ᠡᠨᠡ ᠵᠢᠯ᠂ ᠡᠵᠡᠨ᠎ᠡ ᠬᠤᠰᠢᠭᠤᠨ ᠤ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠨᠠᠷᠢᠨ ᠨᠢᠮᠪᠠᠢ ᠵᠣᠬᠢᠶᠠᠨ | ᠪᠠᠶᠢᠭᠤᠯᠣᠨ᠂ ᠰᠢᠨᠵᠢᠯᠡᠬᠦ ᠤᠬᠠᠭᠠᠨᠴᠢ ᠪᠠᠷ ᠤᠰᠤ ᠲᠣᠬᠢᠷᠠᠭᠤᠯᠬᠤ ᠪᠠᠷ ᠳᠡᠮᠵᠢᠨ᠂ ᠰᠣᠪᠨᠠᠭᠤᠷ ᠤᠨ ᠠᠮᠢ ᠠᠬᠤᠢ ᠶᠢᠨ | ᠤᠰᠤ ᠶᠢ ᠲᠤ ᠪᠦᠳᠦᠮᠵᠢᠲᠠᠢ ᠨᠥᠬᠦᠪᠦᠷᠢᠯᠡᠵᠦ᠂ ᠠᠮᠢ ᠠᠬᠤᠢ ᠶᠢᠨ ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠶᠢᠨ | ᠦᠷᠭᠦᠯᠵᠢᠯᠡᠨ ᠴᠢᠨᠠᠷ ᠢᠶᠠᠨ ᠪᠠᠲᠤᠯᠠᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠪᠠᠲᠤᠯᠠᠭ᠎ᠠ ᠬᠠᠩᠭᠠᠪᠠ ᠃ | ᠡᠨᠡ ᠵᠢᠯ ᠤᠨ ᠡᠮᠦᠨ᠎ᠡ ᠬᠤᠭᠤᠴᠠᠭᠠᠨ ᠳᠤ᠂ ᠡᠵᠡᠨ᠎ᠡ ᠬᠤᠰᠢᠭᠤᠨ ᠳᠤ ᠭᠠᠩ ᠬᠠᠭᠰᠠᠷᠠᠭᠠᠨ ᠬᠥᠨᠳᠤ ᠪᠠᠶᠢᠳᠠᠯ | ᠲᠠᠢ ᠪᠣᠯᠵᠣ ᠂ 5 ᠳ᠋ᠤᠭᠠᠷ ᠰᠠᠷ᠎ᠠ ᠶᠢᠨ 22 ᠤ ᠡᠳᠦᠷ ᠠᠴᠠ ᠨᠠᠰᠢ᠂ ᠬᠠᠷ᠎ᠠ ᠭᠤᠣᠯ ᠤᠨ ᠡᠵᠡᠨ᠎ᠡ ᠶᠢᠨ ᠬᠡᠰᠡᠭ ᠤᠨ | ᠪᠥᠬᠦ ᠱᠤᠭᠤᠮ ᠤᠨ ᠤᠷᠤᠰᠬᠠᠯ ᠨᠢ 100 ᠰᠢᠬᠠᠮ ᠡᠳᠦᠷ ᠲᠠᠰᠤᠷᠠᠵᠤ᠂ ᠰᠤᠪᠨᠠᠭᠤᠷ ᠳᠤ 10 ᠰᠠᠷ᠎ᠠ ᠭᠠᠷᠣᠶᠢᠲᠠᠢ | ᠤᠰᠤ ᠣᠷᠣᠵᠤ ᠴᠢᠳᠠᠭᠰᠠᠨ ᠦᠭᠡᠢ᠃ ᠮᠥᠨᠬᠦ ᠵᠣᠨ ᠤ ᠤᠯᠠᠷᠢᠯ ᠤᠨ ᠦᠷᠭᠦᠯᠵᠢᠯᠡᠭᠰᠡᠨ ᠥᠨᠳᠥᠷ ᠬᠠᠯᠠᠭᠤᠨ ᠴᠠᠭ | ᠠᠭᠤᠷ ᠤᠨ ᠨᠥᠯᠥᠭᠡ ᠠᠴᠠ ᠪᠣᠯᠵᠤ᠂ ᠨᠠᠭᠤᠷ ᠤᠨ ᠤᠰᠤᠨ ᠭᠠᠳᠠᠷᠭᠤ ᠶᠢᠨ ᠲᠠᠯᠠᠪᠠᠶ ᠨᠢ ᠮᠡᠳᠡᠭᠳᠡᠮ᠎ᠡ | ᠬᠠᠰᠤᠭᠳᠠᠭᠰᠠᠨ ᠪᠠᠶᠢᠨ᠎ᠠ᠃ ᠭᠠᠩ ᠬᠠᠭᠰᠠᠷᠠᠭᠠᠨ ᠤ ᠪᠠᠶᠢᠳᠠᠯ ᠶᠢ ᠪᠦᠲᠦᠮᠵᠢᠲᠡᠶ ᠠᠷᠭᠠᠴᠠᠭᠠᠵᠤ᠂ ᠰᠣᠪᠨᠠᠭᠤᠷ ᠤᠨ | ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠣᠭᠲᠠᠭᠤᠨ ᠢ ᠰᠠᠶᠢᠳᠤᠷ ᠪᠠᠳᠣᠯᠠᠬᠤ ᠶᠢᠨ ᠳᠣᠰᠠᠳᠠ᠂ | ᠡᠵᠡᠨ᠎ᠡ ᠬᠤᠰᠢᠭᠤᠨ ᠤ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠠᠲᠤᠨ ᠭᠤᠣᠯ ᠤᠨ ᠤᠰᠤᠨ | ᠠᠰᠢᠭᠯᠠᠯᠲᠠ ᠶᠢᠨ ᠵᠥᠪᠯᠡᠯ ᠤᠨ ᠬᠠᠷ᠎ᠠ ᠭᠤᠣᠯ ᠤᠨ ᠰᠠᠪᠠ ᠭᠠᠵᠠᠷ ᠤᠨ ᠬᠠᠮᠢᠶᠠᠷᠤᠯᠲᠠ ᠶᠢᠨ ᠲᠣᠪᠴᠢᠶ᠎ᠠ ᠲᠠᠢ | ᠢᠳᠡᠪᠬᠢᠲᠡᠢ ᠬᠠᠮᠵᠢᠯᠴᠠᠨ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ᠭᠤᠷᠪᠠᠨ ᠱᠠᠲᠤᠨ ᠤ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠤᠳ ᠳᠠᠷᠤᠢ ᠲᠦᠷᠭᠡᠨ ᠬᠥᠳᠡᠯᠦᠯᠴᠠᠨ ᠭᠠᠨᠰᠤ ᠮᠤᠵᠢ ᠯᠤᠭ᠎ᠠ ᠶᠢᠨ | ᠬᠠᠮᠵᠢᠯᠴᠠᠭᠠᠨ ᠤ ᠬᠦᠴᠦᠯᠡᠴᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠣᠪᠨᠠᠭᠤᠷ ᠲᠤ ᠤᠰᠤ ᠣᠷᠣᠭᠤᠯᠬᠤ | ᠲᠣᠬᠢᠷᠠᠭᠤᠯᠤᠯᠲᠠ ᠶᠢ ᠢᠳᠡᠪᠬᠢᠲᠠᠢ ᠬᠢᠭᠰᠡᠨ ᠠᠴᠠ 8 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨᠡᠬᠢ | 9 ᠴᠠᠭ ᠲᠤ ᠠᠮᠵᠢᠯᠲᠠ ᠲᠠᠢ ᠪᠠᠷ ᠰᠣᠪᠨᠠᠭᠤᠷ ᠲᠤ ᠤᠰᠤ ᠣᠷᠣᠭᠤᠯᠵᠠᠢ᠃ ᠰᠠᠷ᠎ᠠ ᠭᠠᠷᠤᠢ ᠶᠢᠨ ᠬᠤᠭᠤᠴᠠᠭᠠᠨ ᠳᠤ | ᠳᠠᠰᠤᠷᠠᠯᠳᠠ ᠦᠭᠡᠢ ᠤᠰᠤ ᠨᠥᠬᠦᠪᠦᠷᠢᠯᠡᠬᠦ ᠪᠠᠷ ᠳᠡᠮᠵᠢᠨ᠂ ᠰᠣᠪᠨᠠᠭᠤᠷ ᠤᠨ ᠤᠰᠤᠨ ᠲᠦᠪᠰᠢᠨ ᠦᠷᠭᠦᠯᠵᠢᠯᠡᠨ | ᠳᠡᠭᠡᠭᠰᠢᠯᠡᠵᠦ᠂ ᠤᠰᠤᠨ ᠣᠷᠣᠨ ᠤ ᠲᠠᠯᠠᠪᠠᠶ ᠴᠦ ᠪᠦᠲᠦᠮᠵᠢᠲᠡᠶ ᠰᠡᠷᠭᠦᠨ᠂ ᠨᠠᠭᠤᠷ ᠴᠥᠭᠦᠷᠥᠮ ᠤᠨ ᠤᠰᠤᠨ ᠤ ᠠᠮᠢ | ᠠᠬᠤᠢ ᠶᠢᠨ ᠣᠷᠴᠢᠨ ᠲᠣᠭᠤᠷᠢᠨ ᠰᠠᠶᠢᠵᠢᠷᠠᠪᠠ᠃ | ᠤᠶᠢᠯᠠᠭᠠᠭᠰᠠᠨ ᠢᠶᠠᠷ᠂ ᠡᠨᠡ ᠵᠢᠯ ᠤᠨ 10 ᠳ᠋ᠤᠭᠠᠷ ᠰᠠᠷ᠎ᠠ ᠶᠢᠨ ᠳᠣᠮᠳᠠᠴᠢ ᠪᠣᠯᠲᠠᠯ᠎ᠠ᠂ ᠰᠣᠪᠨᠠᠭᠤᠷ ᠲᠤ | ᠨᠡᠶᠢᠳᠡ 6387 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠨᠥᠬᠦᠪᠦᠷᠢᠯᠡᠵᠦ᠂ ᠴᠥᠭᠦᠷᠥᠮ ᠤᠨ ᠪᠠᠭᠲᠠᠭᠠᠮᠵᠢ | ᠨᠢ 7630 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠤᠰᠤᠨ ᠣᠷᠣᠨ ᠤ ᠲᠠᠯᠠᠪᠠᠢ ᠨᠢ 42.2 | ᠲᠡᠭᠰᠢ ᠳᠥᠷᠪᠡᠯᠵᠢᠨ ᠺᠢᠯᠤᠮᠧᠲᠷ ᠲᠤ ᠬᠥᠷᠴᠤ᠂ ᠰᠣᠪᠨᠠᠭᠤᠷ ᠤᠨ 18 ᠵᠢᠯ ᠳᠠᠷᠠᠭᠠᠯᠠᠨ ᠰᠢᠷᠭᠢᠭᠡᠬᠦ ᠦᠭᠡᠢ | ᠪᠠᠶᠢᠬᠤ ᠶᠢ ᠥᠨᠡᠨᠬᠦ ᠪᠡᠶᠡᠯᠡᠬᠦᠯᠵᠦ᠂ ᠠᠮᠢ ᠠᠬᠤᠢ ᠶᠢᠨ ᠤᠰᠤ ᠨᠥᠬᠦᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ | ᠣᠯᠣᠭᠰᠠᠨ ᠪᠠᠶᠢᠨ᠎ᠠ᠃ ᠣᠳᠣᠬᠠᠨ ᠳᠤ᠂ ᠨᠤᠭᠤ ᠭᠠᠵᠠᠷ ᠲᠤ ᠨᠤᠲᠤᠭᠰᠢᠬᠤ ᠨᠡᠭᠦᠳᠡᠯ ᠤᠨ ᠰᠢᠪᠠᠭᠤᠨ ᠤ ᠲᠥᠷᠥᠯ | ᠵᠦᠢᠯ 2010 ᠣᠨ ᠳᠤ 14 ᠵᠦᠢᠯ ᠪᠠᠶᠢᠭᠰᠠᠨ ᠠᠴᠠ ᠪᠠᠨ ᠨᠡᠮᠡᠭᠳᠡᠭᠡᠳ 133 ᠵᠦᠢᠯ ᠪᠣᠯᠵᠤ᠂ ᠣᠷᠭᠢᠯ ᠤᠨ | ᠬᠤᠭᠤᠴᠠᠭᠠᠨ ᠳᠠᠬᠢ ᠰᠢᠪᠠᠭᠤᠨ ᠤ ᠲᠤᠭ᠎ᠠ ᠨᠢ ᠨᠡᠮᠡᠭᠳᠡᠭᠡᠳ 10 ᠲᠦᠮᠡ ᠭᠠᠷᠤᠢ ᠪᠣᠯᠣᠭᠰᠠᠨ ᠪᠠᠶᠢᠨ᠎ᠠ᠃ | ᠡᠵᠡᠨ᠎ᠡ ᠬᠤᠰᠢᠭᠤ ᠰᠣᠪᠨᠠᠭᠤᠷ ᠤᠨ ᠠᠮᠢ ᠠᠬᠤᠢ ᠶᠢᠨ ᠤᠰᠤ ᠨᠥᠬᠦᠪᠦᠷᠢᠯᠡᠬᠦ ᠠᠵᠢᠯ ᠢ ᠰᠠᠶᠢᠲᠤᠷ ᠬᠢᠬᠦ ᠶᠢᠨ | ᠬᠠᠮᠲᠤ ᠪᠠᠰᠠ ︽ᠤᠰᠤ ᠶᠢ ᠲᠥᠪᠯᠡᠷᠡᠭᠦᠯᠦᠨ ᠲᠣᠬᠢᠷᠠᠭᠤᠯᠬᠤ᠂ ᠣᠷᠣᠨ ᠬᠤᠪᠢᠶᠠᠨ ᠡᠭᠡᠯᠵᠢᠯᠡᠨ ᠤᠰᠤᠯᠠᠬᠤ︾ | ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠠᠶᠢᠭᠠᠯᠢ ᠶᠢᠨ ᠣᠶᠢᠲᠤ ᠪᠡᠯᠴᠢᠭᠡᠷ ᠤᠨ ᠤᠰᠤᠯᠠᠯᠲᠠ ᠶᠢᠨ | ᠠᠵᠢᠯ ᠢ ᠢᠳᠡᠪᠬᠢᠲᠡᠢ ᠥᠷᠨᠢᠬᠦᠯᠪᠡ᠃ ᠣᠳᠣᠬᠠᠨ ᠳᠤ᠂ ᠪᠠᠶᠠᠨᠪᠣᠭᠳᠠ ᠤᠰᠤᠨ ᠵᠦᠢ ᠶᠢᠨ ᠣᠭᠲᠣᠯᠣᠭᠠᠰᠤ ᠶᠢᠨ | ᠤᠰᠤ 8.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠥᠩᠭᠡᠷᠡᠵᠦ᠂ ᠪᠠᠶᠢᠭᠠᠯᠢ ᠶᠢᠨ ᠣᠶᠢᠲᠤ ᠪᠡᠯᠴᠢᠭᠡᠷ ᠢ | ᠨᠡᠶᠢᠲᠡ 89.97 ᠲᠦᠮᠡᠨ ᠮᠦ ᠤᠰᠤᠯᠠᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 44.57 ᠲᠦᠮᠡᠨ | ᠮᠦ ᠨᠡᠮᠡᠭᠳᠡᠵᠤ ᠂ ᠭᠤᠣᠯ ᠳᠠᠭᠠᠤ ᠶᠢᠨ ᠭᠠᠵᠠᠷ ᠳᠣᠣᠷᠠᠬᠢ ᠤᠰᠤ ᠶᠢ ᠪᠦᠲᠦᠮᠵᠢᠲᠡᠶ ᠨᠥᠬᠦᠪᠦᠷᠢᠯᠡᠵᠦ᠂ | ᠲᠠᠷᠠᠭᠠᠴᠢ ᠶᠢᠨ ᠱᠠᠲᠤᠨ ᠤ ᠬᠠᠷ᠎ᠠ ᠭᠤᠣᠯ ᠤᠨ ᠤᠰᠤᠨ ᠤ ᠬᠡᠮᠵᠢᠶ᠎ᠡ ᠶᠢᠨ ᠲᠣᠬᠢᠷᠠᠭᠤᠯᠤᠯᠲᠠ ᠵᠢᠴᠢ ᠪᠠᠶᠢᠭᠠᠯᠢ ᠶᠢᠨ | ᠣᠶᠢᠲᠤ ᠪᠡᠯᠴᠢᠭᠡᠷ ᠤᠨ ᠤᠰᠤᠯᠠᠯᠲᠠ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | ᠬᠠᠷ᠎ᠠ ᠭᠤᠣᠯ ᠤᠨ ᠡᠵᠡᠨ᠎ᠡ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ | ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ᠂ ᠳᠡᠳ᠋ ᠡᠷᠬᠢᠯᠡᠭᠴᠢ ᠵᠠᠩ ᠱᠤᠤ ᠮᠢᠩ᠄ | ᠳᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠤᠷᠲᠤ ᠬᠤᠭᠤᠴᠠᠭ᠎ᠠ ᠪᠠᠷ ᠦᠷᠭᠦᠯᠵᠢᠯᠡᠨ ᠬᠦᠴᠦᠯᠡᠨ ᠴᠢᠷᠮᠠᠶᠢᠵᠤ᠂ | ᠵᠣᠯᠭᠠᠭᠤᠯᠬᠤ ᠬᠦᠴᠦᠯᠡᠴᠠ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠨᠠᠩ ᠶᠡᠭᠡ ᠤᠰᠤ ᠶᠢ ᠲᠤᠤᠷᠠᠲᠤ | ᠤᠷᠤᠰᠬᠠᠯ ᠳᠤ ᠪᠠᠭᠤᠯᠭᠠᠬᠤ ᠭᠦᠢᠴᠡᠳᠬᠡᠯ ᠲᠤᠭ᠎ᠠ ᠶᠢ ᠴᠢᠷᠮᠠᠶᠢᠨ ᠣᠯᠬᠤ ᠶᠢᠨ ᠬᠠᠮᠲᠤ᠂ ᠬᠠᠷ᠎ᠠ ᠭᠤᠣᠯ ᠤᠨ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠴᠢᠬᠤᠯᠠ ᠶᠡᠭᠡ ᠲᠥᠷᠥᠯ ᠵᠦᠢᠯ ᠢ ᠡᠷᠲᠡᠬᠡᠨ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠤᠰᠤᠨ ᠤ ᠠᠮᠤᠷ ᠲᠦᠪᠰᠢᠨ ᠢ ᠪᠠᠲᠤᠯᠠᠬᠤ᠂ | ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ᠂ ᠤᠰᠤᠨ ᠤ ᠠᠮᠢ ᠠᠬᠤᠢ ᠶᠢ ᠢᠯᠡᠳᠲᠡ | ᠰᠠᠶᠢᠵᠢᠷᠠᠭᠤᠯᠬᠤ᠂ ᠤᠰᠤᠨ ᠤ ᠣᠷᠴᠢᠨ ᠲᠣᠭᠤᠷᠢᠨ ᠢ ᠪᠦᠲᠦᠮᠵᠢᠲᠡᠶ ᠵᠠᠰᠠᠬᠤ ᠠᠵᠢᠯ ᠢ ᠡᠷᠴᠢᠮᠵᠢᠭᠦᠯᠦᠨ ᠤᠰᠤ | ᠠᠷᠪᠢᠯᠠᠬᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠨ᠎ᠠ ᠭᠡᠵᠦ ᠪᠠᠶᠢᠯ᠎ᠠ᠃ | | | |