10 ᠳ᠋ᠤᠭᠠᠷ ᠰᠠᠷ᠎ᠠ ᠶᠢᠨ 8 ᠤ ᠡᠳᠦᠷ᠂ ᠬᠤᠰᠢᠭᠤᠨ ᠤ ᠬᠢᠵᠢᠭ ᠢ ᠰᠡᠷᠭᠡᠶᠢᠯᠡᠨ ᠬᠤᠷᠢᠭᠯᠠᠬᠤ ᠲᠦᠪ ᠤᠨ | ᠬᠤᠶᠠᠷ ᠠᠵᠢᠯᠲᠠᠨ ᠬᠦᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠰᠠᠯᠠᠬᠤ ᠪᠠᠷ | ᠮᠤᠷᠳᠠᠪᠠ᠃ ᠬᠤᠰᠢᠭᠤᠨ ᠤ ᠳᠡᠳ᠋ ᠳᠠᠷᠤᠭ᠎ᠠ ᠶᠧ ᠢᠦᠢ ᠰᠢᠶᠠ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠦᠪᠯᠡᠯ᠂ ᠬᠢᠵᠢᠭ ᠢ ᠰᠡᠷᠭᠡᠶᠢᠯᠡᠨ ᠬᠤᠷᠢᠭᠯᠠᠬᠤ ᠲᠦᠪ ᠤᠨ ᠬᠠᠷᠢᠭᠤᠴᠠᠯᠭᠠᠲᠠᠳ ᠶᠤᠰᠤᠯᠠᠯ ᠳᠤ ᠤᠷᠤᠯᠴᠠᠪᠠ᠃ | ᠤᠳᠤᠬᠠᠨ ᠳᠤ᠂ ᠬᠦᠬᠡᠬᠤᠳᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ | ᠦᠶ᠎ᠡ ᠳᠤ ᠤᠷᠤᠰᠢᠵᠤ᠂ ᠬᠢᠵᠢᠭ ᠲᠠᠢ ᠲᠡᠮᠡᠴᠡᠬᠦ ᠪᠠᠶᠢᠳᠠᠯ ᠮᠦᠨᠬᠦ ᠬᠦᠨᠳᠤ ᠨᠤᠴᠢᠲᠠᠢ ᠪᠠᠶᠢᠨ᠎ᠠ᠃ ᠬᠢᠵᠢᠭ ᠢ | ᠰᠡᠷᠭᠡᠶᠢᠯᠡᠨ ᠬᠤᠷᠢᠭᠯᠠᠬᠤ ᠲᠦᠪ ᠠᠴᠠ ᠬᠤᠶᠠᠷ ᠠᠵᠢᠯᠳᠠᠨ ᠳᠤ ᠮᠤᠷᠳᠠᠭᠤᠯᠬᠤ ᠶᠤᠰᠤᠯᠠᠯ ᠢ ᠶᠠᠪᠤᠭᠳᠠᠭᠤᠯᠵᠤ᠂ | ᠶᠤᠰᠤᠯᠠᠯ ᠳᠤ ᠶᠧ ᠢᠦᠢ ᠰᠢᠶᠠ ᠠᠴᠠ ᠲᠤᠰ ᠬᠤᠶᠠᠷ ᠠᠵᠢᠯᠳᠠᠨ ᠳᠤ ᠴᠡᠴᠡᠭ ᠬᠦᠷᠭᠡᠨ ᠬᠦᠨᠳᠦᠳᠭᠡᠯ ᠢᠶᠠᠨ | ᠳᠡᠪᠰᠢᠭᠦᠯᠬᠦ ᠶᠢᠨ ᠬᠠᠮᠲᠤ ᠢᠯᠡᠷᠭᠡᠶᠢᠯᠡᠬᠦ ᠳᠡᠭᠡᠨ᠂ ᠨᠢᠭᠡᠳᠦᠭᠡᠷ ᠹᠷᠤᠨᠲ ᠲᠤ ᠬᠦᠷᠴᠤ ᠬᠢᠵᠢᠭ ᠢ ᠡᠰᠡᠷᠭᠦᠴᠡᠬᠦ | ᠠᠵᠢᠯ ᠢ ᠲᠡᠮᠵᠢᠬᠦ ᠪᠤᠯ ᠨᠢᠭᠡᠨ ᠢᠷᠠᠭᠤ ᠠᠯᠳᠠᠷᠳᠠᠢ ᠪᠦᠭᠡᠳ ᠬᠠᠲᠠᠭᠤ ᠪᠡᠷᠭᠡ ᠡᠭᠦᠷᠭᠡ ᠪᠤᠯᠤᠨ᠎ᠠ᠂ ᠮᠦᠨᠴᠤ ᠪᠦᠬᠦ | ᠬᠤᠰᠢᠭᠤᠨ ᠤ ᠠᠷᠠᠳ ᠲᠦᠮᠡᠨ ᠤ ᠬᠦᠰᠡᠯ ᠮᠦᠷᠦᠭᠡᠳᠦᠯ ᠢ ᠡᠪᠤᠷᠯᠡᠵᠤ ᠪᠠᠶᠢᠭ᠎ᠠ ᠪᠣᠯᠬᠤᠷ ᠠᠯᠢᠪᠠ ᠠᠵᠢᠯᠯᠠᠭ᠎ᠠ | ᠳᠠᠭᠠᠨ ᠵᠢᠯᠤᠭᠤᠳᠤᠯᠭ᠎ᠠ ᠶᠢ ᠲᠠᠭᠠᠨ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠤᠰᠤᠭᠠᠷ᠂ ᠵᠦᠪ ᠤᠨᠤᠪᠴᠢᠲᠠᠢ᠂ | ᠨᠠᠷᠢᠨ ᠬᠢᠨᠠᠮᠠᠭᠠᠢ ᠪᠠᠷ ᠰᠢᠯᠵᠢᠭᠦᠯᠦᠨ ᠲᠤᠬᠢᠷᠠᠭᠤᠯᠬᠤ ᠠᠵᠢᠯ ᠢᠶᠠᠨ ᠰᠠᠶᠢᠲᠦᠷ ᠬᠢᠬᠦ ᠶᠢᠨ ᠵᠡᠷᠭᠡᠪᠡᠷ ᠬᠤᠪᠢ ᠪᠡᠶ᠎ᠡ ᠶᠢᠨ | ᠬᠠᠮᠠᠭᠠᠯᠠᠯᠲᠠ ᠢᠶᠠᠨ ᠰᠠᠶᠢᠲᠦᠷ ᠬᠢᠵᠦ᠂ ᠲᠤᠬᠠᠢ ᠶᠢᠨ ᠭᠠᠵᠠᠷ ᠤᠨ ᠬᠢᠵᠢᠭ ᠢ ᠡᠰᠡᠷᠭᠦᠴᠡᠬᠦ ᠠᠵᠢᠯᠲᠠᠨ ᠲᠠᠢ ᠨᠢᠭᠲᠠ | ᠬᠠᠮᠵᠢᠯᠴᠠᠨ᠂ ᠰᠡᠳᠬᠢᠯ ᠢᠶᠠᠨ ᠨᠢᠭᠡᠳᠬᠡᠨ ᠬᠢᠵᠢᠭ ᠢ ᠡᠰᠡᠷᠭᠦᠴᠡᠵᠤ᠂ ᠬᠦᠴᠢᠷ ᠪᠡᠷᠬᠡ ᠶᠢ ᠬᠠᠮᠲᠤ ᠪᠠᠷ ᠲᠤᠭᠤᠯᠤᠨ᠂ | ᠡᠷᠲᠡ ᠨᠢᠭᠡᠨ ᠡᠳᠦᠷ ᠢᠯᠠᠯᠳᠠ ᠲᠠᠢ ᠪᠠᠷ ᠬᠠᠷᠢᠵᠦ ᠢᠷᠡᠬᠦ ᠶᠢ ᠬᠦᠰᠡᠪᠡ᠃ | | |