ᠤᠯᠠᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠪᠢᠴᠢᠯ ᠴᠠᠬᠢᠯᠭᠠᠨ ᠲᠤᠤᠷ ᠤᠨ ᠵᠢᠱᠢᠶ᠎ᠡ ᠦᠵᠡᠬᠦᠯᠬᠦ ᠲᠦᠷᠦᠯ ᠵᠦᠢᠯ ᠡᠵᠡᠨ᠎ᠡ ᠬᠤᠰᠢᠭᠤᠨ ᠳᠤ ᠪᠠᠷᠢᠯᠭ᠎ᠠ ᠶᠢᠨ ᠠᠵᠢᠯ ᠢᠶᠠᠨ ᠡᠬᠢᠯᠡᠬᠦᠯᠪᠡ
ᠨᠡᠶᠢᠲᠡᠯᠡᠭᠰᠡᠨ ᠴᠠᠭ᠄
2022/10/24
      ᠤᠶᠢᠷ᠎ᠠ ᠶᠢᠨ ᠡᠳᠤᠷ᠂ ᠦᠪᠤᠷ ᠮᠤᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠠᠩᠬᠠᠳᠠᠭᠴᠢ       ︽ᠴᠠᠬᠢᠯᠭᠠᠨ ᠡᠭᠦᠰᠭᠡᠭᠦᠷ᠂ ᠴᠠᠬᠢᠯᠭᠠᠨ ᠲᠤᠤᠷ᠂ ᠠᠴᠢᠶ᠎ᠠ᠂ ᠡᠨᠧᠷᠬᠢ ᠬᠠᠳᠠᠭᠠᠯᠠᠬᠤ︾᠎ ᠶᠢ ᠨᠢᠭᠡ ᠴᠤᠭᠴᠠᠵᠢᠭᠤᠯᠤᠭᠰᠠᠨ ᠪᠢᠴᠢᠯ ᠴᠠᠬᠢᠯᠭᠠᠨ ᠲᠤᠤᠷ ᠤᠨ ᠵᠢᠱᠢᠶ᠎ᠡ ᠦᠵᠡᠬᠦᠯᠬᠦ ᠲᠦᠷᠦᠯ ᠵᠦᠢᠯ ᠡᠵᠡᠨ᠎ᠡ       ᠬᠤᠰᠢᠭᠤᠨ ᠳᠤ ᠵᠢᠩᠭᠢᠨᠢ ᠪᠠᠷ ᠪᠠᠷᠢᠯᠭ᠎ᠠ ᠶᠢᠨ ᠠᠵᠢᠯ ᠢᠶᠠᠨ ᠡᠬᠢᠯᠡᠬᠦᠯᠪᠡ᠃       ᠲᠤᠰ ᠲᠦᠷᠦᠯ ᠵᠦᠢᠯ ᠪᠤᠯ ᠤᠯᠤᠰ ᠤᠨ ᠲᠤᠳᠤᠭᠠᠳᠤ ᠶᠢᠨ ᠠᠩᠬᠠᠳᠠᠭᠴᠢ ᠪᠡᠶ᠎ᠡ ᠪᠠᠨ ᠲᠠᠭᠠᠭᠠᠵᠤ ᠠᠵᠢᠯᠯᠠᠬᠤ ᠴᠢᠳᠠᠪᠤᠷᠢ ᠲᠠᠢ ᠂ ᠤᠬᠤᠷ ᠬᠡᠯᠬᠢᠶᠡᠨ ᠤ ᠪᠠᠭᠳᠠᠭᠠᠮᠵᠢ ᠪᠠᠷ ᠲᠤᠤᠷ᠎ᠠ᠂ ᠨᠠᠷᠮᠠᠢ ᠴᠠᠬᠢᠯᠭᠠᠨ       ᠬᠦᠴᠦᠳᠡᠯ ᠤᠨ ᠲᠡᠰ ᠲᠠᠢ᠂ ᠬᠠᠮᠤᠷᠬᠤ ᠬᠡᠪᠴᠢᠶ᠎ᠡ ᠪᠠᠷ ᠦᠷᠭᠡᠨ ︽ᠴᠠᠬᠢᠯᠭᠠᠨ ᠡᠭᠦᠰᠭᠡᠭᠦᠷ᠂ ᠴᠠᠬᠢᠯᠭᠠᠨ ᠲᠤᠤᠷ᠂ ᠠᠴᠢᠶ᠎ᠠ᠂ ᠡᠨᠧᠷᠬᠢ ᠬᠠᠳᠠᠭᠠᠯᠠᠬᠤ︾᠎ ᠶᠢ ᠨᠢᠭᠡ ᠴᠤᠭᠴᠠᠵᠢᠭᠤᠯᠤᠭᠰᠠᠨ ᠨᠢᠭᠡ ᠵᠦᠢᠯ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠪᠤᠯᠤᠨ᠎ᠠ᠃ ᠲᠤᠰ ᠲᠦᠷᠦᠯ ᠵᠦᠢᠯ ᠨᠢ ᠤᠯᠠᠨ ᠵᠦᠢᠯ ᠤᠨ ᠲᠡᠷᠢᠭᠦᠨ ᠤ ᠮᠡᠷᠭᠡᠵᠢᠯ ᠢ ᠬᠡᠷᠡᠭᠯᠡᠵᠤ᠂ ᠲᠤᠤᠷ ᠲᠤ ᠨᠡᠶᠢᠯᠡᠬᠦᠯᠦᠨ ᠠᠵᠢᠯᠯᠠᠭᠤᠯᠵᠤ ᠪᠤᠯᠬᠤ ᠮᠦᠷᠳᠡᠭᠡᠨ ᠲᠤᠰᠠᠭᠠᠷ ᠠᠵᠢᠯᠯᠠᠭᠤᠯᠵᠤ ᠪᠤᠯᠬᠤ ᠤᠷᠤᠨ ᠪᠦᠰᠡ ᠶᠢᠨ ᠬᠡᠯᠪᠡᠷᠢ ᠶᠢᠨ ᠴᠠᠬᠢᠯᠭᠠᠨ ᠲᠤᠤᠷ ᠢ ᠪᠠᠶᠢᠭᠤᠯᠬᠤ ᠪᠤᠯᠤᠨ᠎ᠠ᠃      ︽ᠴᠠᠬᠢᠯᠭᠠᠨ ᠡᠭᠦᠰᠭᠡᠭᠦᠷ᠂ ᠴᠠᠬᠢᠯᠭᠠᠨ ᠲᠤᠤᠷ᠂ ᠠᠴᠢᠶ᠎ᠠ᠂ ᠡᠨᠧᠷᠬᠢ ᠬᠠᠳᠠᠭᠠᠯᠠᠬᠤ︾᠎ ᠶᠢ ᠨᠢᠭᠡ ᠴᠤᠭᠴᠠᠵᠢᠭᠤᠯᠤᠭᠰᠠᠨ ᠪᠢᠴᠢᠯ ᠴᠠᠬᠢᠯᠭᠠᠨ ᠲᠤᠤᠷ ᠤᠨ ᠵᠢᠱᠢᠶ᠎ᠡ ᠦᠵᠡᠬᠦᠯᠬᠦ ᠲᠦᠷᠦᠯ ᠵᠦᠢᠯ ᠨᠢ ᠲᠠᠯᠠᠶᠢᠬᠦ᠋ᠪ ᠪᠠᠯᠭᠠᠰᠤᠨ ᠤ ᠰᠤᠪᠨᠠᠭᠤᠷ ᠤᠨ ᠬᠤᠶᠢᠳᠤ ᠵᠠᠮ ᠤᠨ ᠪᠠᠷᠠᠭᠤᠨ ᠲᠠᠯ᠎ᠠ ᠳᠤ ᠪᠠᠶᠢᠷᠢᠯᠠᠵᠤ᠂ ᠲᠤᠰ ᠲᠦᠷᠦᠯ ᠵᠦᠢᠯ ᠳᠤ ᠨᠢᠭᠡ ᠰᠠᠭᠤᠷᠢ ᠡᠨᠧᠷᠬᠢ ᠬᠠᠳᠠᠭᠠᠯᠠᠬᠤ ᠴᠠᠬᠢᠯᠭᠠᠨ ᠦᠷᠳᠡᠭᠡ ᠶᠢ ᠰᠢᠨ᠎ᠡ ᠪᠠᠷ ᠪᠠᠶᠢᠭᠤᠯᠤᠨ᠂ 10 ᠺᠢᠯᠤᠸᠤᠯᠲ ᠶᠢᠨ ᠲᠠᠯ᠎ᠠ ᠳᠤ ᠴᠠᠬᠢᠯᠭᠠᠨ ᠲᠤᠤᠷ ᠤᠨ ᠬᠤᠤᠰ ᠪᠤᠴᠠᠯᠳᠠ ᠲᠠᠢ ᠵᠡᠷᠭᠡᠪᠡᠷ ᠠᠵᠢᠯᠯᠠᠭᠤᠯᠬᠤ ᠪᠠᠷ ᠪᠤᠢ᠃ ᠲᠦᠷᠦᠯ       ᠵᠦᠢᠯ ᠎ ᠢ ᠪᠠᠶᠢᠭᠤᠯᠤᠭᠰᠠᠨ ᠤ ᠲᠠᠷᠠᠭ᠎ᠠ᠂ ︽ᠰᠠᠯᠬᠢ᠂ ᠭᠡᠷᠡᠯ᠂ ᠲᠦᠯᠡᠰᠢ᠂ ᠬᠠᠳᠠᠭᠠᠯᠠᠭᠳᠠᠴᠠ︾᠎ ᠶᠢ ᠬᠠᠮᠳᠤᠪᠡᠷ ᠠᠵᠢᠯᠯᠠᠭᠤᠯᠬᠤ ᠶᠢ ᠪᠡᠶᠡᠯᠡᠬᠦᠯᠵᠤ᠂ ᠲᠠᠷᠬᠠᠮᠠᠯ ᠬᠡᠯᠪᠡᠷᠢ ᠶᠢᠨ ᠰᠢᠨ᠎ᠡ ᠡᠨᠧᠷᠬᠢ᠂ ᠪᠢᠴᠢᠯ ᠴᠠᠬᠢᠯᠭᠠᠨ ᠲᠤᠤᠷ ᠪᠠ ᠲᠤᠮᠤ ᠴᠠᠬᠢᠯᠭᠠᠨ ᠲᠤᠤᠷ ᠤᠨ ᠠᠭᠤᠰᠤᠯᠴᠠᠨ ᠬᠦᠭᠵᠢᠬᠦ ᠶᠢ ᠠᠬᠢᠭᠤᠯᠬᠤ ᠪᠤᠯᠤᠨ᠎ᠠ᠃ ᠮᠦᠨᠴᠤ ᠲᠤᠮᠤ ᠴᠠᠬᠢᠯᠭᠠᠨ       ᠲᠤᠤᠷ ᠲᠤ ᠲᠦᠰᠢᠭᠯᠡᠬᠦ ᠶᠢ ᠪᠠᠭᠠᠰᠬᠠᠵᠤ᠂ ᠴᠠᠬᠢᠯᠭᠠᠨ ᠲᠤᠤᠷ ᠤᠨ ᠬᠤᠭᠤᠷᠤᠨᠳᠤ ᠪᠠᠨ ᠬᠠᠷᠢᠯᠴᠠᠨ ᠪᠡᠯᠡᠳᠬᠡᠬᠦ ᠶᠢ ᠪᠤᠢ ᠪᠤᠯᠭᠠᠨ᠂ ᠪᠤᠶᠢᠳᠠ ᠪᠦᠭᠯᠡᠬᠦᠤ ᠭᠠᠵᠠᠷ ᠤᠷᠤᠨ ᠤ ᠨᠠᠶᠢᠳᠠᠪᠤᠷᠢᠳᠤ ᠴᠢᠨᠠᠷ ᠢᠶᠠᠷ ᠲᠤᠤᠷ᠎ᠠ ᠪᠠᠶᠢᠬᠤ ᠠᠰᠠᠭᠤᠳᠠᠯ ᠢ ᠪᠦᠳᠦᠮᠵᠢᠲᠠᠢ ᠰᠢᠢᠳᠪᠤᠷᠢᠯᠡᠨ᠎ᠡ᠃ ᠲᠤᠰ ᠲᠦᠷᠦᠯ ᠵᠦᠢᠯ ᠨᠢ ︽ᠴᠠᠬᠢᠯᠭᠠᠨ ᠡᠭᠦᠰᠭᠡᠭᠦᠷ᠂ ᠴᠠᠬᠢᠯᠭᠠᠨ ᠲᠤᠤᠷ᠂ ᠠᠴᠢᠶ᠎ᠠ᠂ ᠡᠨᠧᠷᠬᠢ ᠬᠠᠳᠠᠭᠠᠯᠠᠬᠤ︾᠎ ᠶᠢ ᠲᠡᠭᠡᠳᠤ ᠬᠡᠮᠵᠢᠶ᠎ᠡ ᠪᠠᠷ ᠠᠭᠤᠰᠤᠯᠴᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠬᠦᠭᠵᠢᠯᠳᠡ ᠶᠢᠨ ᠠᠷᠭ᠎ᠠ ᠵᠠᠮ ᠢ ᠰᠦᠪᠡᠭᠴᠢᠯᠡᠨ ᠪᠠᠶᠢᠭᠤᠯᠬᠤ ᠳᠤ ᠰᠠᠭᠤᠷᠢᠯᠠᠵᠤ᠂ ᠤᠯᠠᠨ ᠵᠦᠢᠯ ᠤᠨ ᠵᠢᠱᠢᠶ᠎ᠡ ᠦᠵᠡᠬᠦᠯᠬᠦ ᠠᠴᠢ ᠬᠤᠯᠪᠤᠭᠳᠠᠯ ᠲᠠᠢ ᠶᠤᠮ᠃ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠠᠵᠤ ᠠᠬᠤᠢ ᠶᠢᠨ ᠬᠦᠭᠵᠢᠯᠳᠡ ᠶᠢᠨ ᠰᠢᠨ᠎ᠡ ᠪᠠᠶᠢᠳᠠᠯ ᠪᠠ ᠠᠵᠢᠯ ᠲᠦᠷᠦᠯ ᠤᠨ ᠬᠦᠭᠵᠢᠯᠳᠡ ᠶᠢᠨ ᠰᠢᠨ᠎ᠡ ᠤᠨᠴᠠᠯᠢᠭ ᠲᠤ ᠰᠠᠨᠠᠭᠠᠴᠢᠯᠠᠭ᠎ᠠ ᠠᠴᠠ ᠪᠠᠨ ᠵᠤᠬᠢᠴᠠᠬᠤ᠂ ᠡᠨᠧᠷᠬᠢ ᠶᠢᠨ ᠪᠦᠳᠦᠴᠡ ᠶᠢᠨ ᠬᠡᠯᠪᠡᠷᠢ ᠶᠢ ᠬᠤᠪᠢᠷᠠᠭᠤᠯᠬᠤ ᠪᠠ ᠴᠠᠬᠢᠯᠭᠠᠨ ᠲᠤᠤᠷ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ᠂ ︽ᠬᠤᠤᠰ ᠨᠡᠭᠦᠷᠡᠰᠦᠳᠦ᠋ᠷᠦᠭᠴᠢ︾᠎ ᠶᠢᠨ ᠬᠠᠷᠠᠯᠳᠠ ᠶᠢ ᠪᠡᠶᠡᠯᠡᠬᠦᠯᠬᠦ ᠵᠢᠴᠢ ᠬᠢᠯᠢ ᠬᠢᠵᠠᠭᠠᠷ ᠤᠨ ᠦᠨᠳᠤᠰᠤᠳᠡᠨ ᠤ ᠭᠠᠵᠠᠷ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠪᠠᠳᠤ ᠴᠢᠩᠭ᠎ᠠ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠬᠤ ᠪᠤᠯᠤᠨ᠎ᠠ᠃      ᠡᠵᠡᠨ᠎ᠡ ᠴᠠᠬᠢᠯᠭᠠᠨ ᠬᠠᠩᠭᠠᠬᠤ ᠺᠤᠮᠫᠠᠨᠢ ᠶᠢᠨ ᠲᠡᠳ᠋ ᠲᠠᠭᠠᠭᠠᠮᠠᠯ ᠶᠠᠩ ᠰᠢᠤᠸᠠᠢ ᠯᠢᠨ᠄ ᠲᠤᠰ ᠲᠦᠷᠦᠯ       ᠵᠦᠢᠯ ᠢ ᠲᠦᠯᠦᠪᠯᠡᠭᠡ ᠶᠤᠰᠤᠭᠠᠷ ᠲᠤᠭᠳᠠᠭᠤᠨ ᠢᠶᠠᠷ ᠠᠬᠢᠭᠤᠯᠵᠤ ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠰᠠᠶᠢᠳᠤᠷ ᠬᠢᠵᠤ᠂ ᠪᠠᠷᠢᠯᠭ᠎ᠠ ᠶᠢᠨ ᠠᠬᠢᠴᠠ ᠶᠢᠨ ᠬᠠᠮᠢᠶᠠᠷᠤᠯᠳᠠ ᠶᠢ ᠡᠮᠬᠢ ᠵᠢᠷᠤᠮ ᠲᠠᠢ ᠠᠬᠢᠭᠤᠯᠤᠨ᠂ ᠪᠦᠳᠦᠭᠡᠨ ᠪᠠᠶᠢᠭᠤᠯᠤᠯᠳᠠ ᠶᠢᠨ ᠡᠭᠦᠷᠭᠡ ᠪᠠᠨ ᠴᠢᠨᠠᠷ ᠰᠠᠶᠢᠳᠠᠢ ᠪᠡᠶᠡᠯᠡᠬᠦᠯᠦᠨ᠎ᠡ ᠭᠡᠵᠦ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号