ᠬᠤᠰᠢᠭᠤᠨ ᠤ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠦᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠭᠲᠠᠭᠤᠨ ᠢᠶᠠᠷ ᠳᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/10/20
      ᠤᠶᠢᠷ᠎ᠠ ᠶᠢᠨ ᠡᠳᠦᠷ᠂ ᠰᠤᠷᠪᠤᠯᠵᠢᠯᠠᠭᠴᠢ ᠬᠤᠰᠢᠭᠤᠨ ᠤ ᠵᠡᠮᠳᠡᠭᠴᠤᠳ ᠢ ᠨᠠᠶᠢᠳᠠᠨ ᠠᠰᠠᠷᠠᠭᠤᠯᠬᠤ       ᠲᠦᠪ ᠤᠨ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠬᠦᠷᠬᠦ ᠳᠤ᠂ ᠲᠦᠷᠦᠯ ᠵᠦᠢᠯ ᠤᠨ ᠭᠤᠤᠯ ᠠᠰᠠᠷ ᠤᠨ ᠪᠦᠲᠦᠭᠡᠨ ᠪᠠᠶᠢᠭᠤᠯᠤᠯᠲᠠ ᠨᠢ ᠨᠢᠭᠡᠨᠲᠡ ᠳᠠᠭᠤᠰᠴᠦ᠂ ᠪᠠᠷᠢᠯᠭ᠎ᠠ ᠶᠢᠨ ᠠᠵᠢᠯᠲᠠᠳ ᠶᠠᠭ ᠳᠠᠭᠠᠯᠲᠠ ᠶᠢᠨ ᠠᠵᠢᠯ ᠢᠶᠠᠨ ᠶᠠᠭᠠᠷᠠᠯᠲᠠᠢ ᠬᠢᠵᠤ ᠪᠠᠶᠢᠯ᠎ᠠ᠃ ᠲᠦᠯᠦᠪᠯᠡᠭᠡ ᠪᠠᠷ ᠲᠤᠰ ᠲᠥᠷᠥᠯ ᠵᠥᠢᠯ ᠤᠨ ᠪᠥᠲᠥᠭᠡᠨ       ᠪᠠᠶᠢᠭᠤᠯᠤᠯᠲᠠ ᠶᠢᠨ ᠠᠵᠢᠯ ᠪᠠᠷᠤᠭ ᠳᠠᠷᠠᠭ᠎ᠠ ᠵᠢᠯ ᠤᠨ ᠡᠬᠢᠨ ᠳᠤ ᠠᠰᠢᠭᠯᠠᠯᠲᠠ ᠳᠤ ᠤᠷᠤᠬᠤ ᠪᠠᠷ ᠪᠠᠶᠢᠨ᠎ᠠ᠃      ᠰᠢᠨ᠎ᠡ ᠪᠠᠷ ᠪᠠᠶᠢᠭᠤᠯᠤᠭᠰᠠᠨ ᠬᠤᠰᠢᠭᠤᠨ ᠤ ᠵᠡᠮᠳᠡᠭᠴᠤᠳ ᠢ ᠨᠠᠶᠢᠳᠠᠨ ᠠᠰᠠᠷᠠᠭᠤᠯᠬᠤ ᠲᠦᠪ ᠤᠨ       ᠪᠠᠶᠢᠷᠢᠰᠢᠯ ᠨᠢ ᠳᠠᠯᠠᠶᠢᠬᠦ᠋ᠪ ᠪᠠᠯᠭᠠᠰᠤ ᠶᠢᠨ ᠶᠡᠷᠥᠩᠬᠡᠶᠢᠯᠡᠭᠰᠡᠨ ᠠᠰᠠᠷᠠᠮᠵᠢ ᠶᠢᠨ ᠲᠦᠪ ᠤᠨ ᠶᠡᠭᠡ ᠠᠰᠠᠷ ᠤᠨ ᠬᠤᠶᠢᠳᠤ ᠲᠠᠯ᠎ᠠ ᠳᠤ ᠪᠠᠶᠢᠷᠢᠯᠠᠵᠦ᠂ 2020 ᠤᠨ ᠳᠤ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠡᠬᠢᠯᠡᠭᠦᠯᠵᠠᠢ᠃ ᠲᠤᠰ ᠲᠥᠪ ᠤᠨ ᠡᠵᠡᠯᠡᠬᠦ ᠭᠠᠵᠠᠷ ᠤᠨ ᠶᠡᠷᠦᠩᠬᠡᠢ ᠲᠠᠯᠠᠪᠠᠢ 4000 ᠲᠡᠭᠰᠢ ᠳᠦᠷᠪᠡᠯᠵᠢᠨ ᠮᠧᠲᠷ᠂       ᠪᠠᠷᠢᠯᠭ᠎ᠠ ᠶᠢᠨ ᠶᠡᠷᠤᠩᠬᠡᠢ ᠲᠠᠯᠠᠪᠠᠢ 1962.31 ᠲᠡᠭᠰᠢ ᠳᠦᠷᠪᠡᠯᠵᠢᠨ ᠮᠧᠲᠷ᠂ ᠨᠡᠶᠢᠲᠡ ᠭᠤᠷᠪᠠᠨ ᠲᠠᠪᠬᠤᠷ       ᠠᠰᠠᠷ ᠤᠨ ᠪᠦᠲᠦᠴᠡ ᠲᠠᠢ ᠪᠠᠶᠢᠵᠤ᠂ ᠨᠤᠭᠤᠭᠠᠷᠠᠭᠤᠯᠤᠯᠲᠠ ᠶᠢᠨ ᠲᠠᠯᠠᠪᠠᠢ ᠨᠢ 1200 ᠲᠡᠭᠰᠢ ᠳᠦᠷᠪᠡᠯᠵᠢᠨ ᠮᠧᠲᠷ᠂ ᠬᠠᠲᠠᠷᠠᠭᠤᠯᠤᠯᠲᠠ ᠶᠢᠨ ᠲᠠᠯᠠᠪᠠᠢ 2200 ᠲᠡᠭᠰᠢ ᠳᠦᠷᠪᠡᠯᠵᠢᠨ ᠮᠧᠲᠷ  ᠪᠤᠢ᠃ ᠤᠶᠢᠯᠠᠭᠠᠭᠰᠠᠨ ᠢᠶᠠᠷ᠂ ᠪᠠᠷᠢᠯᠭ᠎ᠠ ᠶᠢᠨ ᠶᠡᠷᠦᠩᠬᠡᠢ ᠪᠡᠯᠡ ᠤᠷᠤᠭᠤᠯᠤᠯᠲᠠ ᠶᠢ 730 ᠲᠦᠮᠡᠨ ᠲᠦᠭᠦᠷᠢᠭ ᠢᠶᠠᠷ ᠲᠥᠰᠥᠪᠯᠡᠨ  ᠲᠤᠭᠲᠠᠭᠠᠵᠤ᠂ ᠡᠭᠦᠨ ᠳᠤ᠂ ᠲᠦᠪ ᠤᠨ ᠲᠦᠰᠦᠪ ᠤᠨ ᠳᠤᠲᠤᠷᠠᠬᠢ ᠪᠡᠯᠡ ᠤᠷᠤᠭᠤᠯᠤᠯᠲᠠ ᠨᠢ 584 ᠲᠦᠮᠡᠨ ᠲᠦᠭᠦᠷᠢᠭ᠂ ᠤᠷᠤᠨ ᠨᠤᠲᠤᠭ ᠤᠨ ᠡᠳ᠋ ᠤᠨ ᠵᠠᠰᠠᠭ ᠠᠴᠠ 146 ᠲᠦᠮᠡᠨ ᠲᠦᠭᠦᠷᠢᠭ ᠢ ᠳᠤᠬᠢᠷᠠᠭᠤᠯᠵᠤ᠂ ᠭᠤᠤᠯᠳᠠᠭᠤ ᠠᠮᠢᠳᠤᠷᠠᠯ ᠤᠨ ᠰᠤᠪᠢᠯᠡᠯᠲᠡ᠂ ᠡᠷᠡᠭᠦᠵᠢᠭᠦᠯᠬᠦ ᠵᠠᠰᠠᠯ ᠪᠠ ᠴᠢᠳᠠᠮᠵᠢ ᠶᠢ ᠲᠡᠭᠡᠭᠰᠢᠯᠡᠭᠦᠯᠬᠦ  ᠪᠤᠯᠪᠠᠰᠤᠷᠠᠯ ᠵᠡᠷᠭᠡ ᠪᠠᠭᠲᠠᠵᠤ ᠪᠤᠢ᠃      ᠲᠤᠰ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠤᠯ ᠮᠠᠨ ᠤ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ︾᠎ ᠶᠢᠨ ᠨᠡᠶᠢᠬᠡᠮ ᠤᠨ ᠦᠢᠯᠡᠴᠢᠯᠡᠭᠡᠨ ᠤ ᠰᠠᠭᠤᠷᠢ ᠶᠢ ᠪᠠᠲᠤᠯᠠᠬᠤ ᠲᠦᠷᠦᠯ ᠵᠦᠢᠯ᠂ ᠬᠤᠰᠢᠭᠤᠨ ᠤ ᠳᠡᠰ ᠤᠨ ᠭᠤᠤᠯᠳᠠᠯᠭᠠᠲᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠤᠯᠤᠨ᠎ᠠ᠃ ᠲᠤᠰ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠨᠢ ᠮᠠᠨ ᠤ ᠬᠤᠰᠢᠭᠤᠨ ᠤ ᠵᠡᠮᠳᠡᠭᠴᠤᠳ ᠤᠨ ᠤᠷᠤᠨ ᠰᠠᠭᠤᠴᠠ᠂ ᠠᠰᠠᠷᠠᠨ ᠰᠤᠪᠢᠯᠠᠬᠤ᠂ ᠨᠡᠶᠢᠲᠠᠨ ᠬᠠᠮᠢᠶᠠᠷᠠᠬᠤ ᠵᠡᠷᠬᠡ ᠨᠡᠶᠢᠬᠡᠮ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠡᠶᠢᠬᠡᠮ ᠤᠨ ᠳᠠᠷᠤᠭᠠᠰᠤ ᠶᠢ ᠬᠦᠩᠭᠡᠯᠡᠬᠦ ᠪᠠᠷ ᠪᠠᠷᠠᠬᠤ ᠦᠭᠡᠢ ᠪᠠᠰᠠ ᠡᠶ᠎ᠡ ᠵᠤᠬᠢᠴᠠᠩᠭᠤᠢ ᠨᠡᠶᠢᠬᠡᠮ ᠤᠨ ᠪᠠᠶᠢᠭᠤᠯᠤᠯᠲᠠ ᠳᠤ ᠴᠢᠬᠤᠯᠠ ᠦᠢᠯᠡᠳᠦᠯ ᠥᠵᠡᠬᠦᠯᠬᠦ ᠪᠣᠯᠣᠨ᠎ᠠ᠃      ᠬᠤᠰᠢᠭᠤᠨ ᠤ ᠵᠡᠮᠳᠡᠭᠴᠤᠳ ᠤᠨ ᠬᠤᠯᠪᠤᠭᠠᠲᠦ ᠬᠤᠷᠠᠯ ᠤᠨ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠰᠡᠴᠡᠨ ᠠᠴᠠ᠂ ᠳᠠᠷᠠᠭᠠᠴᠢ ᠶᠢᠨ ᠠᠯᠬᠤᠮ ᠳᠠᠭᠠᠨ ᠪᠢᠳᠠ ︽ᠨᠠᠮ ᠪᠠ ᠵᠠᠰᠠᠭ ᠤᠨ ᠬᠦᠴᠢᠷᠳᠡᠯ ᠢ ᠬᠤᠪᠢᠶᠠᠯᠴᠠᠨ᠂ ᠠᠷᠠᠳ ᠲᠦᠮᠡᠨ ᠤ ᠬᠦᠴᠢᠷᠳᠡᠯ ᠢ ᠰᠢᠢᠳᠪᠦᠷᠢᠯᠡᠬᠦ︾᠎ ᠪᠠᠷ ᠦᠢᠯᠡᠴᠢᠯᠡᠭᠡᠨ ᠤ ᠵᠤᠷᠢᠯᠲᠠ ᠪᠠᠨ ᠪᠤᠯᠭᠠᠵᠤ᠂ ᠵᠡᠮᠳᠡᠭ ᠬᠦᠮᠦᠨ ᠤ ᠤᠨᠴᠠᠭᠠᠢ ᠴᠢᠨᠠᠷ᠂ ᠤᠯᠠᠨ ᠶᠠᠩᠵᠤᠲᠦ ᠴᠢᠨᠠᠷ ᠲᠠᠢ ᠦᠢᠯᠡᠴᠢᠯᠡᠭᠡᠨ ᠤ ᠠᠵᠢᠯᠯᠠᠭ᠎ᠠ ᠶᠢ ᠢᠲᠡᠪᠬᠢᠲᠠᠢ ᠦᠷᠨᠢᠭᠦᠯᠦᠨ᠂ ᠵᠡᠮᠳᠡᠭᠴᠤᠳ ᠤᠨ ᠵᠤᠯ ᠵᠢᠷᠭᠠᠯ ᠪᠠ ᠬᠦᠷᠲᠡᠭᠡᠮᠵᠢ ᠶᠢᠨ ᠲᠦᠷᠦᠭᠳᠡᠯ ᠢ ᠨᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号