ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠷᠢᠶᠡᠯᠡᠨ ᠪᠢᠳᠡᠭᠦᠮᠵᠢᠯᠡᠬᠦ ᠢᠨᠵᠧᠨᠧᠷᠢᠩ ᠢ ᠠᠮᠵᠢᠯᠳᠠ ᠲᠠᠢ ᠲᠠᠭᠤᠰᠬᠠᠪᠠ
ᠨᠡᠶᠢᠲᠡᠯᠡᠭᠰᠡᠨ ᠴᠠᠭ᠄
2022/10/11
     ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ︽ᠭᠠᠳᠠᠨ᠎ᠠ ᠠᠴᠠ ᠬᠠᠯᠳᠠᠪᠤᠷᠢᠯᠠᠨ ᠤᠷᠤᠬᠤ ᠶᠢ ᠰᠡᠷᠭᠡᠶᠢᠯᠡᠵᠤ᠂ ᠲᠤᠳᠤᠭᠠᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ︾ ᠠᠷᠭ᠎ᠠ       ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠷᠭᠡᠨ ᠤᠯᠠᠨ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠳᠤᠯᠠᠬᠤ ᠶᠢᠨ ᠲᠤᠰᠠᠳᠠ᠂ 2022 ᠤᠨ ᠳᠤ ᠮᠠᠨ ᠤ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠷᠢᠶᠡᠯᠡᠨ ᠪᠢᠳᠡᠭᠦᠮᠵᠢᠯᠡᠬᠦ ᠢᠨᠵᠧᠨᠧᠷᠢᠩ ᠢ ᠬᠡᠷᠡᠭᠵᠢᠬᠦᠯᠵᠤ᠂ ᠤᠳᠤ ᠲᠤᠰ ᠢᠨᠵᠧᠨᠧᠷᠢᠩ ᠢ ᠨᠢᠭᠡᠨᠳᠡ ᠠᠮᠵᠢᠯᠳᠠ ᠲᠠᠢ ᠪᠠᠷ ᠲᠠᠭᠤᠰᠠᠬᠭᠰᠠᠨ ᠪᠠᠶᠢᠨ᠎ᠠ᠃      ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠷᠢᠶᠡᠯᠡᠨ ᠪᠢᠳᠡᠭᠦᠮᠵᠢᠯᠡᠬᠦ ᠢᠨᠵᠧᠨᠧᠷᠢᠩ ᠪᠤᠯ 2022 ᠤᠨ ᠤ ᠮᠠᠨ ᠤ ᠬᠤᠰᠢᠭᠤᠨ ᠤ ᠠᠷᠠᠳ ᠲᠤ ᠠᠰᠢᠭ ᠬᠦᠷᠳᠡᠭᠡᠭᠦ ᠪᠤᠳᠠᠳᠤ ᠶᠠᠪᠤᠳᠠᠯ ᠤᠨ ᠨᠢᠭᠡ ᠪᠤᠯᠤᠨ᠎ᠠ᠂ ᠲᠤᠰ ᠢᠨᠵᠧᠨᠧᠷᠢᠩ ᠨᠢ 6 ᠳ᠋ᠤᠭᠠᠷ ᠰᠠᠷ᠎ᠠ ᠶᠢᠨ 17᠎ ᠤ ᠡᠳᠤᠷ ᠵᠢᠩᠭᠢᠨᠢ ᠪᠠᠷ ᠪᠠᠷᠢᠯᠭ᠎ᠠ ᠡᠬᠢᠯᠡᠪᠡ᠃ ᠡᠨᠡᠬᠦ ᠲᠦᠷᠦᠯ ᠵᠦᠢᠯ ᠢ ᠪᠠᠶᠢᠭᠤᠯᠬᠤ ᠨᠢ ᠮᠠᠨ ᠤ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠰᠢᠭᠲᠠᠢ ᠪᠠᠶᠢᠵᠤ᠂ ᠬᠢᠵᠢᠭ ᠤᠨ ᠲᠠᠷᠬᠠᠯᠳᠠ ᠶᠢ ᠪᠦᠳᠦᠮᠵᠢᠲᠠᠢ ᠰᠡᠷᠭᠡᠶᠢᠯᠡᠬᠦ ᠶᠢᠨ ᠬᠠᠮᠳᠤ ᠮᠦᠨᠴᠤ ᠦᠷᠭᠡᠨ ᠤᠯᠠᠨ ᠰᠠᠭᠤᠭᠠᠯᠢ ᠠᠷᠠᠳ ᠲᠤ ᠨᠢᠭᠡᠨ ᠠᠮᠤᠷ ᠲᠦᠪᠰᠢᠨ᠂ ᠲᠠᠭᠠᠯᠠᠮᠵᠢᠲᠠᠢ ᠤᠷᠤᠰᠢᠨ ᠰᠠᠭᠤᠬᠤ ᠤᠷᠴᠢᠨ ᠨᠦᠭᠦᠴᠡᠯ ᠢ ᠪᠤᠢ ᠪᠤᠯᠭᠠᠬᠤ ᠪᠤᠯᠤᠨ᠎ᠠ᠃      ᠰᠠᠭᠤᠭᠠᠯᠢ ᠠᠷᠠᠳ ᠢ ᠷᠦᠢ ᠠᠴᠠ᠂ ᠡᠨᠡᠬᠦ ᠬᠦᠷᠢᠶᠡᠯᠡᠨ ᠪᠢᠳᠡᠭᠦᠮᠵᠢᠯᠡᠬᠦ ᠬᠡᠷᠡᠮ ᠢ ᠪᠠᠷᠢᠭᠰᠠᠨ ᠠᠴᠠ ᠮᠠᠨ ᠤ ᠰᠠᠭᠤᠭᠠᠯᠢ ᠠᠷᠠᠳ ᠤᠨ ᠲᠤᠭᠤᠷᠢᠭ ᠢ ᠨᠡᠩ ᠠᠮᠤᠷ ᠲᠦᠪᠰᠢᠨ ᠪᠤᠯᠭᠠᠭᠰᠠᠨ ᠢᠶᠠᠷ ᠪᠠᠷᠠᠬᠤ ᠦᠭᠡᠢ ᠮᠦᠨᠴᠤ       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠮᠠᠰᠢ ᠲᠦᠭᠦᠮ ᠢ ᠦᠵᠡᠬᠦᠯᠦᠭᠰᠡᠨ ᠪᠠᠶᠢᠨ᠎ᠠ ᠭᠡᠵᠦ ᠪᠠᠶᠢᠯ᠎ᠠ᠃      ᠤᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠷᠢᠶᠡᠯᠡᠨ ᠪᠢᠳᠡᠭᠦᠮᠵᠢᠯᠡᠬᠦ ᠢᠨᠵᠧᠨᠧᠷᠢᠩ ᠳᠤ 619.32 ᠲᠦᠮᠡᠨ ᠲᠦᠭᠦᠷᠢᠭ ᠤᠨ ᠪᠡᠯᠡ  ᠤᠷᠤᠭᠤᠯᠬᠤ ᠪᠠᠷ ᠲᠦᠯᠦᠪᠯᠡᠵᠤ᠂ ᠪᠥᠳᠥᠭᠡᠨ ᠪᠠᠶᠢᠭᠤᠯᠤᠯᠲᠠ ᠨᠢ ᠭᠤᠤᠯᠳᠠᠭᠤ ᠺᠠᠩ ᠰᠢᠩ᠂ ᠶᠠᠩ ᠭᠤᠸᠠᠩ ᠵᠡᠷᠭᠡ ᠰᠠᠭᠤᠭᠠᠯᠢ ᠠᠷᠠᠳ ᠤᠨ ᠲᠤᠭᠤᠷᠢᠭ ᠤᠨ ᠬᠦᠷᠢᠶ᠎ᠡ ᠬᠡᠷᠡᠮ ᠪᠤᠯᠤᠨ ᠶᠡᠭᠡ ᠡᠭᠦᠳᠡ ᠶᠢᠨ  ᠪᠠᠶᠢᠭᠤᠯᠤᠯᠳᠠ᠂  ᠺᠠᠩ ᠰᠢᠩ ᠬᠤᠸᠠ ᠶᠤᠸᠠᠨ ᠰᠠᠭᠤᠭᠠᠯᠢ       ᠠᠷᠠᠳ ᠤᠨ ᠲᠤᠭᠤᠷᠢᠭ ᠤᠨ ᠠᠳᠠᠯ ᠠᠬᠤᠢ ᠳᠤ ᠬᠡᠷᠡᠭᠯᠡᠬᠦ ᠭᠡᠷ ᠪᠠᠶᠢᠰᠢᠩ ᠵᠢᠴᠢ ᠬᠢᠨᠠᠨ ᠡᠵᠡᠮᠳᠡᠬᠦᠷ ᠢ ᠤᠭᠰᠠᠷᠠᠬᠤ ᠵᠡᠷᠭᠡ ᠪᠤᠢ᠃ ᠤᠳᠤᠬᠠᠨ ᠳᠤ᠂ ᠪᠠᠷᠢᠯᠭ᠎ᠠ ᠶᠢᠨ ᠠᠵᠢᠯ ᠨᠢᠭᠡᠨᠳᠡ ᠲᠠᠭᠤᠰᠤᠭᠰᠠᠨ ᠪᠠᠶᠢᠨ᠎ᠠ᠃      ᠬᠤᠰᠢᠭᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ       ᠲᠤᠪᠴᠢᠶᠠᠨ ᠤ ᠲᠡᠳ᠋ ᠲᠠᠷᠤᠭ᠎ᠠ ᠸᠠᠩ ᠰᠢᠶᠦ᠋ᠩ ᠲᠣᠣ᠄ ︽ᠲᠤᠰ ᠲᠦᠷᠦᠯ ᠵᠦᠢᠯ ᠢ ᠪᠠᠶᠢᠭᠤᠯᠤᠭᠰᠠᠨ ᠨᠢ᠂ ᠰᠠᠭᠤᠭᠠᠯᠢ ᠠᠷᠠᠳ ᠤᠨ ᠠᠮᠢᠳᠤᠷᠠᠯ ᠤᠨ ᠨᠦᠭᠦᠴᠡᠯ ᠢ ᠪᠦᠳᠦᠮᠵᠢᠲᠠᠢ ᠰᠠᠶᠢᠵᠢᠷᠠᠭᠤᠯᠬᠤ ᠶᠢᠨ ᠬᠠᠮᠳᠤ ᠤᠯᠠᠨ       ᠨᠡᠶᠢᠳᠡ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ᠂ ᠨᠡᠶᠢᠬᠡᠮ ᠤᠨ ᠲᠤᠤᠷᠵᠢᠯ ᠬᠠᠮᠢᠶᠠᠷᠤᠯᠳᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠳᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠂ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠤᠪᠴᠢᠶ᠎ᠠ ᠨᠢ ᠠᠷᠠᠳ ᠲᠤ ᠠᠰᠢᠭ ᠬᠦᠷᠳᠡᠭᠡᠭᠦ ᠪᠤᠳᠠᠳᠤ ᠶᠠᠪᠤᠳᠠᠯ ᠢ ᠦᠷᠬᠦᠯᠵᠢᠯᠡᠨ ᠰᠠᠶᠢᠳᠤᠷ ᠬᠢᠨ᠎ᠡ︾ ᠭᠡᠵᠦ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号