ᠠᠭᠠᠷ ᠤᠨ ᠲᠤᠯᠠᠭᠠᠨ ᠲᠤᠷᠤᠭᠰᠢᠯᠠᠬᠤ ᠶᠢ ᠲᠠᠭᠠᠯᠳᠤᠨ ᠬᠤᠳᠠ ᠪᠠᠯᠭᠠᠰᠤ ᠶᠢᠨ ᠨᠤᠭᠤᠭᠠᠷᠠᠭᠤᠯᠤᠯᠲᠠ ᠶᠢᠨ | ᠪᠥᠰᠡ ᠶᠢᠨ ᠤᠢ ᠮᠤᠳᠤ ᠶᠢ ᠬᠥᠢᠲᠡᠨ ᠠᠴᠠ ᠬᠠᠮᠠᠭᠠᠯᠠᠬᠤ ᠠᠵᠢᠯ ᠢ ᠰᠠᠶᠢᠨ ᠬᠢᠵᠤ᠂ ᠨᠤᠭᠤᠭᠠᠷᠠᠭᠤᠯᠤᠯᠳᠠ ᠶᠢᠨ | ᠦᠷ᠎ᠡ ᠪᠦᠳᠦᠮᠵᠢ ᠶᠢ ᠦᠷᠬᠦᠯᠵᠢᠯᠡᠨ ᠪᠠᠬᠢᠵᠢᠬᠦᠯᠵᠤ᠂ ᠨᠤᠭᠤᠭᠠᠷᠠᠭᠤᠯᠤᠯᠲᠠ ᠶᠢᠨ ᠪᠥᠰᠡ ᠶᠢᠨ ᠤᠢ ᠮᠤᠳᠤᠨ ᠤ | ᠬᠥᠢᠲᠡᠨ ᠢ ᠡᠰᠡᠷᠭᠦᠴᠡᠬᠦ ᠴᠢᠳᠠᠪᠤᠷᠢ ᠶᠢ ᠲᠡᠭᠡᠭᠰᠢᠯᠡᠬᠦᠯᠦᠨ᠂ ᠰᠠᠶᠢᠨ ᠰᠠᠶᠢᠬᠠᠨ ᠠᠮᠢ ᠠᠬᠤᠢ ᠶᠢᠨ ᠤᠷᠴᠢᠨ | ᠲᠤᠭᠤᠷᠢᠨ ᠢ ᠪᠤᠢ ᠪᠤᠯᠭᠠᠬᠤ ᠶᠢᠨ ᠲᠤᠰᠠᠳᠠ᠂ ᠮᠠᠨ ᠤ ᠬᠤᠰᠢᠭᠤ ᠡᠷᠳᠡ ᠠᠴᠠ ᠲᠦᠯᠦᠪᠯᠡᠵᠤ᠂ ᠲᠠᠯᠠᠶᠢᠬᠦ᠋ᠪ | ᠪᠠᠯᠭᠠᠰᠤᠨ ᠤ ᠵᠠᠮ ᠤᠨ ᠬᠤᠶᠠᠷ ᠲᠠᠯ᠎ᠠ ᠶᠢᠨ ᠤᠢ ᠮᠤᠳᠤ ᠶᠢ ᠠᠷᠠᠴᠢᠯᠠᠨ ᠬᠠᠮᠠᠭᠠᠯᠠᠬᠤ ᠠᠵᠢᠯ ᠢᠶᠠᠨ ᠶᠠᠭᠠᠷᠠᠯᠲᠠᠢ | ᠬᠢᠵᠤ ᠡᠬᠢᠯᠡᠪᠡ᠃ | ᠤᠶᠢᠷ᠎ᠠ ᠶᠢᠨ ᠡᠳᠤᠷ᠂ ᠬᠤᠰᠢᠭᠤᠨ ᠤ ᠬᠤᠳᠠ ᠶᠢᠨ ᠬᠠᠮᠢᠶᠠᠷᠤᠯᠳᠠ ᠶᠢᠨ ᠶᠡᠷᠤᠩᠭᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ ᠶᠢᠨ ᠬᠢᠨ ᠤ ᠨᠤᠭᠤᠭᠠᠷᠠᠭᠤᠯᠤᠯᠤᠳᠠ ᠶᠢᠨ ᠠᠵᠢᠯᠳᠠᠳ ᠪᠠᠨ | ᠵᠤᠬᠢᠶᠠᠨ ᠪᠠᠶᠢᠭᠤᠯᠵᠤ᠂ ᠬᠤᠳᠠ ᠪᠠᠯᠭᠠᠰᠤ ᠶᠢᠨ ᠨᠤᠭᠤᠭᠠᠷᠠᠭᠤᠯᠤᠯᠳᠠ ᠶᠢᠨ ᠡᠪᠤᠯ ᠤᠨ ᠤᠯᠠᠷᠢᠯ ᠤᠨ ᠡᠪᠡᠳᠴᠢᠨ | ᠬᠤᠷᠤᠬᠠᠢ ᠶᠢ ᠰᠡᠷᠭᠡᠶᠢᠯᠡᠨ ᠬᠠᠮᠠᠭᠠᠯᠠᠬᠤ ᠠᠵᠢᠯ ᠢᠶᠠᠨ ᠡᠬᠢᠯᠡᠬᠦᠯᠪᠡ᠃ ᠠᠵᠢᠯᠳᠠᠳ 1.2 ᠮᠧᠲᠷ ᠤᠨ ᠦᠨᠳᠤᠷ ᠤᠨ | ᠬᠡᠮᠵᠢᠶ᠎ᠡ ᠶᠢᠨ ᠨᠢᠭᠡᠲᠦᠯᠲᠡᠢ ᠪᠠᠷᠢᠮᠵᠢᠶ᠎ᠠ ᠪᠠᠷ ᠮᠤᠳᠤ ᠶᠢ ᠴᠠᠶᠢᠷᠠᠭᠤᠯᠤᠨ᠎ᠠ᠃ ᠴᠠᠶᠢᠷᠠᠭᠤᠯᠤᠭᠰᠠᠨ ᠤ ᠲᠠᠷᠠᠭᠠᠬᠢ | ᠮᠤᠳᠤ ᠨᠢ ᠨᠠᠷᠠᠨ ᠤ ᠭᠡᠷᠡᠯ ᠲᠤᠰᠤᠭᠰᠠᠨ ᠤ ᠲᠠᠷᠠᠭ᠎ᠠ ᠬᠦᠯᠳᠡᠬᠦ ᠶᠢ ᠰᠡᠷᠭᠡᠶᠢᠯᠡᠬᠦ ᠦᠢᠯᠡᠳᠦᠯ ᠲᠠᠢ ᠪᠦᠭᠡᠳ | ᠮᠤᠳᠤᠨ ᠤ ᠡᠪᠡᠳᠴᠢᠨ ᠬᠤᠷᠤᠬᠠᠢ ᠶᠢᠨ ᠬᠦᠨᠦᠭᠡᠯ ᠢ ᠤᠰᠠᠳᠬᠠᠵᠤ᠂ ᠡᠭᠦᠨ ᠢᠶᠠᠷ ᠲᠠᠮᠵᠢᠨ᠂ ᠮᠤᠳᠤᠨ ᠤ | ᠡᠪᠡᠳᠴᠢᠨ ᠬᠤᠷᠤᠬᠠᠢ ᠶᠢᠨ ᠬᠦᠨᠦᠭᠡᠯ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠬᠦᠯᠦᠨ᠂ ᠢᠷᠡᠬᠦ ᠵᠢᠯ ᠤᠨ ᠡᠪᠡᠳᠴᠢᠨ | ᠬᠤᠷᠤᠬᠠᠢ ᠶᠢᠨ ᠬᠦᠨᠦᠭᠡᠯ ᠡᠭᠦᠰᠬᠦ ᠶᠢ ᠰᠡᠷᠭᠡᠶᠢᠯᠡᠬᠦ ᠶᠢᠨ ᠬᠠᠮᠳᠤ ᠪᠠᠰᠠ ᠤᠢ ᠮᠤᠳᠤᠨ ᠤ ᠡᠳᠡᠭᠡᠷᠡᠯᠳᠡ ᠶᠢᠨ | ᠨᠤᠷᠮ᠎ᠠ ᠶᠢ ᠪᠠᠳᠤᠯᠠᠵᠤ ᠴᠢᠳᠠᠬᠤ ᠪᠤᠯᠤᠨ᠎ᠠ᠃ | |