ᠠᠲᠠᠯ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢᠨ ᠮᠦᠩᠭᠦ  ᠵᠢᠵᠢᠭ ᠠᠵᠤ ᠠᠬᠤᠶᠢᠯᠠᠯ ᠪᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠭᠵᠢᠯᠲᠡ ᠶᠢ ᠠᠮᠢᠯᠠᠯ ᠶᠢᠨ ᠬᠥᠴᠥᠨ ᠲᠠᠢ ᠪᠣᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2022/10/24
      ᠮᠠᠨ ᠤ ᠬᠤᠰᠢᠭᠤ ᠠᠲᠠᠯ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠰᠢᠨ᠎ᠡ ᠶᠢ ᠡᠭᠦᠳᠴᠦ᠂ ᠲᠤᠬᠠᠶᠢᠯᠠᠭᠰᠠᠨ ᠠᠵᠢᠯ ᠤᠨ ᠭᠦᠢᠴᠡᠳᠭᠡᠯ ᠢ ᠳᠦᠷᠢᠮᠵᠢᠭᠦᠯᠬᠦ᠂ ᠬᠠᠮᠢᠶᠠᠷᠤᠯᠲᠠ ᠶᠢᠨ ᠠᠵᠢᠯᠯᠠᠭ᠎ᠠ ᠶᠢ ᠳᠦᠷᠢᠮᠵᠢᠭᠦᠯᠬᠦ᠂ ᠴᠢᠨᠠᠷ ᠰᠠᠶᠢᠲᠠᠢ ᠦᠢᠯᠡᠴᠢᠯᠡᠭᠡ ᠶᠢ  ᠳᠦᠭᠦᠮᠴᠢᠯᠡᠬᠦ ᠠᠵᠢᠯ ᠤᠨ ᠵᠠᠭᠪᠤᠷ ᠢ ᠪᠦᠷᠢᠯᠳᠡᠭᠦᠯᠵᠦ᠂ ᠵᠢᠵᠢᠭ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠭᠵᠢᠯᠲᠡ ᠶᠢ ᠪᠦᠬᠦ ᠬᠦᠴᠦ ᠪᠠᠷ ᠳᠡᠮᠵᠢᠨ᠂ ᠠᠳᠠᠯ ᠦᠢᠯᠡᠰ ᠪᠤᠰᠬᠠᠭᠰᠠᠳ ᠲᠤ ᠮᠦᠩᠭᠦᠨ ᠭᠦᠯᠭᠡᠭᠡᠨ ᠤ ᠬᠦᠴᠦᠨ ᠢ ᠨᠡᠮᠡᠷᠢᠯᠡᠨ᠎ᠡ᠃      ᠶᠠᠩ ᠯᠢᠩ ᠨᠢᠭᠡᠨ ᠨᠤᠲᠤᠭ ᠤᠨ ᠤᠨᠴᠠ ᠭᠠᠷᠤᠯᠲᠠ ᠶᠢᠨ ᠺᠤᠮᠫᠠᠨᠢ ᠶᠢ ᠡᠵᠡᠩᠨᠡᠵᠦ᠂ ᠰᠦᠯᠵᠢᠶᠡᠨ       ᠳᠡᠭᠡᠷ᠎ᠡ ᠪᠠ ᠳᠡᠯᠭᠡᠭᠦᠷ ᠲᠤ ᠡᠵᠡᠩᠨᠡᠨ ᠪᠣᠷᠣᠯᠠᠭᠤᠯᠬᠤ ᠬᠡᠯᠪᠡᠷᠢ ᠪᠠᠷ ᠬᠦᠭᠵᠢᠯᠲᠡ ᠪᠠᠨ ᠲᠥᠷᠭᠡᠳᠬᠡᠵᠤ᠂ ᠡᠨᠡ ᠵᠢᠯ ᠲᠡᠷᠡ ᠪᠠᠰᠠ ᠨᠢᠭᠡᠨ ᠲᠤᠰᠤᠨ ᠭᠤᠶᠤᠤ ᠪᠣᠯᠪᠠᠰᠤᠷᠠᠭᠤᠯᠬᠤ ᠥᠢᠯᠡᠳᠪᠥᠷᠢ ᠡᠷᠬᠢᠯᠡᠵᠤ᠂ ᠠᠵᠤ ᠦᠢᠯᠡᠰ ᠤᠨ       ᠬᠡᠯᠬᠢᠶ᠎ᠡ ᠶᠢ ᠤᠯᠠᠮ ᠤᠷᠲᠤᠳᠬᠠᠬᠤ ᠪᠠᠷ ᠲᠥᠯᠥᠪᠯᠡᠵᠤ ᠪᠠᠶᠢᠪᠠ᠃ ᠶᠠᠭ ᠡᠨᠡ ᠥᠶ᠎ᠡ ᠳᠤ ᠲᠡᠷᠡ ᠮᠠᠨᠢ ᠮᠠᠨ ᠤ ᠬᠤᠰᠢᠭᠤᠨ ᠤ ᠠᠳᠠᠯ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠬᠡᠷᠡᠭᠵᠢᠭᠦᠯᠵᠤ ᠪᠠᠶᠢᠭ᠎ᠠ ᠰᠠᠶᠢᠬᠠᠨ ᠴᠢᠮᠡᠭᠡ ᠶᠢ ᠤᠯᠵᠤ ᠰᠤᠨᠤᠰᠤᠭᠠᠳ ᠳᠠᠷᠤᠢ ᠲᠦᠷᠭᠡᠨ ᠬᠤᠰᠢᠭᠤᠨ ᠤ ᠠᠵᠢᠯ ᠤᠯᠭᠤᠬᠤ ᠦᠢᠯᠡᠴᠢᠯᠡᠭᠡᠨ ᠤ ᠲᠦᠪ ᠲᠤ ᠭᠤᠶᠤᠴᠢᠯᠠᠯᠲᠠ ᠶᠢᠨ ᠮᠠᠲ᠋ᠧᠷᠢᠶᠠᠯ ᠲᠤᠰᠢᠶᠠᠵᠤ᠂ ᠲᠡᠮᠡᠢ ᠤᠳᠠᠯ ᠦᠭᠡᠢ ᠬᠤᠰᠢᠭᠤᠨ ᠤ ᠠᠵᠢᠯ ᠤᠯᠭᠤᠬᠤ ᠦᠢᠯᠡᠴᠢᠯᠡᠭᠡᠨ ᠤ ᠲᠦᠪ ᠠᠴᠠ ᠲᠡᠭᠦᠨ ᠳᠤ 300 ᠲᠦᠮᠡᠨ ᠲᠦᠭᠦᠷᠢᠭ ᠤᠨ ᠠᠳᠠᠯ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢ ᠤᠯᠭᠤᠨ ᠥᠭᠴᠤ᠂ ᠶᠠᠩ ᠯᠢᠩ ᠤᠨ ᠲᠤᠰᠤᠨ ᠭᠤᠶᠤᠤ ᠪᠤᠯᠪᠠᠰᠤᠷᠠᠭᠤᠯᠬᠤ ᠥᠢᠯᠡᠳᠪᠥᠷᠢ ᠡᠷᠬᠢᠯᠡᠬᠦ ᠳᠤᠨᠢ ᠪᠡᠯᠡ ᠮᠦᠩᠭᠦ ᠶᠢᠨ ᠪᠠᠲᠤᠯᠠᠭ᠎ᠠ ᠶᠢ ᠬᠠᠩᠭᠠᠪᠠ᠃      ᠦᠪᠦᠷ ᠮᠤᠩᠭᠤᠯ ᠤᠨ ᠮᠢᠩ ᠺᠧ ᠤᠨᠴᠠ ᠭᠠᠷᠤᠯᠲᠠ ᠶᠢᠨ ᠬᠢᠵᠠᠭᠠᠷᠲᠦ ᠺᠤᠮᠫᠠᠨᠢ ᠶᠢᠨ ᠳᠠᠭᠠᠭᠠᠮᠠᠯ ᠶᠠᠩ       ᠯᠢᠩ᠄ ︽ᠪᠢᠳᠠ ᠠᠵᠢᠯ ᠤᠯᠭᠤᠬᠤ ᠬᠡᠯᠲᠡᠰ ᠲᠤ ᠠᠵᠢᠯ ᠤᠯᠬᠤ ᠵᠢᠭᠡᠯᠡᠯᠭᠡ ᠶᠢᠨ ᠭᠤᠶᠤᠴᠢᠯᠠᠯᠲᠠ ᠬᠢᠭᠰᠡᠨ᠂ ᠡᠨᠡ ᠵᠢᠭᠡᠯᠡᠯᠭᠡ ᠶᠢᠨ ᠭᠠᠷ ᠭᠦᠢᠴᠡᠳᠭᠡᠯ ᠨᠢ ᠳᠦᠭᠦᠮ ᠮᠦᠷᠲᠡᠭᠡᠨ ᠶᠡᠭᠡ ᠲᠦᠷᠭᠡᠨ᠂ ᠬᠤᠶᠠᠷ ᠭᠠᠷᠠᠭ ᠭᠠᠷᠤᠢ ᠶᠢᠨ ᠬᠤᠭᠤᠴᠠᠭᠠᠨ ᠳᠤ ᠵᠢᠭᠡᠯᠡᠯᠭᠡ ᠪᠠᠭᠤᠵᠤ ᠢᠷᠡᠭᠰᠡᠨ᠂ ᠮᠠᠨ ᠤ ᠠᠵᠤ ᠠᠬᠤᠶᠢᠯᠠᠯ ᠳᠤ ᠠᠪᠴᠦ ᠬᠡᠯᠡᠪᠡᠯ ᠲᠤᠩ ᠶᠡᠭᠡ ᠳᠡᠮᠵᠢᠯᠭᠡ ᠪᠤᠯᠤᠭᠰᠠᠨ ᠭᠡᠵᠦ ᠪᠠᠶᠢᠯ᠎ᠠ᠃      ᠠᠳᠠᠯ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢᠨ ᠪᠡᠯᠡ ᠮᠦᠩᠭᠦ ᠶᠢᠨ ᠲᠤᠯᠭᠠᠭᠤᠷᠢ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠭᠡ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ᠂ ᠨᠤᠲᠤᠭ ᠪᠤᠴᠠᠭᠰᠠᠨ ᠬᠦᠯᠦᠰᠦᠨ ᠠᠵᠢᠯᠴᠢᠨ ᠵᠡᠷᠭᠡ ᠭᠤᠤᠯᠳᠠᠯᠭᠠᠲᠦ ᠤᠯᠠᠨ ᠲᠦᠮᠡᠨ ᠤ ᠠᠳᠠᠯ ᠦᠢᠯᠡᠰ ᠪᠤᠰᠬᠠᠬᠤ ᠳᠤ ᠨᠡᠩ ᠰᠠᠶᠢᠨ       ᠥᠢᠯᠡᠴᠢᠯᠡᠬᠦ ᠶᠢᠨ ᠲᠤᠰᠠᠲᠠ᠂ ᠡᠨᠡ ᠵᠢᠯ ᠠᠴᠠ ᠨᠠᠰᠢ᠂ ᠮᠠᠨ ᠤ ᠬᠤᠰᠢᠭᠤ ᠠᠳᠠᠯ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢᠨ ᠪᠡᠯᠡ ᠮᠦᠩᠭᠦ ᠶᠢ ᠲᠠᠷᠬᠠᠭᠠᠬᠤ ᠠᠬᠢᠴᠠ ᠶᠢ ᠤᠯᠠᠮ ᠲᠦᠷᠭᠡᠳᠭᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠤᠯᠠᠨ ᠲᠦᠮᠡᠨ ᠤ ᠭᠠᠷ ᠭᠦᠢᠴᠡᠳᠭᠡᠯ ᠤᠨ ᠴᠠᠭ ᠢ ᠠᠷᠪᠢᠯᠠᠵᠤ᠂ ᠬᠠᠮᠤᠭ ᠶᠡᠭᠡ ᠬᠡᠮᠵᠢᠶ᠎ᠡ ᠪᠠᠷ ᠠᠳᠠᠯ ᠦᠢᠯᠡᠰ ᠪᠤᠰᠬᠠᠭᠴᠢᠳ ᠤᠨ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠪᠡᠯᠡ ᠮᠥᠩᠭᠦᠨ ᠤ ᠬᠦᠴᠢᠷᠳᠠᠯ ᠪᠠ ᠠᠰᠠᠭᠤᠳᠠᠯ ᠢ ᠰᠡᠶᠢᠳᠪᠥᠷᠢᠯᠡᠨ ᠥᠭᠭᠦᠭᠰᠡᠨ ᠪᠠᠶᠢᠨ᠎ᠠ ᠃      ᠬᠤᠰᠢᠭᠤᠨ ᠤ ᠠᠵᠢᠯ ᠤᠯᠭᠤᠬᠤ ᠦᠢᠯᠡᠴᠢᠯᠡᠭᠡᠨ ᠤ ᠲᠦᠪ ᠤᠨ ᠡᠷᠬᠢᠯᠡᠭᠴᠢ ᠯᠢ ᠯᠢ᠄ ︽ᠠᠳᠠᠯ ᠦᠢᠯᠡᠰ ᠪᠤᠰᠬᠠᠬᠤ ᠪᠠᠲᠤᠯᠭᠠᠲᠤ ᠵᠢᠭᠡᠯᠡᠯᠭᠡ ᠶᠢᠨ ᠠᠵᠢᠯ ᠢ  ᠦᠷᠭᠦᠯᠵᠢᠯᠡᠨ ᠰᠠᠶᠢᠲᠦᠷ ᠠᠳᠬᠤᠵᠤ᠂ ᠲᠦᠷᠦ ᠶᠢᠨ       ᠪᠤᠳᠤᠯᠭ᠎ᠠ ᠶᠢᠨ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠭᠦᠯᠥᠨ᠂ ᠭᠠᠷᠳᠠᠮ ᠭᠦᠢᠴᠡᠳᠭᠡᠯ ᠤᠨ ᠶᠠᠪᠤᠴᠠ ᠶᠢ ᠳᠦᠭᠦᠮᠴᠢᠯᠡᠵᠦ᠂  ᠨᠦᠭᠦᠴᠡᠯ ᠳᠤ ᠲᠤᠬᠢᠷᠠᠭᠰᠠᠨ ᠦᠢᠯᠡᠰ ᠪᠤᠰᠬᠠᠭᠴᠢ ᠳᠤ ᠤᠯᠭᠤᠵᠤ ᠪᠤᠯᠬᠤ ᠵᠢᠭᠡᠯᠡᠯᠭᠡ ᠶᠢ ᠪᠦᠬᠦᠨ ᠢ ᠣᠯᠭᠤᠵᠣ᠂ ᠨᠡᠩ ᠤᠯᠠᠨ ᠬᠦᠮᠦᠨ ᠢ ᠳᠠᠶᠢᠴᠢᠯᠠᠨ ᠠᠳᠠᠯ ᠦᠢᠯᠡᠰ ᠪᠤᠰᠬᠠᠬᠤ ᠶᠢ ᠪᠤᠳᠠᠲᠠᠶᠢᠵᠢᠭᠤᠯᠤᠨ᠎ᠠ︾ ᠭᠡᠵᠦ ᠪᠠᠶᠢᠯ᠎ᠠ᠃      ᠤᠳᠤ ᠪᠤᠯᠲᠠᠯ᠎ᠠ᠂ ᠠᠳᠠᠯ ᠦᠢᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠶᠢᠨ ᠪᠡᠯᠡ ᠮᠦᠩᠭᠦ ᠨᠡᠶᠢᠲᠡ 1389 ᠲᠦᠮᠡᠨ ᠲᠦᠭᠦᠷᠢᠭ ᠢ ᠲᠠᠷᠬᠠᠭᠠᠨ ᠥᠭᠴᠤ᠂ ᠡᠭᠦᠨ ᠳᠤ ᠪᠠᠭ᠎ᠠ ᠠᠵᠤ ᠠᠬᠤᠶᠢᠯᠠᠯ ᠶᠢᠨ ᠵᠢᠭᠡᠯᠡᠯᠭᠡ ᠶᠢ ᠨᠢᠭᠡ ᠬᠤᠪᠢ 300 ᠲᠦᠮᠡᠨ ᠲᠦᠭᠦᠷᠢᠭ᠂ ᠬᠤᠪᠢ ᠬᠦᠮᠦᠨ ᠤ ᠵᠢᠭᠡᠯᠡᠯᠭᠡ ᠶᠢ 62 ᠬᠤᠪᠢ 1089 ᠲᠦᠮᠡᠨ ᠲᠦᠭᠦᠷᠢᠭ ᠲᠠᠷᠬᠠᠭᠠᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号