ᠮᠠᠨ ᠤ ᠬᠤᠰᠢᠭᠤ ᠴᠠᠭ ᠠᠭᠤᠷ ᠤᠨ ᠬᠤᠪᠢᠷᠠᠯᠲᠠ ᠶᠢᠨ ᠪᠤᠳᠠᠳᠤ ᠪᠠᠶᠢᠳᠠᠯ ᠢ ᠦᠨᠳᠦᠰᠦᠯᠡᠨ᠂ 10 ᠳ᠋ᠤᠭᠠᠷ | ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ ᠶᠢᠨ 8 ᠴᠠᠭ 30 ᠮᠢᠨᠦ᠋ᠲ ᠠᠴᠠ ᠡᠬᠢᠯᠡᠨ ᠳᠤᠯᠠᠭᠠᠯᠠᠭ᠎ᠠ ᠶᠢᠨ | ᠵᠤᠤᠬ᠎ᠠ ᠪᠠᠨ ᠨᠤᠴᠤᠭᠠᠵᠤ᠂ ᠡᠪᠤᠯ ᠤᠨ ᠤᠯᠠᠷᠢᠯ ᠤᠨ ᠲᠥᠪᠯᠡᠷᠡᠭᠦᠯᠦᠨ ᠢᠯᠴᠢ ᠬᠠᠩᠭᠠᠬᠤ ᠠᠵᠢᠯ ᠢᠶᠠᠨ ᠵᠢᠩᠬᠢᠨᠢ ᠪᠠᠷ | ᠡᠬᠢᠯᠡᠬᠦᠯᠦᠨ᠂ ᠦᠷᠭᠡᠨ ᠤᠯᠠᠨ ᠰᠠᠭᠤᠭᠠᠯᠢ ᠠᠷᠠᠳ ᠤᠨ ᠰᠡᠳᠭᠢᠯ ᠢ ᠳᠤᠯᠠᠭᠠᠴᠠᠭᠤᠯᠤᠨ᠎ᠠ᠃ | ᠬᠤᠰᠢᠭᠤᠨ ᠤ ᠳᠡᠳ᠋ ᠳᠠᠷᠤᠭ᠎ᠠ ᠵᠠᠩ ᠬᠠᠢ ᠮᠢᠩ ᠭᠠᠯ ᠨᠤᠴᠤᠭᠠᠬᠤ ᠶᠤᠰᠤᠯᠠᠯ ᠳᠤ ᠤᠷᠤᠯᠴᠠᠬᠤ ᠶᠢᠨ ᠬᠠᠮᠲᠤ | ᠢᠯᠴᠢ ᠬᠠᠩᠭᠠᠬᠤ ᠵᠤᠤᠬᠠᠨ ᠳᠤ ᠭᠠᠯ ᠠᠰᠠᠭᠠᠪᠠ᠃ ᠡᠪᠤᠯ ᠤᠨ ᠤᠯᠠᠷᠢᠯ ᠤᠨ ᠲᠤᠯᠠᠭᠠᠯᠠᠭ᠎ᠠ ᠶᠢᠨ ᠠᠵᠢᠯ ᠨᠢ ᠠᠷᠠᠳ | ᠢᠷᠭᠡᠳ ᠤᠨ ᠠᠮᠢᠳᠤᠷᠠᠯ ᠲᠠᠢ ᠨᠢᠭᠲᠠ ᠬᠤᠯᠪᠤᠭᠳᠠᠵᠤ ᠪᠠᠶᠢᠳᠠᠭ ᠠᠴᠠ ᠬᠤᠰᠢᠭᠤᠨ ᠤ ᠨᠠᠮ ᠤᠨ ᠬᠤᠷᠢᠶ᠎ᠠ | ᠵᠠᠰᠠᠭ ᠤᠨ ᠤᠷᠳᠤᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠨᠡ ᠡᠪᠤᠯ ᠪᠠ ᠢᠷᠡᠬᠦ ᠬᠠᠪᠤᠷ ᠤᠨ | ᠲᠤᠯᠠᠭᠠᠯᠠᠭ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠰᠠᠶᠢᠲᠦᠷ | ᠠᠳᠬᠤᠵᠤ᠂ ᠲᠤᠯᠠᠭᠠᠯᠠᠭ᠎ᠠ ᠶᠢᠨ ᠰᠢᠰᠲ᠋ᠧᠮ ᠤᠨ ᠲᠤᠭᠲᠠᠭᠤᠨ ᠢᠶᠠᠷ ᠠᠵᠢᠯᠯᠬᠠᠤ ᠶᠢ ᠪᠠᠲᠤᠯᠠᠨ᠂ ᠰᠠᠭᠤᠭᠠᠯᠢ | ᠠᠷᠠᠳ ᠤᠨ ᠡᠪᠤᠯ ᠤᠨ ᠤᠯᠠᠷᠢᠯ ᠢ ᠳᠤᠯᠠᠭᠠᠬᠠᠨ ᠦᠩᠭᠡᠷᠡᠬᠦᠯᠬᠦ ᠶᠢ ᠪᠠᠲᠤᠯᠠᠨ᠎ᠠ᠃ | ᠬᠤᠰᠢᠭᠤᠨ ᠤ ᠳᠤᠯᠠᠭᠠᠨ ᠲᠤᠯᠠᠭᠠᠯᠠᠭ᠎ᠠ ᠶᠢᠨ ᠬᠢᠵᠭᠠᠷᠲᠦ ᠬᠠᠷᠢᠭᠤᠴᠠᠯᠭᠠᠲᠤ ᠺᠤᠮᠫᠠᠨᠢ ᠶᠢᠨ ᠲᠦᠪᠯᠡᠷᠡᠭᠦᠯᠦᠨ | ᠢᠯᠴᠢ ᠬᠠᠩᠭᠠᠬᠤ ᠶᠢ ᠲᠤᠬᠢᠷᠠᠭᠤᠯᠬᠤ ᠲᠦᠪ ᠲᠤ ᠠᠵᠢᠯᠲᠠᠨ ᠠᠴᠠ ᠡᠯ᠎ᠡ ᠵᠦᠢᠯ ᠤᠨ ᠲᠤᠭ᠎ᠠ ᠪᠠᠷᠢᠮᠳᠠ ᠶᠢᠨ | ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠵᠦ ᠪᠠᠶᠢᠯ᠎ᠠ᠃ | ᠳᠤᠯᠠᠭᠠᠨ ᠲᠤᠯᠠᠭᠠᠯᠠᠭ᠎ᠠ ᠶᠢᠨ ᠬᠢᠵᠭᠠᠷᠲᠦ ᠬᠠᠷᠢᠭᠤᠴᠠᠯᠭᠠᠲᠤ ᠺᠤᠮᠫᠠᠨᠢ ᠶᠢᠨ ᠠᠵᠢᠯᠲᠠᠨ ᠠᠴᠠ | ᠤᠶᠢᠯᠠᠭᠠᠭᠰᠠᠨ ᠢᠶᠠᠷ᠂ ᠳᠤᠯᠠᠭᠠᠯᠠᠭ᠎ᠠ ᠶᠢᠨ ᠡᠬᠢᠨ ᠤ ᠬᠤᠭᠤᠴᠠᠭᠠᠨ ᠳᠤ᠂ ᠳᠤᠯᠠᠭᠠᠯᠠᠯᠭ᠎ᠠ ᠶᠢᠨ ᠡᠷᠦᠭᠡ ᠳᠤ ᠤᠷᠤᠬᠤ | ᠴᠠᠭ ᠪᠠ ᠳᠤᠯᠠᠭᠠᠴᠠ ᠶᠢᠨ ᠬᠤᠪᠢᠷᠠᠯᠲᠠ ᠭᠠᠷᠬᠤ ᠨᠢ ᠪᠠᠭ᠎ᠠ ᠵᠦᠷᠢᠶ᠎ᠠ ᠲᠠᠢ ᠪᠠᠶᠢᠳᠠᠭ᠂ ᠲᠤᠯᠠᠭᠠᠯᠠᠭ᠎ᠠ ᠬᠠᠩᠭᠠᠭᠰᠠᠨ | ᠡᠮᠦᠨ᠎ᠡ ᠬᠤᠭᠤᠴᠠᠭᠠᠨ ᠳᠤ ᠲᠤᠯᠠᠭᠠᠨ ᠤ ᠲᠡᠭᠡᠭᠰᠢᠯᠡᠯᠳᠡ ᠨᠢ ᠨᠡᠯᠢᠶᠡᠳ ᠤᠳᠠᠭᠠᠨ ᠪᠠᠶᠢᠵᠤ᠂ ᠠᠯᠭᠤᠷ ᠠᠯᠭᠤᠷ | ᠲᠠᠭᠠᠨ ᠢᠯᠴᠢ ᠬᠠᠩᠭᠠᠭᠰᠠᠨ ᠳᠤᠯᠠᠭᠠᠨ ᠤ ᠬᠡᠮᠵᠢᠶ᠎ᠡ ᠳᠡᠭᠡᠨ ᠬᠦᠷᠳᠡᠭ ᠪᠠᠶᠢᠨ᠎ᠠ᠃ | ᠬᠤᠰᠢᠭᠤᠨ ᠤ ᠳᠤᠯᠠᠭᠠᠨ ᠲᠤᠯᠠᠭᠠᠯᠠᠭ᠎ᠠ ᠶᠢᠨ ᠬᠢᠵᠭᠠᠷᠲᠦ ᠬᠠᠷᠢᠭᠤᠴᠠᠯᠭᠠᠲᠤ ᠺᠤᠮᠫᠠᠨᠢ ᠶᠢᠨ ᠶᠡᠷᠦᠩᠬᠡᠢ | ᠳᠠᠭᠠᠭᠠᠮᠠᠯ ᠯᠢ ᠭᠧ᠄ ︽ᠰᠠᠶ᠋ᠢᠬᠠᠨ ᠲᠤᠯᠠᠭᠠᠯᠠᠭ᠎ᠠ ᠬᠠᠩᠭᠠᠵᠤ ᠡᠬᠢᠯᠡᠭᠰᠡᠨ ᠤᠴᠢᠷ ᠠᠴᠠ ᠨᠢᠭᠡ ᠬᠡᠰᠡᠭ ᠡᠷᠬᠢᠯᠲᠡ ᠶᠢᠨ | ᠶᠠᠪᠤᠴᠠ ᠪᠠᠶᠢᠳᠠᠭ᠂ ᠦᠷᠭᠡᠨ ᠤᠯᠠᠨ ᠰᠠᠭᠤᠭᠠᠯᠢ ᠠᠷᠠᠳ ᠮᠠᠨᠢ ᠰᠠᠨᠠᠭ᠎ᠠ ᠠᠮᠦᠷ ᠪᠠᠶᠢᠭᠠᠭᠠᠷᠠᠢ᠂ ᠮᠠᠨ ᠤ ᠺᠤᠮᠫᠠᠨᠢ ᠶᠢᠨ | ᠪᠦᠬᠦ ᠠᠵᠢᠯᠲᠠᠳ ᠠᠵᠢᠯ ᠤᠨ ᠪᠠᠶᠢᠷᠢᠨ ᠳᠠᠭᠠᠨ ᠡᠷᠴᠢᠮᠲᠠᠢ ᠠᠵᠢᠯᠯᠠᠨ᠂ ᠪᠦᠬᠦ ᠬᠦᠴᠦ ᠪᠠᠷ ᠲᠤᠯᠠᠭᠠᠯᠠᠭ᠎ᠠ ᠬᠠᠩᠭᠠᠬᠤ | ᠡᠯ᠎ᠡ ᠲᠦᠷᠦᠯ ᠤᠨ ᠠᠵᠢᠯ ᠢ ᠰᠠᠶᠢᠲᠦᠷ ᠬᠢᠬᠦ ᠪᠤᠯᠤᠨ᠎ᠠ︾ ᠭᠡᠵᠦ ᠪᠠᠶᠢᠯ᠎ᠠ᠃ | ᠤᠶᠢᠯᠠᠭᠠᠭᠰᠠᠨ ᠢᠶᠠᠷ᠂ ᠳᠤᠯᠠᠭᠠᠨ ᠲᠤᠯᠠᠭᠠᠯᠠᠭ᠎ᠠ ᠶᠢᠨ ᠬᠢᠵᠭᠠᠷᠲᠦ ᠬᠠᠷᠢᠭᠤᠴᠠᠯᠭᠠᠲᠤ ᠺᠤᠮᠫᠠᠨᠢ ᠨᠢ | ᠳᠠᠯᠠᠶᠢᠬᠦ᠋ᠪ ᠪᠠᠯᠭᠠᠰᠤ ᠶᠢᠨ ᠲᠤᠭᠤᠷᠢᠭ ᠤᠨ 182 ᠲᠦᠮᠡᠨ ᠲᠡᠭᠰᠢ ᠳᠦᠷᠪᠡᠯᠵᠢᠨ ᠮᠧᠲᠷ ᠤᠨ 12400 | ᠡᠷᠦᠬᠡ ᠶᠢᠨ ᠡᠪᠤᠯ ᠤᠨ ᠳᠤᠯᠠᠭᠠᠯᠠᠯᠭ᠎ᠠ ᠶᠢᠨ ᠠᠵᠢᠯ ᠢ ᠪᠠᠲᠤᠯᠠᠵᠤ ᠪᠤᠢ᠃ ᠡᠮᠦᠨ᠎ᠡ ᠬᠤᠭᠤᠴᠠᠭᠠᠨ ᠤ ᠢᠯᠴᠢ | ᠬᠠᠩᠭᠠᠬᠤ ᠤᠯᠠᠷᠢᠯ ᠳᠠᠭᠤᠰᠤᠭᠰᠠᠨ ᠤ ᠰᠡᠭᠦᠯᠡᠷ ᠬᠤᠰᠢᠭᠤᠨ ᠤ ᠳᠤᠯᠠᠭᠠᠨ ᠳᠤᠯᠠᠭᠠᠯᠠᠭ᠎ᠠ ᠶᠢᠨ ᠬᠢᠵᠠᠭᠠᠷᠲᠦ | ᠬᠠᠷᠢᠭᠤᠴᠠᠯᠭᠠᠲᠦ ᠺᠤᠮᠫᠠᠨᠢ ᠨᠢ ᠬᠠᠷᠢᠶᠠᠳᠤ ᠤᠷᠤᠨ ᠤ ᠪᠠᠨ ᠲᠤᠯᠠᠭᠠᠯᠠᠭ᠎ᠠ ᠶᠢᠨ ᠦᠷᠲᠡᠭᠡᠨ ᠤ ᠲᠤᠨᠤᠭ | ᠲᠦᠬᠦᠭᠡᠷᠦᠮᠵᠢ ᠳᠤ ᠪᠦᠬᠦ ᠲᠠᠯ᠎ᠠ ᠶᠢᠨ ᠰᠡᠯᠪᠢᠨ ᠵᠠᠰᠠᠯᠲᠠ ᠪᠠ ᠬᠠᠮᠠᠭᠠᠯᠠᠯᠲᠠ ᠬᠢᠵᠦ᠂ ᠦᠩᠭᠡᠷᠡᠭᠰᠡᠨ ᠵᠢᠯ ᠤᠳ ᠤᠨ | ᠲᠤᠯᠠᠭᠠᠯᠠᠭ᠎ᠠ ᠶᠢᠨ ᠶᠠᠪᠤᠴᠠ ᠳᠤ ᠠᠰᠠᠭᠤᠳᠠᠯ ᠤᠷᠤᠰᠢᠵᠤ ᠪᠠᠶᠢᠭᠰᠠᠨ ᠲᠤᠤᠷᠵᠢᠯ ᠬᠤᠭᠤᠯᠠᠢ ᠳᠤ ᠵᠠᠰᠠᠯᠲᠠ ᠬᠢᠬᠦ ᠶᠢᠨ | ᠬᠠᠮᠲᠤ ᠳᠡᠰ ᠳᠡᠪᠰᠢᠭᠦᠯᠦᠨ᠂ ᠬᠡᠪ ᠤᠨ ᠪᠠᠶᠢᠳᠠᠯ ᠢᠶᠠᠷ ᠲᠤᠯᠠᠭᠠᠯᠠᠭ᠎ᠠ ᠬᠠᠩᠭᠠᠬᠤ ᠳᠤ ᠨᠢᠭᠡᠨ ᠰᠠᠶᠢᠨ ᠰᠠᠭᠤᠷᠢ ᠶᠢ | ᠲᠠᠯᠪᠢᠵᠡᠢ᠃ | ᠬᠤᠰᠢᠭᠤᠨ ᠤ ᠳᠤᠯᠠᠭᠠᠨ ᠲᠤᠯᠠᠭᠠᠯᠠᠭ᠎ᠠ ᠶᠢᠨ ᠬᠢᠵᠭᠠᠷᠲᠦ ᠬᠠᠷᠢᠭᠤᠴᠠᠯᠭᠠᠲᠤ ᠺᠤᠮᠫᠠᠨᠢ ᠶᠢᠨ ᠶᠡᠷᠦᠩᠬᠡᠢ | ᠳᠠᠭᠠᠭᠠᠮᠠᠯ ᠯᠢ ᠭᠧ᠄ ︽ᠲᠤᠯᠠᠭᠠᠯᠠᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠲᠠ᠂ | ᠮᠠᠨ ᠤ ᠺᠤᠮᠫᠠᠨᠢ ᠨᠢ ᠲᠤᠯᠠᠭᠠᠯᠠᠭ᠎ᠠ ᠶᠢᠨ ᠲᠦᠬᠦᠭᠡᠷᠦᠮᠵᠢ ᠶᠢ ᠪᠠᠶᠢᠴᠠᠭᠠᠨ ᠵᠠᠰᠠᠬᠤ ᠠᠵᠢᠯ ᠢᠶᠠᠨ ᠪᠦᠬᠦᠨ ᠢ | ᠲᠠᠭᠤᠰᠬᠠᠭᠰᠠᠨ ᠪᠠᠶᠢᠨ᠎ᠠ᠃ ᠤᠳᠤᠬᠠᠨ ᠳᠤ ᠢᠯᠴᠢ ᠡᠭᠦᠰᠭᠡᠭᠴᠢ᠂ ᠬᠤᠭᠤᠯᠠᠢ ᠶᠢᠨ ᠲᠤᠤᠷ᠂ ᠢᠯᠴᠢ ᠰᠤᠯᠢᠯᠴᠠᠬᠤ | ᠦᠷᠲᠡᠭᠡ ᠵᠡᠷᠭᠡ ᠲᠤᠯᠠᠭᠠᠯᠠᠭ᠎ᠠ ᠬᠠᠩᠭᠠᠬᠤ ᠦᠢᠯᠡᠳᠪᠦᠷᠢᠯᠡᠯ ᠤᠨ ᠲᠤᠨᠤᠭ ᠲᠦᠬᠦᠭᠡᠷᠦᠮᠵᠢ ᠶᠢ ᠬᠡᠪ ᠤᠨ | ᠪᠠᠶᠢᠳᠠᠯ ᠢᠶᠠᠷ ᠠᠵᠢᠯᠯᠠᠭᠤᠯᠵᠤ᠂ ᠨᠡᠭᠦᠷᠡᠰᠦᠨ ᠤ ᠨᠦᠭᠡᠴᠡ ᠶᠢ ᠭᠦᠢᠴᠡᠳ ᠪᠠᠶᠢᠯᠭᠠᠨ᠂ ᠲᠤᠯᠠᠭᠠᠯᠠᠭ᠎ᠠ ᠬᠠᠩᠭᠠᠬᠤ | ᠨᠦᠬᠦᠴᠡᠯ ᠳᠤ ᠬᠦᠷᠴᠦ ᠪᠤᠢ︾ ᠭᠡᠵᠦ ᠪᠠᠶᠢᠯ᠎ᠠ᠃ |