ᠳ᠋ᠦᠩᠹᠧᠩ ᠪᠠᠯᠭᠠᠰᠤ ᠶᠢ ᠦᠨᠳᠤᠰᠤᠳᠡᠨ ᠤ ᠨᠢᠭᠲᠠᠷᠠᠯ ᠪᠦᠯᠬᠦᠮᠳᠡᠯ ᠤᠨ ᠤᠨᠴᠠᠯᠢᠭᠳᠤ ᠠᠵᠤ ᠦᠢᠯᠡᠰ ᠤᠨ ᠬᠥᠭᠵᠢᠯᠲᠡ ᠲᠠᠢ ᠰᠠᠨᠰᠠᠷ ᠤᠨ ᠵᠢᠵᠢᠭ ᠪᠠᠯᠭᠠᠰᠤ ᠪᠣᠯᠭᠠᠨ ᠡᠭᠦᠳᠤᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/10/13
     ᠳ᠋ᠦᠩᠹᠧᠩ ᠪᠠᠯᠭᠠᠰᠤ ᠨᠢ ᠡᠵᠡᠨ᠎ᠡ ᠬᠤᠰᠢᠭᠤᠨ ᠤ ᠬᠠᠮᠤᠭ ᠡᠮᠤᠨ᠎ᠡ ᠵᠠᠬ᠎ᠠ ᠳᠤ ᠪᠠᠶᠢᠷᠢᠯᠠᠵᠤ᠂ ᠳ᠋ᠦᠩᠹᠧᠩ ᠰᠠᠨᠰᠠᠷ ᠤᠨ ᠬᠤᠳᠠ ᠲᠠᠢ ᠬᠥᠷᠰᠢ ᠵᠡᠷᠭᠡᠯᠡᠳᠡᠭᠡ ᠪᠠᠶᠢᠳᠠᠭ᠃ ᠳ᠋ᠦᠩᠹᠧᠩ ᠪᠠᠯᠭᠠᠰᠤ ᠨᠢ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠯᠠᠬᠤ ᠪᠠᠷ ᠭᠤᠤᠯ ᠰᠢᠵᠢᠮ ᠢᠶᠠᠨ ᠪᠤᠯᠭᠠᠵᠤ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠯᠠᠪᠳᠠᠭᠤᠨ ᠪᠠᠳᠤᠳᠠᠢ ᠠᠬᠢᠭᠤᠯᠤᠨ᠂ ᠤᠯᠠᠨ ᠡᠰᠢᠵᠢᠭᠰᠡᠨ ᠤᠨᠴᠠᠯᠢᠭᠳᠤ ᠠᠵᠤ ᠦᠢᠯᠡᠰ ᠢ ᠪᠠᠶᠢᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ       ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠮᠵᠢ ᠢ ᠪᠠᠬᠢᠵᠢᠬᠦᠯᠦᠨ ᠦᠷᠭᠡᠳᠬᠡᠬᠦ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠢ ᠪᠦᠳᠦᠮᠵᠢᠲᠠᠢ ᠵᠤᠯᠭᠠᠭᠤᠯᠬᠤ ᠶᠢ ᠪᠡᠶᠡᠯᠡᠬᠦᠯᠦᠭᠰᠡᠨ ᠪᠠᠶᠢᠨ᠎ᠠ᠃      ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤ ᠶᠢᠨ ᠬᠠᠷᠢᠶᠠᠳᠤ ᠤᠷᠤᠨ ᠳᠤ 554 ᠡᠷᠤᠬᠡ ᠶᠢᠨ 1348 ᠬᠦᠮᠦᠨ ᠠᠮᠠ ᠲᠠᠢ ᠪᠠᠶᠢᠵᠤ᠂ ᠮᠤᠩᠭᠤᠯ᠂ ᠬᠢᠳᠠᠳ᠂ ᠬᠤᠳᠤᠩ᠂ ᠲᠦᠪᠡᠳ ᠵᠡᠷᠭᠡ 4 ᠦᠨᠳᠤᠰᠤᠳᠡᠨ ᠲᠠᠢ᠃1958 ᠤᠨ ᠳᠤ᠂ ᠡᠵᠡᠨ᠎ᠡ ᠬᠤᠰᠢᠭᠤᠨ ᠤ ᠠᠷᠠᠳ ᠲᠦᠮᠡᠨ ᠤᠯᠤᠰ ᠤᠨ ᠪᠠᠳᠤᠯᠠᠨ ᠬᠠᠮᠠᠭᠠᠯᠠᠯᠲᠠ ᠶᠢᠨ ᠥᠢᠯᠡᠰ ᠤᠨ ᠪᠥᠳᠥᠭᠡᠨ ᠪᠠᠶᠢᠭᠤᠯᠤᠯᠲᠠ ᠶᠢᠨ ᠲᠥᠯᠥᠭᠡ ᠦᠶ᠎ᠡ ᠤᠯᠠᠷᠢᠨ ᠠᠮᠢᠳᠤᠷᠠᠨ ᠰᠠᠭᠤᠷᠢᠰᠢᠵᠤ ᠪᠠᠶᠢᠭᠰᠠᠨ ᠥᠩ ᠰᠢᠮᠢᠯᠢᠭ ᠨᠤᠲᠤᠭ ᠪᠡᠯᠴᠢᠭᠡᠷ ᠢᠶᠠᠨ ᠰᠤᠯᠠᠯᠠᠨ ᠦᠭᠴᠤ᠂ ︽ᠬᠤᠰᠢᠭᠤᠨ ᠲᠦᠪ ᠢᠶᠠᠨ ᠭᠤᠷᠪᠠᠨᠳᠠ ᠨᠡᠭᠦᠯᠭᠡᠭᠰᠡᠨ︾ ᠢᠷᠠᠭᠤ ᠠᠯᠲᠠᠷᠲᠤ ᠲᠡᠤᠬᠡᠨ ᠬᠠᠭᠤᠳᠠᠰᠤ ᠶᠢ ᠪᠢᠴᠢᠭᠯᠡᠭᠰᠡᠨ ᠶᠤᠮ᠃ 2019 ᠤᠨ ᠳᠤ᠂ ᠳ᠋ᠦᠩᠹᠧᠩ ᠪᠠᠯᠭᠠᠰᠤ ᠨᠢ ︽ᠪᠦᠬᠦ ᠤᠯᠤᠰ ᠤᠨ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠳᠤ ᠨᠢᠭᠡᠴᠡ︾᠎ ᠶᠢᠨ ᠢᠷᠠᠭᠤ ᠠᠯᠳᠠᠷ ᠤᠨ ᠴᠤᠯᠠ ᠶᠢ ᠬᠦᠷᠳᠡᠵᠡᠢ᠃      ᠳ᠋ᠦᠩᠹᠧᠩ ᠪᠠᠯᠭᠠᠰᠤᠨ ᠤ ᠭᠤᠷᠤᠨᠠᠢ ᠭᠠᠴᠠᠭᠠᠨ ᠳᠤ᠂ ︽ᠲᠤᠮᠳᠠᠳᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠲᠡᠷᠢᠬᠦᠨ ᠤ ᠬᠤᠪᠢ ᠬᠦᠮᠦᠨ︾ ᠭᠡᠭᠦ ᠢᠷᠠᠭᠤ ᠠᠯᠳᠠᠷ ᠢ ᠬᠦᠷᠳᠡᠭᠰᠡᠨ ᠲᠦᠪᠪᠠᠳᠤ ᠨᠠᠰᠤᠳᠠᠨ ᠮᠠᠨᠢ  ︽ᠲᠡᠨᠡᠭ ᠡᠪᠤᠭᠡᠨ ᠠᠭᠤᠯᠠ ᠶᠢ ᠨᠡᠭᠦᠯᠭᠡᠬᠦ︾ ᠵᠤᠷᠢᠭ ᠰᠠᠨᠠᠭ᠎ᠠ ᠪᠠᠷ 20 ᠵᠢᠯ ᠡᠯᠡᠰᠤ ᠮᠠᠩᠬ᠎ᠠ ᠶᠢ ᠥᠭᠡᠷᠡᠴᠢᠯᠡᠨ ᠨᠤᠭᠤᠭᠠᠷᠠᠭᠤᠯᠤᠯᠳᠠ ᠬᠢᠵᠤ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ︽ᠬᠦᠬᠡ ᠠᠭᠤᠯᠠ ᠬᠦᠬᠡᠮᠳᠦᠭ ᠤᠰᠤ ᠪᠤᠯ ᠲᠡᠷᠦᠢ ᠠᠯᠳᠠ ᠮᠦᠩᠭᠦᠨ ᠬᠠᠶᠢᠷᠬᠠᠨ︾ ᠬᠡᠮᠡᠬᠦ ᠠᠮᠢ ᠠᠬᠤᠢ ᠶᠢᠨ ᠤᠶᠢᠯᠠᠭᠠᠭᠳᠠᠬᠤᠨ ᠢ ᠦᠢᠯᠡᠳᠦᠯᠭᠡᠵᠢᠬᠦᠯᠵᠤ ᠡᠨᠡᠬᠦ ᠡᠯᠡᠰᠤᠨ ᠴᠦᠯ ᠳᠤ ᠨᠤᠭᠤᠭᠠᠨ ᠬᠠᠯᠬᠠᠪᠴᠢ ᠶᠢ ᠪᠠᠶᠢᠭᠤᠯᠪᠠ᠃ ᠲᠦᠪᠪᠠᠳᠤ ᠶᠢᠨ ᠬᠢᠨ ᠰᠠᠨᠰᠠᠷ ᠤᠨ ᠬᠤᠳᠠ ᠠᠴᠠ 150 ᠺᠢᠯᠤᠮᠧᠲᠷ ᠯᠡ ᠵᠠᠶᠢᠳᠠᠢ ᠪᠠᠶᠢᠵᠤ᠂ ᠡᠨᠡᠬᠦ ᠨᠤᠭᠤᠭᠠᠨ ᠬᠠᠯᠬᠠᠪᠴᠢ ᠨᠢ ᠡᠯᠡᠰᠤ ᠶᠢ ᠪᠠᠯᠭᠠᠰᠤᠨ ᠤ ᠭᠠᠳᠠᠨ᠎ᠠ ᠬᠠᠰᠢᠭᠰᠠᠨ ᠢᠶᠠᠷ ᠪᠠᠷᠠᠬᠤ ᠦᠭᠡᠢ ᠮᠦᠨᠴᠤ ᠲᠤᠮᠳᠠᠳᠤᠴᠤᠳ ᠤᠨ ᠰᠠᠨᠰᠠᠷ ᠤᠨ ᠠᠶᠠᠯᠠᠯ ᠤᠨ ᠦᠢᠯᠡᠰ ᠢ ᠰᠠᠬᠢᠨ ᠬᠠᠮᠠᠭᠠᠯᠠᠵᠤ ᠪᠤᠢ᠃      2020 ᠤᠨ ᠠᠴᠠ ᠡᠬᠢᠯᠡᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠳᠤ ᠲᠦᠰᠢᠭᠯᠡᠨ᠂ ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ ᠤᠯᠤᠰ ᠤᠨ ︽ᠬᠢᠯᠢ ᠬᠢᠵᠠᠭᠠᠷ ᠤᠷᠤᠨ ᠢ ᠬᠦᠭᠵᠢᠬᠦᠯᠵᠤ ᠠᠷᠠᠳ ᠢ ᠪᠠᠶᠠᠵᠢᠭᠤᠯᠬᠤ︾ ᠴᠦᠬᠡᠨ ᠲᠤᠭᠠᠳᠤ ᠦᠨᠳᠤᠰᠤᠳᠡᠨ ᠤ ᠬᠦᠭᠵᠢᠯᠳᠡ ᠶᠢᠨ ᠲᠦᠷᠦᠯ ᠵᠦᠢᠯ ᠤᠨ 930 ᠭᠠᠷᠦᠢ ᠲᠦᠮᠡᠨ ᠲᠦᠭᠦᠷᠢᠭ ᠤᠨ ᠪᠡᠯᠡ ᠮᠦᠩᠭᠦ ᠶᠢ ᠲᠡᠮᠡᠴᠡᠨ ᠤᠯᠵᠤ᠂ ᠪᠦᠬᠦ ᠪᠠᠯᠭᠠᠰᠤᠨ ᠤ ᠨᠤᠭᠤᠭᠠᠷᠠᠭᠤᠯᠤᠯᠳᠠ ᠬᠠᠳᠠᠭᠤᠷᠠᠯᠳᠠ᠂ ᠴᠢᠮᠡᠭᠡ       ᠨᠡᠪᠳᠡᠷᠡᠯᠭᠡ ᠶᠢᠨ ᠰᠠᠭᠤᠷᠢ ᠦᠷᠳᠡᠭᠡ᠂ ᠤᠰᠤ ᠴᠠᠬᠢᠯᠭᠠᠨ ᠵᠠᠮ ᠵᠡᠷᠭᠡ ᠨᠢᠭᠡ ᠪᠦᠯᠦᠭ ᠭᠤᠤᠯᠳᠠᠯᠭᠠᠳᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠬᠦᠯᠬᠦ ᠶᠢ ᠠᠬᠢᠭᠤᠯᠤᠭᠰᠠᠨ ᠪᠠᠶᠢᠨ᠎ᠠ᠃ ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠶᠢᠨ ᠲᠤᠰᠠᠳᠠ᠂ ᠭᠤᠷᠤᠨᠠᠢ ᠭᠠᠴᠠᠭ᠎ᠠ ᠤᠨᠴᠠᠯᠢᠭᠳᠤ ᠲᠠᠪᠠᠭᠤᠯᠢᠭ ᠡᠬᠢ ᠪᠠᠶᠠᠯᠢᠭ ᠢ ᠠᠰᠢᠭᠯᠠᠵᠤ᠂ ᠪᠠᠶᠢᠭᠠᠯᠢᠭ ᠪᠡᠯᠴᠢᠭᠡᠷ ᠲᠤ ᠲᠦᠰᠢᠭᠯᠡᠨ ᠮᠢᠬᠠᠨ ᠤ ᠡᠯᠵᠢᠭᠡ ᠶᠢ ᠦᠷᠡᠵᠢᠬᠦᠯᠵᠤ᠂ ᠤᠳᠤ ᠪᠦᠬᠦ ᠭᠠᠴᠠᠭ᠎ᠠ ᠳᠤ ᠨᠡᠶᠢᠳᠡ ᠬᠤᠶᠠᠷ ᠮᠢᠩᠭ᠎ᠠ ᠭᠠᠷᠦᠢ ᠮᠢᠬᠠᠨ ᠤ ᠡᠯᠵᠢᠭᠡ ᠶᠢ ᠲᠡᠵᠢᠭᠡᠨ ᠦᠷᠡᠵᠢᠬᠦᠯᠦᠭᠰᠡᠨ ᠪᠠᠶᠢᠨ᠎ᠠ᠃      ᠳ᠋ᠦᠩᠹᠧᠩ ᠪᠠᠯᠭᠠᠰᠤᠨ ᠤ ᠭᠤᠷᠤᠨᠠᠢ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠲᠠᠷᠤᠭ᠎ᠠ ᠪᠠᠳᠤᠴᠠᠭᠠᠨ᠄ ︽ᠡᠯᠵᠢᠭᠡ ᠲᠡᠵᠢᠭᠡᠬᠦ ᠳᠤ ᠠᠵᠢᠯ ᠪᠠᠭ᠎ᠠ ᠲᠠᠢ᠂  ᠦᠷ᠎ᠡ ᠠᠰᠢᠭ ᠪᠠᠷ ᠨᠡᠯᠢᠶᠡᠳ ᠰᠠᠶᠢᠨ᠂ ᠮᠢᠬᠠᠨ ᠤ ᠡᠯᠵᠢᠭᠡ ᠶᠢ ᠲᠡᠵᠢᠭᠡᠨ ᠦᠷᠡᠵᠢᠭᠦᠯᠬᠦ ᠪᠠᠷ ᠳᠠᠮᠵᠢᠨ ᠮᠠᠨ ᠤ ᠭᠠᠴᠠᠭᠠᠨ ᠤ ᠬᠠᠮᠲᠤ ᠶᠢᠨ ᠠᠵᠤ ᠠᠬᠤᠢ ᠪᠠᠶᠢᠬᠤ ᠦᠭᠡᠢ ᠪᠠᠶᠢᠭᠰᠠᠨ ᠠᠴᠠ ᠤᠳᠤ ᠪᠤᠯᠬᠤ ᠳᠤ ᠵᠢᠯ ᠪᠤᠯᠭᠠᠨ ᠤ ᠤᠷᠤᠯᠭ᠎ᠠ 10 ᠲᠦᠮᠡᠨ ᠲᠦᠭᠦᠷᠢᠭ ᠲᠤ ᠬᠦᠷᠬᠦ ᠪᠤᠯᠤᠭᠰᠠᠨ ᠪᠠᠶᠢᠨ᠎ᠠ︾ ᠭᠡᠵᠦ ᠶᠠᠷᠢᠨ᠎ᠠ᠃      ᠳ᠋ᠦᠩᠹᠧᠩ ᠪᠠᠯᠭᠠᠰᠤᠨ ᠤ ᠬᠠᠷᠢᠶᠠᠳᠤ ᠤᠷᠤᠨ ᠳᠤ 4 ᠭᠠᠴᠠᠭ᠎ᠠ ᠬᠠᠷᠢᠶᠠᠯᠠᠭᠳᠠᠵᠤ᠂ 2020 ᠤᠨ ᠠᠴᠠ ᠡᠬᠢᠯᠡᠨ᠂ ︽ᠨᠢᠭᠡ ᠲᠤᠰᠬᠤᠨ ᠳᠤ ᠨᠢᠭᠡ ᠲᠦᠷᠦ ᠶᠢᠨ ᠪᠤᠳᠤᠯᠭ᠎ᠠ᠂ ᠨᠢᠭᠡ ᠲᠤᠰᠬᠤᠨ ᠳᠤ ᠨᠢᠭᠡ       ᠪᠦᠳᠦᠭᠡᠭᠳᠡᠬᠦᠨ︾᠎ ᠤ ᠰᠡᠳᠬᠢᠮᠵᠢ ᠪᠠᠷ᠂ ᠤᠨᠴᠠᠯᠢᠭᠳᠤ ᠲᠠᠷᠢᠵᠤ ᠲᠡᠵᠢᠭᠡᠨ ᠦᠷᠡᠵᠢᠬᠦᠯᠬᠦ ᠠᠵᠤ ᠦᠢᠯᠡᠰ ᠢ ᠶᠠᠪᠤᠭᠳᠠᠭᠤᠯᠵᠤ᠂ ᠭᠠᠴᠠᠭᠠᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠪᠠ᠃ ᠡᠭᠦᠨ ᠳᠤ᠂ ᠡᠬᠡᠨᠴᠠᠭᠠᠨ ᠭᠠᠴᠠᠭᠠᠨ ᠤ ᠰᠤᠳᠤᠨ ᠵᠢᠮᠢᠰ ᠤᠨ ᠬᠦᠷᠢᠶᠡᠯᠡᠩ᠂ ᠪᠤᠷᠤᠠᠭᠤᠯᠠ ᠭᠠᠴᠠᠭ᠎ᠠ ᠶᠢᠨ ᠴᠠᠭᠠᠨ ᠨᠤᠤᠯᠤᠷᠳᠤ ᠢᠮᠠᠭ᠎ᠠ ᠶᠢ ᠲᠡᠵᠢᠭᠡᠨ ᠦᠷᠡᠵᠢᠬᠦᠯᠬᠦ᠂ ᠭᠤᠷᠠᠨᠠᠢ ᠶᠢᠨ ᠮᠢᠬᠠᠨ ᠤ ᠡᠯᠵᠢᠭᠡ ᠶᠢ ᠲᠡᠵᠢᠭᠡᠨ ᠦᠷᠡᠵᠢᠬᠦᠯᠬᠦ᠂  ᠤᠯᠠᠭᠠᠨᠨ᠋ᠭᠤᠷ ᠤᠨ ᠲᠡᠮᠡᠭᠡ ᠲᠡᠵᠢᠭᠡᠨ ᠦᠷᠡᠵᠢᠬᠦᠯᠬᠦ ᠵᠡᠷᠭᠡ ᠨᠢ ᠴᠦᠮ ᠡᠯ᠎ᠡ ᠭᠠᠴᠠᠭᠠᠨ ᠤ ᠬᠠᠮᠳᠤ ᠶᠢᠨ ᠠᠵᠤ       ᠠᠬᠤᠢ ᠶᠢᠨ ᠤᠷᠤᠯᠭ᠎ᠠ ᠶᠢ 10 ᠲᠦᠮᠡᠨ ᠲᠦᠭᠦᠷᠢᠭ ᠠᠴᠠ ᠲᠡᠭᠡᠭᠰᠢ ᠪᠤᠯᠭᠠᠵᠡᠢ᠃      2020 ᠤᠨ ᠳᠤ ᠳ᠋ᠦᠩᠹᠧᠩ ᠪᠠᠯᠭᠠᠰᠤᠨ ᠤ ᠶᠠᠳᠠᠭᠤ ᠬᠦᠴᠢᠷᠳᠡᠯᠲᠠᠢ 39 ᠡᠷᠤᠬᠡ ᠶᠢᠨ 100       ᠬᠦᠮᠦᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠴᠦᠮ ᠲᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠳᠤ ᠬᠦᠷᠭᠡᠪᠡ᠃ 2021 ᠤᠨ ᠳᠤ᠂ ᠪᠦᠬᠦ ᠪᠠᠯᠭᠠᠰᠤᠨ ᠤ ᠮᠠᠯᠴᠢᠨ       ᠲᠠᠷᠢᠶᠠᠴᠢᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ 23440.04 ᠲᠦᠮᠡᠨ ᠲᠦᠭᠦᠷᠢᠭ ᠲᠤ ᠬᠦᠷᠴᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠦᠮᠵᠢ ᠢ ᠪᠠᠬᠢᠵᠢᠬᠦᠯᠦᠨ ᠦᠷᠭᠡᠳᠬᠡᠬᠦ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠳᠦᠮᠵᠢᠲᠠᠢ ᠵᠤᠯᠭᠠᠭᠤᠯᠬᠤ ᠶᠢ ᠪᠡᠶᠡᠯᠡᠬᠦᠯᠵᠤ ᠴᠢᠳᠠᠵᠡᠢ᠃      ᠳ᠋ᠦᠩᠹᠧᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠠᠯᠳᠠᠩᠭᠤᠸ᠎ᠠ᠄ ︽ᠳ᠋ᠦᠩᠹᠧᠩ ᠪᠠᠯᠭᠠᠰᠤ ᠨᠢ ᠦᠪᠡᠷᠮᠢᠴᠡ ᠭᠠᠵᠠᠷ ᠵᠦᠢ ᠶᠢᠨ ᠲᠠᠪᠠᠭᠤᠯᠢᠭ ᠲᠠᠢ ᠪᠠᠶᠢᠳᠠᠭ᠂ ᠮᠦᠨᠴᠤ ︽ᠬᠤᠪᠢᠯᠭᠠᠨ ᠤᠩᠭᠤᠴᠠ︾᠎ ᠶᠢᠨ ᠥᠯᠥᠭᠡᠢ ᠭᠡᠮᠡᠬᠦ ᠨᠡᠷ᠎ᠡ ᠬᠠᠭᠤᠳᠠᠰᠤ ᠲᠠᠢ᠂ ᠬᠤᠶᠢᠰᠢᠳᠠ᠂ ᠳ᠋ᠦᠩᠹᠧᠩ ᠪᠠᠯᠭᠠᠰᠤ ᠨᠢ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠦᠷᠬᠦᠯᠵᠢᠯᠡᠨ ᠭᠦᠨᠵᠡᠭᠡᠢ ᠦᠷᠨᠢᠬᠦᠯᠵᠤ᠂ ᠤᠷᠤᠨ ᠪᠠᠶᠢᠷᠢ ᠶᠢᠨ ᠲᠠᠪᠠᠭᠤᠯᠢᠭ ᠢᠶᠠᠨ ᠪᠠᠳᠠᠷᠠᠭᠤᠯᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠬᠤᠶᠠᠷ ᠢ ᠬᠦᠷᠢᠶᠡᠯᠡᠨ ᠬᠠᠮᠳᠤᠪᠡᠷ ᠪᠠᠶᠢᠭᠤᠯᠬᠤ ᠪᠤᠯᠤᠨ ᠦᠨᠳᠤᠰᠤᠳᠡᠨ ᠤ ᠪᠦᠯᠬᠦᠮᠳᠡᠯ ᠢ ᠨᠢᠭᠳᠠ ᠤᠶᠠᠯᠳᠤᠭᠤᠯᠵᠤ᠂ ᠪᠦᠬᠦ ᠪᠠᠯᠭᠠᠰᠤᠨ ᠤ ᠦᠨᠳᠤᠰᠤᠳᠡᠨ ᠨᠦᠭᠦᠳ ᠤᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠲᠡᠭᠡᠷ᠎ᠡ ᠦᠨᠡᠨᠬᠦ ᠨᠢᠭᠡᠳᠬᠡᠨ᠂ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢᠨ ᠰᠠᠭᠤᠷᠢ ᠶᠢ ᠪᠠᠬᠢᠵᠢᠬᠦᠯᠵᠤ᠂ ᠳ᠋ᠦᠩᠹᠧᠩ ᠪᠠᠯᠭᠠᠰᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠦᠵᠡᠬᠦᠯᠦᠨ᠎ᠡ︾ ᠭᠡᠵᠦ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号