠢᠶ᠎ᠡ ᠵᠢᠴᠢ ᠪᠥᠬᠦ ᠶᠠᠪᠤᠴᠠ ᠳᠤ ᠤᠬᠠᠮᠰᠠᠷ ᠠᠴᠠ ᠪᠠᠨ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ | ᠵᠢᠴᠢ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠣᠨ᠎ᠠ᠃ | ᠪᠣᠳᠠᠲᠠᠶ ᠶᠢ ᠡᠷᠬᠢᠮᠯᠡᠨ ᠪᠠᠶᠡᠯᠡᠭᠦᠯᠬᠦ ᠶᠢ ᠪᠠᠷᠢᠮᠲᠠᠯᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠠᠬᠢᠭᠤᠯᠵᠤ᠂ ᠰᠢᠶᠳᠪᠦᠷᠢᠲᠦ ᠪᠣᠳᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠠᠶᠢᠲᠤᠷ ᠪᠡᠶᠡᠯᠡᠭᠦᠯᠦᠨ᠎ᠡ᠃ ᠵᠠᠰᠠᠭ ᠤᠨ ᠣᠷᠳᠣᠨ ᠠᠵᠢᠯ ᠢᠶᠠᠨ | ᠢᠮᠠᠭᠲᠠ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ ᠶᠡᠬᠡᠪᠡᠷ ᠴᠡᠭᠴᠡᠯᠡᠨ ᠵᠠᠰᠠᠵᠤ᠂ ᠱᠠᠯᠠᠪᠳᠠᠨ | ᠪᠠᠶᠢᠴᠠᠭᠠᠵᠤ ᠭᠦᠶᠴᠡᠳᠬᠡᠬᠦ ᠵᠢᠴᠢ ᠬᠠᠷᠢᠭᠤᠴᠠᠯᠭ᠎ᠠ ᠪᠠ ᠦᠷ᠎ᠡ ᠪᠦᠲᠦᠮᠵᠢ ᠨᠡᠬᠡᠮᠵᠢᠯᠡᠬᠦ ᠶᠢ ᠴᠢᠩᠭᠠᠳᠬᠠᠨ᠂ ᠬᠡᠪ | ᠰᠤᠷᠲᠠᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠴᠢᠲᠠᠮᠵᠢ ᠪᠠᠨ ᠳᠡᠭᠡᠭᠰᠢᠯᠡᠭᠦᠯᠵᠦ᠂ ᠭᠦᠢᠴᠡᠳᠭᠡᠵᠦ | ᠨᠠᠶᠢᠳᠠᠪᠤᠷᠢᠵᠢᠭᠤᠯᠬᠤ ᠴᠢᠳᠠᠪᠤᠷᠢ ᠪᠠᠨ ᠨᠡᠮᠡᠭᠳᠡᠭᠦᠯᠦᠨ᠎ᠡ᠃ | ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠬᠠᠤᠯᠢ ᠰᠠᠬᠢᠯᠭ᠎ᠠ ᠶᠢ | ᠬᠦᠨᠳᠦᠳᠬᠡᠵᠦ᠂ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠭᠠᠨ ᠱᠤᠭᠤᠮ ᠳᠤ ᠬᠠᠯᠳᠠᠬᠤ ᠦᠭᠡᠢ᠃ ᠵᠠᠰᠠᠭ | ᠵᠠᠬᠢᠷᠭᠠᠨ ᠤ ᠡᠷᠬᠡ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ ᠭᠤᠤᠯᠳᠠᠯᠭ᠎ᠠ ᠪᠠ | ᠵᠠᠩᠭᠢᠯᠠᠭ᠎ᠠ ᠶᠢᠨ ᠬᠡᠰᠡᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︽ᠭᠠᠮᠨᠠᠵᠤ ᠠᠮᠢᠳᠤᠷᠠᠬᠤ︾ | ᠦᠵᠡᠯ ᠰᠠᠨᠠᠭ᠎ᠠ ᠶᠢ ᠪᠠᠷᠢᠮᠲᠠᠯᠠᠵᠤ᠂ ᠲᠥᠰᠦᠪ ᠪᠠ ᠲᠥᠰᠦᠪ ᠤᠨ ᠭᠦᠢᠴᠡᠳᠬᠡᠯ ᠤᠨ ᠬᠢᠵᠠᠭᠠᠷᠯᠠᠯ ᠢ ᠴᠢᠩᠭᠠᠳᠬᠠᠨ᠂ | ᠵᠠᠰᠠᠭ ᠤᠨ ᠣᠷᠳᠤᠨ ᠤ ᠦᠷᠢ ᠦᠭᠴᠡᠭᠡᠨ ᠤ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠨ ᠠᠷᠢᠯᠭᠠᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠬᠦ ᠶᠢ ᠳᠡᠮᠵᠢᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠤᠷᠲᠠᠯ ᠵᠦᠪ ᠣᠪᠣᠷ ᠲᠥᠪ᠂ ᠠᠷᠢᠭᠤᠨ ᠴᠢᠬᠡᠴᠢ᠂ | ᠠᠵᠢᠯ ᠬᠢᠵᠦ ᠦᠶᠯᠡᠰ ᠪᠤᠰᠬᠠᠬᠤ ᠰᠠᠶᠢᠨ ᠰᠠᠶᠢᠬᠠᠨ ᠤᠯᠤᠰ ᠲᠥᠷᠥ ᠶᠢᠨ ᠣᠷᠴᠢᠨ ᠲᠣᠭᠤᠷᠢᠨ ᠢ ᠬᠦᠴᠦᠯᠡᠨ | ᠪᠦᠷᠢᠯᠳᠦᠭᠦᠯᠦᠨ᠎ᠡ᠃ | ᠲᠥᠯᠥᠭᠡᠯᠡᠭᠴᠢᠳ ᠡ᠂ ᠵᠠᠭᠤᠨ ᠵᠢᠯ ᠤᠨ ᠨᠠᠮ ᠤᠨ ᠲᠡᠦᠬᠡ ᠬᠥᠮᠦᠰ ᠤᠨ ᠤᠷᠮ᠎ᠠ ᠶᠢ ᠭᠦᠭᠵᠢᠭᠡᠵᠦ᠂ | ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠬᠥᠮᠦᠰ ᠤᠨ ᠵᠣᠷᠢᠭ ᠢ ᠬᠦᠪᠴᠢᠯᠡᠨ᠎ᠡ᠃ ᠲᠡᠦᠬᠡ ᠶᠡᠷᠦᠨᠢ ᠣᠨ | ᠵᠢᠯ ᠤᠨ ᠤᠷᠤᠰᠬᠠᠯ ᠳᠤᠮᠲᠠ ᠤᠷᠤᠭᠰᠢᠯᠠᠵᠤ᠂ ᠦᠢᠯᠡᠰ ᠶᠡᠷᠦᠨᠢ ᠦᠶ᠎ᠡ ᠦᠶ᠎ᠡ ᠶᠢᠨ ᠴᠢᠷᠮᠠᠶᠢᠯᠭ᠎ᠠ ᠳᠤᠮᠳᠠ | ᠪᠤᠵᠠᠭᠠᠶᠢᠷᠠᠳᠠᠭ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠪᠥᠬᠦ ᠬᠤᠰᠢᠭᠤᠨ ᠤ ᠠᠷᠠᠳ ᠲᠦᠮᠡᠨ ᠢ ᠪᠦᠯᠬᠦᠮᠳᠡᠭᠦᠯᠦᠨ᠂ ᠵᠣᠷᠢᠭ ᠨᠢᠭᠡᠲᠡᠢ ᠡᠷᠡᠯᠬᠡᠭᠯᠡᠨ ᠲᠡᠮᠡᠴᠡᠵᠦ᠂ | ᠬᠠᠷᠢᠭᠤᠴᠠᠯᠭ᠎ᠠ ᠪᠠᠨ ᠪᠡᠶᠡᠯᠡᠭᠦᠯᠦᠨ ᠠᠮᠠᠯᠠᠯᠲᠠ ᠪᠠᠨ ᠦᠢᠯᠡᠳᠦᠯᠭᠡᠵᠢᠭᠦᠯᠵᠦ᠂ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠭᠤᠤ ᠶᠡᠭᠡ ᠠᠶᠠᠨ ᠳᠤ ᠡᠵᠡᠨ᠎ᠡ ᠶᠢᠨ ᠴᠣ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠰᠢᠯᠢᠳᠡᠭ ᠠᠮᠵᠢᠯᠲᠠ ᠲᠠᠢ ᠪᠠᠷ | ᠤᠭᠲᠤᠨ ᠠᠪᠤᠶ᠎ᠠ︕ | 【 ᠦᠭᠡᠰ ᠤᠨ ᠲᠠᠶᠢᠯᠪᠤᠷᠢ 】 | ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ᠄ ᠱᠠᠲᠤ ᠬᠤᠪᠢᠶᠠᠨ ᠬᠠᠷᠢᠭᠤᠴᠠᠬᠤ ᠵᠠᠷᠴᠢᠮ | ᠶᠣᠰᠣᠭᠠᠷ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠣᠶ | ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠤᠰᠤᠳ ᠬᠠᠷᠢᠭᠤᠴᠠᠯᠭᠠᠲᠠᠨ ᠣᠶ | ᠰᠢᠭᠤᠢ ᠡᠪᠡᠰᠦ ᠪᠡᠯᠴᠢᠭᠡᠷ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠂ | ᠠᠶᠢᠮᠠᠭ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠵᠡᠷᠭᠡ ᠲᠠᠪᠤᠨ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ | ᠳᠠᠷᠤᠭ᠎ᠠ ᠶᠢᠨ ᠲᠦᠷᠢᠮ ᠤᠨ ᠰᠢᠰᠲ᠋ᠧᠮ ᠢ ᠪᠠᠶᠢᠭᠤᠯᠤᠨ᠎ᠠ᠃ ᠡᠯ᠎ᠡ ᠱᠠᠲᠤᠨ ᠤ ᠣᠶ ᠰᠢᠭᠤᠢ ᠡᠪᠡᠰᠦ ᠪᠡᠯᠴᠢᠭᠡᠷ ᠤᠨ | ᠳᠠᠷᠤᠭ᠎ᠠ ᠨᠠᠷ ᠬᠠᠷᠢᠭᠤᠴᠠᠯᠭᠠᠲᠤ ᠣᠷᠣᠨ ᠤ ᠪᠠᠨ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ | ᠬᠥᠭᠵᠢᠭᠦᠯᠬᠦ ᠠᠵᠢᠯ ᠢ ᠱᠠᠯᠠᠪᠳᠠᠨ ᠵᠢᠯᠤᠭᠤᠳᠴᠤ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ | ᠬᠠᠮᠠᠭᠠᠯᠠᠨ ᠬᠥᠭᠵᠢᠭᠦᠯᠬᠦ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠣᠶ ᠰᠢᠭᠤᠶ ᠡᠪᠡᠰᠦ | ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ | ᠨᠠᠭᠤᠷ ᠭᠤᠤᠯ ᠤᠨ ︽ᠲᠦᠷᠪᠡᠨ ᠳᠢᠭᠯᠢᠮ ᠦᠭᠡᠢ ᠪᠠᠶᠢᠳᠠᠯ ᠤᠨ ᠴᠡᠭᠴᠡᠯᠡᠯᠲᠡ︾᠄ ᠭᠤᠤᠯ ᠮᠥᠷᠡᠨ ᠨᠠᠭᠤᠷ | ᠴᠥᠭᠦᠷᠥᠮ ᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠤᠷᠴᠢᠨ ᠲᠤᠭᠤᠷᠢᠨ ᠳᠤ ᠨᠢ ᠶᠠᠭᠤᠮ᠎ᠠ | ᠳᠤᠷ᠎ᠠ ᠪᠠᠷ ᠢᠶᠠᠨ ᠣᠪᠣᠭᠠᠯᠠᠬᠤ ᠪᠠ ᠳᠤᠷ᠎ᠠ ᠪᠠᠷ ᠢᠶᠠᠨ ᠪᠠᠶᠢᠭᠤᠯᠬᠤ ᠵᠡᠷᠭᠡ ᠠᠰᠠᠭᠤᠳᠠᠯ ᠢ ᠴᠡᠪᠡᠷᠯᠡᠨ ᠴᠡᠭᠴᠡᠯᠡᠨ᠎ᠡ᠃ | ︽ᠭᠤᠷᠪᠠᠨ ᠱᠤᠭᠤᠮ ᠨᠢᠭᠡ ᠵᠢᠭᠰᠠᠭᠠᠯᠲᠠ︾᠄ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ᠂ | ᠤᠷᠴᠢᠨ ᠲᠤᠭᠤᠷᠢᠨ ᠤ ᠶᠠᠰᠤ ᠴᠢᠨᠠᠷ ᠤᠨ ᠦᠨᠳᠦᠰᠦᠨ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ | ᠬᠢᠵᠠᠭᠠᠷ ᠱᠤᠭᠤᠮ ᠪᠤᠯᠤᠨ ᠠᠮᠢ ᠠᠬᠤᠢ ᠤᠷᠴᠢᠨ ᠲᠤᠭᠤᠷᠢᠨ ᠤ ᠲᠡᠯ᠎ᠡ ᠪᠠᠷ ᠬᠢ ᠬᠤᠷᠢᠭᠯᠠᠵᠤ ᠬᠢᠵᠠᠭᠠᠷᠯᠠᠭᠰᠠᠨ | ᠵᠦᠢᠯᠡᠰ ᠤᠨ ᠵᠢᠭᠰᠠᠭᠠᠯᠲᠠ ᠶᠢ ᠵᠢᠭᠠᠵᠤ᠂ ᠲᠡᠷᠡ ᠨᠢ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢ | ᠨᠠᠷᠢᠯᠢᠭᠵᠢᠭᠤᠯᠤᠨ ᠬᠠᠮᠢᠶᠠᠷᠴᠤ᠂ ᠤᠯᠤᠰ ᠤᠨ ᠭᠠᠵᠠᠷ ᠰᠢᠷᠦᠢ ᠶᠢᠨ ᠤᠷᠤᠨ ᠵᠠᠢ ᠶᠢᠨ ᠬᠠᠮᠢᠶᠠᠷᠤᠯᠲᠠ | ᠡᠵᠡᠮᠳᠡᠯᠲᠡ ᠶᠢ ᠴᠢᠩᠭᠠᠳᠬᠠᠨ᠂ ᠪᠤᠬᠢᠷᠳᠤᠯ ᠦᠭᠡᠢ ᠴᠢᠨᠠᠷ ᠰᠠᠶᠢᠲᠠᠢ ᠭᠦᠭᠵᠢᠯᠲᠡ ᠶᠢ ᠠᠬᠢᠭᠤᠯᠬᠤ ᠴᠢᠬᠤᠯᠠ ᠠᠵᠢᠯ | ᠪᠤᠯᠤᠨ᠎ᠠ᠃ | ᠬᠤᠤᠰ ᠨᠡᠭᠦᠷᠡᠰᠦᠲᠥ᠋ᠷᠥᠭᠴᠢ᠄ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠭᠢᠯ ᠬᠡᠮᠵᠢᠭᠳᠡᠯ ᠠᠴᠠ ᠨᠢ | ᠪᠠᠭᠤᠷᠠᠭᠤᠯᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ︾ ᠶᠢᠨ ᠲᠤᠪᠴᠢᠯᠠᠯ᠃ | ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠭᠢᠯ ᠬᠡᠮᠵᠢᠭᠳᠡᠯ ᠠᠴᠠ ᠨᠢ ᠪᠠᠭᠤᠷᠠᠭᠤᠯᠬᠤ︾ ᠭᠡᠳᠡᠭ ᠨᠢ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠳᠠᠬᠢᠨ ᠨᠡᠮᠡᠭᠳᠡᠭᠦᠯᠬᠦ ᠦᠭᠡᠢ᠂ ᠣᠷᠭᠢᠯ | ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠠᠯᠬᠤᠮ ᠠᠯᠬᠤᠮ ᠢᠶᠠᠷ ᠪᠠᠭᠤᠷᠠᠭᠤᠯᠬᠤ ᠶᠢ ᠵᠢᠭᠠᠵᠤ ᠪᠠᠶᠢᠨ᠎ᠠ᠃ | ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ︾ ᠭᠡᠳᠡᠭ ᠨᠢ ᠠᠵᠤ ᠠᠬᠤᠶᠢᠯᠠᠯ᠂ | ᠪᠦᠯᠬᠦᠮ ᠪᠤᠶᠤ ᠬᠤᠪᠢ ᠬᠥᠮᠦᠨ ᠵᠣᠬᠢᠬᠤ ᠬᠤᠭᠤᠴᠠᠭᠠᠨ ᠳᠣᠲᠣᠷ᠎ᠠ ᠰᠢᠭᠤᠳ ᠪᠤᠶᠤ ᠳᠠᠮ ᠢᠶᠠᠷ ᠡᠭᠦᠰᠭᠡᠭᠰᠡᠨ | ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠲᠥᠰᠦᠭᠡᠯᠡᠨ ᠪᠤᠳᠤᠵᠤ᠂ | ᠣᠶᠢᠵᠢᠭᠤᠯᠬᠤ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠡᠭᠦᠰᠭᠡᠭᠰᠡᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ | ᠶᠢᠨ ᠬᠡᠮᠵᠢᠶ᠎ᠡ ᠶᠢ ᠲᠤᠯᠭᠠᠨ ᠬᠠᠰᠤᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ︽ᠭᠠᠳᠠᠭᠰᠢᠯᠠᠭᠤᠯᠬᠤ ᠪᠠᠨ | ᠪᠣᠯᠢᠭᠤᠯᠤᠨᠠ︾᠃ ᠮᠠᠨ ᠤ ᠤᠯᠤᠰ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ | 2030 ᠣᠨ ᠠᠴᠠ ᠡᠮᠦᠨ᠎ᠡ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ ᠪᠠᠷ ᠴᠢᠷᠮᠠᠶᠢᠵᠤ᠂ 2060 ᠣᠨ ᠠᠴᠠ | ᠡᠮᠦᠨ᠎ᠡ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠭᠦᠯᠦᠨ ᠨᠠᠮᠳᠠᠭᠠᠬᠤ︾ ᠶᠢ ᠲᠤᠳᠤᠳᠬᠠᠭᠰᠠᠨ | ᠪᠠᠶᠢᠨ᠎ᠠ᠃ | ᠬᠤᠶᠠᠷ ᠢ ᠬᠦᠩᠭᠡᠷᠡᠭᠦᠯᠬᠦ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ | ᠳᠠᠰᠬᠠᠯ ᠤᠨ ᠬᠡᠲᠦ ᠬᠦᠨᠳᠦ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠳᠠᠷᠤᠭᠠᠰᠤ ᠶᠢ | ᠪᠦᠲᠦᠮᠵᠢᠲᠡᠶ ᠬᠥᠩᠭᠡᠷᠡᠭᠦᠯᠦᠨ᠎ᠡ᠃ | ᠳᠥᠷᠪᠡᠨ ᠲᠠᠯ᠎ᠠ ᠶᠢᠨ ᠬᠠᠷᠢᠭᠤᠴᠠᠯᠭ᠎ᠠ᠄ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ | ᠠᠵᠢᠯ ᠲᠥᠷᠥᠯ ᠤᠨ ᠰᠠᠯᠠᠭ᠎ᠠ ᠮᠥᠴᠢᠷ ᠤᠨ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ᠂ ᠨᠢᠭᠡᠴᠡ ᠶᠢᠨ ᠭᠤᠤᠯ | ᠴᠣᠭᠴᠠ ᠶᠢᠨ ᠬᠠᠷᠢᠭᠤᠴᠠᠯᠭ᠎ᠠ᠂ ᠬᠡᠷ ᠪᠦᠯᠢ ᠪᠠ ᠬᠤᠪᠢ ᠬᠥᠮᠦᠨ ᠤ ᠥᠪᠡᠷ ᠢ ᠪᠠᠨ ᠬᠠᠮᠠᠭᠠᠯᠠᠬᠤ | ᠬᠠᠷᠢᠭᠤᠴᠠᠯᠭ᠎ᠠ ᠶᠢ ᠵᠢᠭᠠᠵᠤ ᠪᠠᠶᠢᠨ᠎ᠠ᠃ | ᠶᠢᠰᠦᠨ ᠥᠨᠳᠦᠰᠦᠨ ᠴᠢᠳᠠᠪᠤᠷᠢ᠄ ᠪᠥᠬᠦ ᠠᠵᠢᠯᠲᠠᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ᠂ ᠮᠡᠳᠡᠭᠡ | ᠵᠠᠩᠭᠢᠵᠢᠯᠲᠠ ᠶᠢᠨ ᠲᠣᠮᠣ ᠳ᠋ᠠᠶᠢᠲ᠋ᠠ ᠶᠢ ᠵᠢᠭᠰᠠᠭᠠᠨ ᠪᠠᠶᠢᠴᠠᠭᠠᠬᠤ᠂ ᠡᠬᠢ ᠢᠷᠡᠯᠲᠡ ᠶᠢ ᠪᠠᠶᠢᠴᠠᠭᠠᠬᠤ᠂ ᠲᠤᠰᠠᠭᠠᠷᠯᠠᠨ | ᠰᠢᠯᠵᠢᠭᠦᠯᠦᠨ ᠲᠡᠭᠡᠭᠡᠪᠦᠷᠢᠯᠡᠬᠦ᠂ ᠨᠡᠶᠢᠭᠡᠮ ᠢ ᠬᠠᠮᠢᠶᠠᠷᠤᠨ ᠡᠵᠡᠮᠳᠡᠬᠦ᠂ ᠡᠮᠴᠢᠯᠡᠭᠡᠨ ᠤ ᠠᠪᠤᠷᠠᠨ ᠵᠠᠰᠠᠬᠤ᠂ | ᠤᠬᠠᠭᠤᠯᠵᠤ ᠬᠥᠲᠥᠯᠥᠨ ᠵᠢᠯᠣᠭᠤᠳᠬᠤ᠂ ᠵᠢᠯᠣᠭᠤᠳᠤᠨ ᠲᠣᠬᠢᠷᠠᠭᠤᠯᠬᠤ᠂ ᠠᠷᠤ ᠲᠠᠯ᠎ᠠ ᠶᠢᠨ ᠪᠠᠲᠤᠯᠠᠭ᠎ᠠ ᠵᠡᠷᠭᠡ | ᠶᠢᠰᠦᠨ ᠴᠢᠳᠠᠪᠦᠷᠢ ᠶᠢ ᠵᠢᠭᠠᠵᠤ ᠪᠠᠶᠢᠨ᠎ᠠ᠃ |