ᠮᠠᠨ ᠤ ᠬᠤᠰᠢᠭᠤᠨ ᠤ ᠨᠠᠮ ᠤᠨ ᠭᠡᠰᠢᠭᠦᠨ ᠤᠯᠠᠨ ᠲᠦᠮᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠡᠭᠦᠰᠬᠦ ᠬᠤᠷᠠᠯ ᠢ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2022/10/25
      10 ᠳ᠋ᠤᠭᠠᠷ ᠰᠠᠷ᠎ᠠ ᠶᠢᠨ 22᠎ ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠳᠠ ᠲᠠᠢ       ᠲᠡᠭᠦᠰᠴᠤ᠂ ᠮᠠᠨ ᠤ ᠬᠤᠰᠢᠭᠤᠨ ᠤ ᠡᠯ᠎ᠡ ᠠᠵᠢᠯ ᠤᠨ ᠹᠷᠤᠨᠲ ᠲᠡᠭᠡᠷᠡᠬᠢ ᠨᠠᠮ ᠤᠨ ᠭᠡᠰᠢᠭᠦᠨ ᠤᠯᠠᠨ ᠲᠦᠮᠡᠨ ᠮᠠᠨᠢ ᠰᠠᠨᠠᠭᠠᠴᠢᠯᠭ᠎ᠠ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠲᠡᠭᠦᠰᠬᠦ  ᠬᠤᠷᠠᠯ ᠢ ᠬᠦᠯᠢᠶᠡᠨ ᠠᠪᠴᠤ ᠥᠵᠡᠬᠦ ᠶᠢᠨ ᠬᠠᠮᠲᠤ ᠤᠯᠠᠨ ᠢᠶᠠᠷ ᠢᠶᠠᠨ ᠰᠢᠨ᠎ᠡ ᠡᠬᠢᠯᠡᠯᠲᠡ ᠶᠢᠨ ᠴᠡᠭ᠂ ᠰᠢᠨ᠎ᠡ ᠠᠶᠠᠨ ᠤ ᠵᠠᠮ ᠲᠠᠭᠠᠨ ᠢᠲᠡᠭᠡᠯ ᠵᠤᠷᠢᠭ ᠢᠶᠠᠨ ᠪᠠᠳᠤᠳᠬᠠᠵᠤ᠂ ᠨᠢᠭᠡ ᠰᠡᠳᠬᠢᠯ ᠨᠢᠭᠡ ᠵᠤᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠨ ᠡᠷᠡᠯᠬᠡᠭᠯᠡᠨ ᠤᠷᠤᠭᠰᠢᠯᠠᠵᠤ᠂ ᠨᠡᠩ ᠶᠡᠭᠡ ᠬᠠᠷᠢᠭᠤᠴᠠᠯᠭ᠎ᠠ ᠡᠭᠦᠷᠭᠡᠯᠡᠯ ᠢᠶᠠᠷ ᠦᠵᠡᠰᠭᠦᠯᠡᠩᠲᠦ ᠰᠠᠶᠢᠬᠠᠨ ᠭᠡᠷ ᠤᠷᠤᠨ ᠢᠶᠠᠨ  ᠪᠦᠲᠦᠭᠡᠨ ᠪᠠᠶᠢᠭᠤᠯᠬᠤ ᠪᠠᠷ ᠴᠢᠷᠮᠠᠶᠢᠨ ᠲᠡᠮᠡᠴᠡᠨ᠎ᠡ ᠭᠡᠵᠤ ᠣᠪᠣᠷ ᠢᠶᠠᠨ ᠢᠯᠡᠷᠭᠡᠶᠢᠯᠡᠴᠡᠭᠡᠨ᠎ᠡ᠃      ᠰᠠᠶᠢᠬᠠᠨᠲᠤᠤᠷᠢ ᠬᠢᠯᠢ ᠶᠢᠨ ᠲᠤᠮᠢᠯᠠᠭᠰᠠᠨ ᠰᠠᠯᠪᠤᠷᠢ ᠶᠢᠨ ᠪᠦᠬᠦ ᠠᠷᠠᠳ ᠤᠨ ᠴᠠᠭᠳᠠᠭ᠎ᠠ᠂ ᠰᠠᠭᠤᠭ᠎ᠠ       ᠭᠠᠵᠠᠷ ᠤᠨ ᠤᠯᠠᠨ ᠲᠦᠮᠡᠨ ᠲᠠᠢ ᠬᠠᠮᠲᠤ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠰᠢᠭᠤᠳ ᠨᠡᠪᠳᠡᠷᠡᠭᠦᠯᠭᠡ ᠪᠠᠷ ᠬᠦᠯᠢᠶᠡᠨ ᠥᠵᠡᠨ᠎ᠡ᠃ ᠬᠤᠷᠠᠯ ᠲᠡᠭᠦᠰᠥᠭᠰᠡᠨ ᠤ ᠳᠠᠷᠠᠭ᠎ᠠ ᠪᠠᠷ ᠬᠤᠰᠢᠭᠤᠨ ᠤ ᠤᠯᠠᠭᠠᠨᠮᠦ᠋ᠴᠢᠷ ᠤᠨ ᠲᠤᠭᠯᠠᠭᠴᠢᠳ ᠨᠤᠳᠤᠭ ᠤᠨ ᠤᠯᠠᠨ ᠲᠠᠢ ᠪᠠᠨ ᠬᠠᠮᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ       ᠬᠤᠷᠠᠯᠳᠤᠭᠰᠠᠨ ᠢ ᠤᠷᠠᠨ ᠰᠠᠶᠢᠬᠠᠨ ᠲᠤᠭᠯᠠᠯᠲᠠ ᠪᠠᠷ ᠢᠶᠠᠨ ᠪᠡᠯᠭᠡᠯᠡᠵᠡᠭᠡᠯ᠎ᠡ᠃      ᠮᠠᠯᠴᠢᠨ ᠭᠡᠨᠳᠡᠨ᠄ ︽ᠨᠢᠭᠡᠨ ᠠᠬᠠᠮᠠᠳ ᠨᠠᠮ ᠤᠨ ᠭᠡᠰᠢᠭᠦᠨ ᠪᠤᠯᠤᠭᠰᠠᠨ ᠤ ᠬᠤᠪᠢ ᠳᠤ᠂ ᠪᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠮᠰᠠᠷ ᠠᠴᠠ ᠪᠠᠨ ᠲᠠᠭᠠᠭᠤᠯᠤᠨ ᠰᠤᠷᠤᠯᠴᠠᠨ᠎ᠠ᠂ ᠮᠦᠨᠴᠤ ᠰᠤᠷᠤᠯᠴᠠᠭᠰᠠᠨ ᠦᠷ᠎ᠡ ᠪᠦᠲᠦᠭᠡᠯ ᠢᠶᠠᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠬᠦᠴᠦᠨ ᠪᠤᠯᠭᠠᠨ ᠬᠤᠪᠢᠷᠠᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ︽ᠦᠵᠡᠰᠭᠦᠯᠡᠩᠲᠦ ᠰᠠᠶᠢᠬᠠᠨ ᠵᠢᠷᠦᠭ᠌ᠯᠠᠯ︾᠎ ᠢ ᠮᠠᠯᠵᠢᠬᠤ ᠤᠷᠤᠨ ᠤ ᠤᠳᠤᠬᠢᠴᠢᠯᠠᠭᠰᠠᠨ ᠬᠦᠭᠵᠢᠯᠲᠡ ᠶᠢᠨ ︿ᠪᠤᠳᠠᠳᠤ ᠵᠢᠷᠤᠭᠯᠠᠯ﹀ ᠪᠤᠯᠭᠠᠨ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ᠬᠦᠳᠡᠭᠡ ᠲᠤᠰᠬᠤᠨ ᠮᠠᠯᠵᠢᠬᠤ ᠤᠷᠤᠨ ᠢ ᠬᠦᠭᠵᠢᠭᠦᠯᠦᠨ ᠮᠠᠨᠳᠤᠭᠤᠯᠬᠤ ᠬᠠᠷᠠᠯᠲᠠ ᠶᠢ ᠦᠢᠯᠡᠳᠦᠯᠭᠡᠵᠢᠭᠦᠯᠦᠨ᠎ᠡ︾ ᠭᠡᠵᠦ ᠪᠠᠶᠢᠯ᠎ᠠ᠃      ᠰᠠᠶᠢᠬᠠᠨᠲᠤᠤᠷᠠᠢ ᠰᠤᠮᠤᠨ ᠤ ᠬᠢᠯᠢ ᠶᠢᠨ ᠲᠤᠮᠢᠯᠠᠭᠰᠠᠨ ᠰᠠᠯᠪᠤᠷᠢ ᠶᠢᠨ ᠤᠯᠤᠰ ᠲᠦᠷᠦ ᠶᠢᠨ ᠵᠢᠭᠠᠨ ᠵᠢᠯᠤᠭᠤᠳᠤᠭᠴᠢ ᠯᠢᠶᠠᠩ ᠭᠥᠸᠧ ᠪᠢᠨ᠄ ︽ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠳᠤ᠂ ᠪᠢᠳᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠡᠭᠦᠳᠡᠯ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠲᠦᠪ ᠭᠤᠤᠯᠴᠢ ᠪᠠᠷ ᠭᠦᠢᠴᠡᠳᠬᠡᠨ᠂ ᠤᠯᠤᠰ ᠤᠨ ᠠᠮᠦᠷ ᠲᠦᠪᠰᠢᠨ ᠤ ᠦᠵᠡᠯ ᠢ ᠡᠷᠡᠰ ᠲᠤᠤᠱᠯᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠳᠡᠯᠳᠡ ᠭᠡᠮ ᠢ ᠴᠢᠩᠭ᠎ᠠ ᠰᠡᠷᠭᠡᠶᠢᠯᠡᠵᠤ᠂ ᠬᠠᠷᠢᠶᠠᠳᠤ ᠤᠷᠤᠨ ᠤ ᠨᠡᠶᠢᠬᠡᠮ ᠤᠨ ᠠᠮᠤᠷ ᠲᠤᠭᠲᠠᠭᠤᠨ ᠢ ᠬᠠᠮᠠᠭᠠᠯᠠᠨ᠎ᠠ︾ ᠭᠡᠪᠡ᠃      ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠲᠠᠪᠤᠨ ᠡᠷᠭᠡᠲᠡᠨ ᠤ ᠰᠠᠯᠠᠭ᠎ᠠ ᠶᠢᠨ ᠭᠤᠤᠯ ᠡᠮᠴᠢ ᠼᠦᠢ ᠵᠢᠤᠸᠠᠨ᠄ ︽ᠨᠢᠭᠡᠡ ᠡᠮᠨᠡᠯᠭᠡ ᠶᠢᠨ ᠠᠵᠢᠯᠲᠠᠨ ᠤ ᠬᠤᠪᠢ ᠠᠴᠠ ᠪᠢ ᠶᠡᠭᠡ ᠵᠤᠷᠢᠭᠵᠢᠵᠤ ᠪᠠᠶᠢᠨ᠎ᠠ᠃ ᠪᠢ ᠬᠢᠵᠢᠭ ᠲᠠᠢ ᠲᠡᠮᠡᠴᠡᠭᠰᠡᠨ ᠲᠤᠷᠰᠢᠯᠭ᠎ᠠ ᠪᠠᠨ ᠠᠵᠢᠯ ᠤᠨ ᠢᠶᠠᠨ ᠳᠤᠮᠳᠠ ᠰᠠᠶᠢᠲᠦᠷ ᠠᠰᠢᠭᠯᠠᠵᠤ᠂ ᠬᠢᠵᠢᠭ ᠲᠠᠢ ᠲᠡᠮᠡᠴᠡᠬᠦ ᠵᠤᠷᠢᠭ ᠰᠠᠨᠠᠭ᠎ᠠ ᠎ ᠪᠠᠨ ᠤᠯᠠᠮ ᠪᠠᠳᠠᠷᠠᠭᠤᠯᠤᠨ᠎ᠠ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号