ᠡᠵᠡᠨ᠎ᠡ ᠬᠤᠰᠢᠭᠤ ᠲᠣᠣᠷᠠᠢ ᠶᠢᠨ ᠤᠢ ᠶᠢᠨ ᠠᠮᠤᠷ ᠳᠥᠪᠰᠢᠨ ᠤ ᠬᠠᠯᠠᠬᠠᠪᠴᠢ ᠶᠢ ᠪᠦᠬᠦ ᠬᠦᠴᠦᠨ ᠢᠶᠠᠷ ᠪᠠᠶᠢᠭᠤᠯᠣᠨ᠎ᠠ
ᠨᠡᠶᠢᠲᠡᠯᠡᠭᠰᠡᠨ ᠴᠠᠭ᠄
2022/10/11
     ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠬᠦ ᠶᠢᠨ ᠳᠤᠰᠠᠳᠠ᠂ ᠡᠵᠡᠨ᠎ᠡ ᠬᠤᠰᠢᠭᠤᠨ ᠤ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠶᠢᠨ ᠬᠢᠨ ᠲᠣᠣᠷᠠᠢ ᠶᠢᠨ ᠤᠢ ᠳᠤ ᠭᠦᠨᠵᠡᠭᠡᠶᠢᠷᠡᠨ᠂ ᠣᠶ ᠰᠢᠭᠤᠢ ᠶᠢᠨ ᠭᠠᠯ ᠰᠡᠷᠭᠡᠶᠢᠯᠡᠬᠦ ᠲᠤᠰᠬᠠᠢ ᠠᠵᠢᠯᠯᠠᠭ᠎ᠠ ᠥᠷᠨᠢᠭᠦᠯᠵᠦ᠂ ᠲᠣᠣᠷᠠᠢ ᠶᠢᠨ       ᠤᠢ ᠶᠢᠨ ᠠᠮᠤᠷ ᠳᠥᠪᠰᠢᠨ ᠤ ᠬᠠᠯᠠᠬᠠᠪᠴᠢ ᠶᠢ ᠪᠦᠬᠦ  ᠬᠦᠴᠦᠨ ᠢᠶᠠᠷ ᠪᠠᠶᠢᠭᠤᠯᠣᠨ᠎ᠠ᠃      ᠲᠣᠣᠷᠠᠢ ᠶᠢᠨ ᠤᠢ ᠶᠢᠨ ᠦᠵᠡᠮᠵᠢ ᠶᠢᠨ ᠣᠷᠣᠨ ᠳᠤ᠂ ᠡᠵᠡᠨ᠎ᠡ ᠬᠤᠰᠢᠭᠤᠨ ᠤ ᠤᠢ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠶᠢᠨ ᠠᠵᠢᠯᠲᠠᠳ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠵᠤ᠂ ᠢᠳᠡᠪᠬᠢᠲᠡᠢ ᠤᠰᠠᠳᠬᠠᠨ᠂ ᠠᠮᠢ ᠨᠠᠰᠤ ᠶᠢ ᠲᠡᠭᠡᠳᠦᠯᠡᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠪᠠᠷᠢᠮᠲᠠᠯᠠᠵᠤ᠂ ᠦᠵᠡᠮᠵᠢ ᠶᠢᠨ ᠣᠷᠣᠨ ᠢ ᠲᠣᠭᠤᠷᠢᠨ ᠴᠠᠭᠳᠠᠵᠤ᠂ ᠭᠠᠯ ᠤᠨ ᠠᠶᠤᠯ ᠤᠨ ᠲᠠᠯᠳᠠ ᠭᠡᠮ ᠢ ᠨᠠᠷᠢᠨ ᠬᠢᠨᠠᠮᠠᠭᠠᠢ ᠪᠠᠶᠢᠴᠠᠭᠠᠪᠠ᠃ ᠤᠶᠢᠯᠠᠭᠠᠭᠰᠠᠨ ᠢᠶᠠᠷ᠂ ᠡᠵᠡᠨ᠎ᠡ ᠬᠤᠰᠢᠭᠤᠨ ᠤ ᠤᠢ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠶᠢᠨ ᠬᠢᠨ ᠤᠯᠤᠰ ᠤᠨ ᠪᠠᠶᠠᠷ ᠤᠨ ᠠᠮᠠᠷᠠᠯᠲᠠ ᠠᠴᠠ ᠨᠠᠰᠢ᠂ ᠡᠳᠦᠷ ᠪᠦᠷᠢ ᠲᠣᠭᠤᠷᠢᠨ  ᠪᠠᠶᠢᠴᠠᠭᠠᠵᠤ᠂ 24 ᠴᠠᠭ ᠢᠶᠠᠷ ᠵᠠᠷᠯᠢᠭ ᠬᠦᠯᠢᠶᠡᠨ᠂ ᠪᠦᠭᠦ ᠬᠤᠰᠢᠭᠤᠨ ᠤ ᠤᠢ ᠰᠢᠭᠤᠢ ᠢ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠳᠤᠯᠠᠪᠠ᠃      ᠡᠵᠡᠨ᠎ᠡ ᠬᠤᠰᠢᠭᠤᠨ ᠤ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠶᠢᠨ ᠳᠠᠷᠤᠭ᠎ᠠ ᠫᠠᠨ ᠼᠦᠩ ᠲᠤᠸ᠄ ︽ᠮᠠᠨ ᠤ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ ᠨᠢ ᠡᠳᠦᠷ ᠪᠦᠷᠢ 25 ᠵᠢᠯᠣᠭᠤᠳᠤᠭᠴᠢ ᠪᠠᠶᠢᠯᠳᠤᠭᠴᠢ ᠶᠢ ᠲᠤᠬᠢᠷᠠᠭᠤᠯᠤᠨ ᠳᠤᠤᠷᠡᠢ ᠶᠢᠨ ᠤᠢ ᠶᠢᠨ ᠭᠤᠤᠯ ᠤᠷᠤᠨ ᠪᠦᠰᠡ ᠪᠠᠷ ᠭᠠᠯ ᠰᠡᠷᠭᠡᠶᠢᠯᠡᠬᠦ ᠲᠤᠰᠬᠠᠢ ᠠᠵᠢᠯᠯᠠᠭ᠎ᠠ ᠥᠷᠨᠢᠭᠦᠯᠵᠦ᠂ ᠪᠠᠶᠢᠳᠠᠯ ᠲᠣᠬᠢᠶᠠᠯᠳᠤᠪᠠᠯ ᠲᠦᠷᠭᠡᠨ ᠬᠥᠳᠡᠯᠬᠦ ᠶᠢ ᠦᠨᠡᠨᠬᠦ ᠪᠠᠲᠤᠯᠠᠨ᠎ᠠ᠃ ᠪᠢᠳᠡ ᠭᠤᠣᠯᠳᠠᠭᠤ ᠲᠡᠷᠭᠡ ᠪᠠᠷ ᠲᠣᠭᠤᠷᠢᠨ ᠪᠠᠶᠢᠴᠭᠠᠠᠬᠤ᠂ ᠶᠠᠪᠠᠭᠠᠨ ᠢᠶᠠᠷ ᠲᠣᠭᠤᠷᠢᠨ ᠪᠠᠶᠢᠴᠭᠠᠠᠬᠤ ᠵᠢᠴᠢ ᠵᠤᠭᠠᠴᠠᠭᠰᠠᠳ ᠲᠤ ᠭᠠᠯ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠬᠢᠬᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠭᠠᠷ ᠤᠨ ᠥᠰᠥᠭ ᠵᠢᠷᠤᠬᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠤᠷᠢᠶ᠎ᠠ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠪᠥᠬᠦ ᠠᠷᠠᠳ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠳᠠᠯᠳᠠ ᠬᠡᠮ ᠢ ᠠᠷᠢᠯᠭᠠᠪᠠ︾ ᠭᠡᠵᠦ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号