ᠤᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ᠬᠠᠶᠠᠭᠳᠠᠮᠠᠯ ᠰᠦᠯᠢᠶᠤᠣ ᠪᠦᠷᠬᠦᠪᠴᠢ ᠶᠢ | ᠴᠡᠪᠡᠷᠯᠡᠬᠦ ᠪᠠᠷ ᠲᠠᠷᠢᠶᠠᠯᠠᠩ ᠤᠨ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠪᠠ ᠲᠠᠷᠢᠶᠠᠯᠠᠩ ᠠᠵᠤ | ᠠᠬᠤᠢ ᠶᠢᠨ ᠦᠷᠬᠦᠯᠵᠢᠬᠦᠶᠢᠴᠡ ᠬᠦᠭᠵᠢᠯᠳᠡ ᠶᠢ ᠠᠬᠢᠭᠤᠯᠬᠤ ᠭᠠᠷᠳᠠᠴᠠ ᠪᠠᠨ ᠪᠤᠯᠭᠠᠵᠤ᠂ ᠡᠭᠦᠷᠭᠡ | ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ ᠰᠢᠨ᠎ᠡ ᠶᠢ ᠡᠭᠦᠳᠴᠤ᠂ ᠲᠠᠷᠢᠶᠠᠨ ᠭᠠᠵᠠᠷ ᠤᠨ ᠬᠠᠶᠠᠭᠳᠠᠮᠠᠯ ᠰᠦᠯᠢᠶᠤᠣ | ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠮᠡᠷᠭᠡᠵᠢᠯ ᠢ ᠲᠡᠯᠭᠡᠷᠡᠬᠦᠯᠦᠨ᠂ ᠲᠠᠷᠢᠶᠠᠯᠠᠩ ᠤᠨ | ᠦᠢᠯᠡᠳᠪᠤᠷᠢᠯᠡᠯ ᠤᠨ ᠦᠷ᠎ᠡ ᠠᠰᠢᠭ ᠢ ᠨᠡᠮᠡᠭᠳᠡᠭᠦᠯᠦᠭᠰᠡᠨ ᠠᠴᠠ ᠮᠠᠨ ᠤ ᠬᠤᠰᠢᠭᠤᠨ ᠤ ᠬᠠᠶᠠᠭᠳᠠᠮᠠᠯ ᠰᠦᠯᠢᠶᠤᠣ | ᠪᠦᠷᠬᠦᠪᠴᠢ ᠠᠴᠠ ᠪᠤᠯᠤᠭᠰᠠᠨ ᠲᠠᠷᠢᠶᠠᠯᠠᠩ ᠤᠨ ᠪᠤᠬᠢᠷᠳᠤᠯ ᠢ ᠪᠦᠳᠦᠮᠵᠢᠲᠠᠢ ᠴᠡᠭᠴᠡᠯᠡᠨ ᠵᠠᠰᠠᠵᠤ᠂ ᠲᠤᠰ | ᠠᠵᠢᠯ ᠨᠢ ᠴᠤ ᠪᠦᠬᠦ ᠠᠶᠢᠮᠠᠭ ᠤᠨ ᠲᠤᠷᠰᠢᠯᠳᠠ ᠶᠢᠨ ᠴᠡᠭ ᠤᠨ ᠲᠦᠷᠦᠯ ᠵᠦᠢᠯ ᠳᠤ ᠵᠢᠭᠰᠠᠭᠠᠭᠳᠠᠭᠰᠠᠨ ᠪᠠᠶᠢᠨ᠎ᠠ᠃ | ᠤᠶᠢᠷ᠎ᠠ ᠶᠢᠨ ᠡᠳᠤᠷ᠂ ᠪᠦᠬᠦ ᠠᠶᠢᠮᠠᠭ ᠤᠨ ᠲᠠᠷᠢᠶᠠᠨ ᠭᠠᠵᠠᠷ ᠤᠨ ᠬᠠᠶᠠᠭᠳᠠᠮᠠᠯ ᠰᠦᠯᠢᠶᠤᠣ ᠪᠦᠷᠬᠦᠪᠴᠢ ᠶᠢ | ᠬᠤᠷᠢᠶᠠᠨ ᠠᠪᠴᠤ ᠠᠰᠢᠭᠯᠠᠬᠤ ᠮᠡᠷᠭᠡᠵᠢᠯ ᠪᠠ ᠰᠦᠯᠢᠶᠤᠣ ᠪᠦᠷᠬᠦᠪᠴᠢ ᠶᠢ ᠬᠤᠷᠢᠶᠠᠨ ᠠᠪᠬᠤ ᠲᠤᠷᠰᠢᠯᠳᠠ ᠶᠢᠨ | ᠴᠡᠭ ᠤᠨ ᠲᠦᠷᠦᠯ ᠵᠦᠢᠯ ᠤᠨ ᠲᠤᠭᠤᠷᠢᠨ ᠦᠵᠡᠬᠦᠯᠦᠯᠭᠡ ᠶᠢᠨ ᠬᠤᠷᠠᠯ ᠮᠠᠨ ᠤ ᠬᠤᠰᠢᠭᠤᠨ ᠳᠤ ᠠᠮᠵᠢᠯᠳᠠ ᠲᠠᠢ | ᠶᠠᠪᠤᠭᠳᠠᠪᠠ᠃ | ᠦᠵᠡᠬᠦᠯᠦᠯᠭᠡ ᠶᠢᠨ ᠠᠬᠤᠢ ᠲᠠᠯᠠᠪᠠᠢ ᠳᠤ᠂ ᠰᠦᠯᠢᠶᠤᠣ ᠪᠦᠷᠬᠦᠪᠴᠢ ᠶᠢ ᠬᠤᠷᠢᠶᠠᠨ ᠠᠪᠬᠤ ᠮᠠᠰᠢᠨ ᠢ | ᠠᠴᠢᠭᠰᠠᠨ ᠲᠷᠠᠺᠲ᠋ᠤᠷ ᠲᠠᠷᠢᠶᠠᠨ ᠭᠠᠵᠠᠷ ᠲᠤ ᠪᠤᠯᠠᠭᠳᠠᠭᠰᠠᠨ ᠰᠦᠯᠢᠶᠤᠣ ᠪᠦᠷᠬᠦᠪᠴᠢ ᠢ ᠤᠷᠪᠠᠭᠤᠯᠤᠨ ᠭᠠᠷᠭᠠᠵᠤ | ᠬᠤᠷᠢᠶᠠᠨ ᠠᠪᠬᠤ ᠮᠠᠰᠢᠨ ᠳᠤ ᠪᠠᠨ ᠰᠠᠪᠠᠯᠠᠨ᠂ ᠠᠵᠢᠯ ᠢᠶᠠᠨ ᠡᠮᠬᠢ ᠴᠡᠭᠴᠡ ᠲᠠᠢ ᠶᠠᠪᠤᠭᠳᠠᠭᠤᠯᠤᠨ᠎ᠠ᠃ | ᠦᠵᠡᠬᠦᠯᠦᠯᠭᠡ ᠪᠠᠷ ᠲᠠᠮᠵᠢᠨ᠂ ᠮᠠᠯᠴᠢᠨ ᠲᠠᠷᠢᠶᠠᠴᠢᠳ ᠤᠨ ᠬᠠᠶᠠᠭᠳᠠᠮᠠᠯ ᠰᠦᠯᠢᠶᠤᠣ ᠪᠦᠷᠬᠦᠪᠴᠢ ᠶᠢ ᠬᠤᠷᠢᠶᠠᠨ | ᠠᠪᠬᠤ ᠲᠤᠬᠠᠢ ᠲᠠᠨᠢᠯᠳᠠ ᠶᠢ ᠤᠯᠠᠮ ᠨᠢᠭᠡ ᠠᠯᠬᠤᠮ ᠭᠦᠨᠵᠡᠭᠡᠶᠢᠷᠡᠬᠦᠯᠵᠤ᠂ ᠲᠡᠳᠡᠨᠡᠷ ᠤᠨ ᠬᠠᠶᠠᠭᠳᠠᠮᠠᠯ ᠰᠦᠯᠢᠶᠤᠣ | ᠪᠦᠷᠬᠦᠪᠴᠢ ᠶᠢ ᠬᠤᠷᠢᠶᠠᠨ ᠠᠪᠬᠤ ᠠᠵᠢᠯᠯᠠᠭ᠎ᠠ ᠳᠤ ᠤᠷᠤᠯᠴᠠᠬᠤ ᠢᠳᠡᠪᠬᠢᠵᠢᠯ ᠢ ᠲᠠᠶᠢᠴᠢᠯᠠᠭᠰᠠᠨ ᠪᠠᠶᠢᠨ᠎ᠠ᠃ | ᠪᠠᠶᠠᠨᠳᠤᠤᠷᠠᠢ ᠰᠤᠮᠤᠨ ᠤ ᠵᠢᠷᠭᠠᠯᠠᠩᠳᠤ ᠭᠠᠴᠠᠭᠠᠨ ᠤ ᠲᠠᠷᠢᠶᠠᠴᠢᠨ ᠭᠧ ᠸᠠᠨ ᠰᠢᠨ ᠪᠤᠯ ᠲᠡᠷᠦᠢ ᠡᠭᠦᠨ ᠤ | ᠲᠤᠳᠤᠷᠠᠬᠢ ᠨᠢᠭᠡ ᠨᠢ ᠪᠤᠯᠤᠨ᠎ᠠ᠂ ᠨᠠᠮᠤᠷ ᠤᠨ ᠬᠤᠷᠢᠶᠠᠯᠳᠠ ᠶᠢᠨ ᠲᠠᠷᠠᠭ᠎ᠠ᠂ ᠲᠡᠷᠡ ᠲᠠᠷᠢᠶᠠᠨ ᠭᠠᠵᠠᠷ ᠠᠴᠠ ᠲᠡᠭᠦᠵᠤ | ᠠᠪᠤᠭᠰᠠᠨ ᠬᠠᠶᠠᠭᠳᠠᠮᠠᠯ ᠰᠦᠯᠢᠶᠤᠣ ᠪᠦᠷᠬᠦᠪᠴᠢ ᠪᠠᠨ ᠰᠤᠮᠤᠨ ᠤ ᠲᠤᠭᠳᠠᠭᠰᠠᠨ ᠰᠦᠯᠢᠶᠤᠣ ᠪᠦᠷᠬᠦᠪᠴᠢ ᠶᠢ | ᠬᠤᠷᠢᠶᠠᠨ ᠠᠪᠬᠤ ᠦᠷᠳᠡᠭᠡᠨ ᠳᠤ ᠬᠦᠷᠭᠡᠵᠡᠢ᠃ | ᠲᠠᠷᠢᠶᠠᠴᠢᠨ ᠭᠧ ᠸᠠᠨ ᠰᠢᠨ᠄ ︽ᠲᠤᠰᠬᠠᠢ ᠬᠤᠷᠢᠶᠠᠨ ᠠᠪᠬᠤ ᠦᠷᠳᠡᠭᠡ ᠶᠢ ᠪᠠᠶᠢᠭᠤᠯᠤᠭᠰᠠᠨ ᠠᠴᠠ᠂ | ᠪᠢᠳᠠ ᠵᠢᠯ ᠪᠤᠯᠭᠠᠨ ᠲᠠᠷᠢᠶᠠᠨ ᠭᠠᠵᠠᠷ ᠤᠨ ᠢᠶᠠᠨ ᠡᠳᠡᠭᠡᠷ ᠬᠠᠶᠠᠭᠳᠠᠮᠠᠯ ᠰᠦᠯᠢᠶᠤᠣ ᠪᠦᠷᠬᠦᠪᠴᠢ ᠪᠠᠨ ᠲᠡᠭᠦᠵᠤ | ᠪᠠᠷᠠᠭᠰᠠᠨ ᠤ ᠲᠠᠷᠠᠭ᠎ᠠ ᠡᠨᠡ ᠦᠷᠳᠡᠭᠡᠨ ᠳᠤ ᠬᠦᠷᠭᠡᠵᠤ ᠢᠷᠡᠳᠡᠭ᠃ ᠡᠨᠡ ᠨᠢ ᠤᠷᠴᠢᠨ ᠲᠤᠭᠤᠷᠢᠨ ᠢ ᠬᠠᠮᠠᠭᠠᠯᠠᠵᠤ | ᠴᠢᠳᠠᠬᠤ ᠪᠠᠷ ᠪᠠᠷᠠᠬᠤ ᠦᠭᠡᠢ ᠪᠠᠰᠠ ᠪᠤᠬᠢᠷᠳᠤᠯ ᠢ ᠪᠠᠭᠠᠰᠬᠠᠵᠤ ᠴᠢᠳᠠᠨ᠎ᠠ︾ ᠭᠡᠪᠡ᠃ | ᠬᠤᠰᠢᠭᠤᠨ ᠤ ᠢ ᠹᠧᠩ ᠬᠠᠶᠠᠭᠳᠠᠮᠠᠯ ᠰᠦᠯᠢᠶᠤᠣ ᠶᠢ ᠬᠤᠷᠢᠶᠠᠨ ᠠᠪᠴᠤ ᠪᠤᠯᠪᠠᠰᠤᠷᠠᠭᠤᠯᠬᠤ | ᠦᠢᠯᠡᠳᠪᠤᠷᠢ ᠳᠤ᠂ ᠠᠵᠢᠯᠴᠢᠳ ᠦᠢᠯᠡᠳᠪᠤᠷᠢ ᠶᠢᠨ ᠲᠠᠰᠤᠭ ᠲᠤ ᠪᠠᠨ ᠬᠤᠷᠢᠶᠠᠨ ᠠᠪᠤᠭᠰᠠᠨ ᠬᠠᠶᠠᠭᠳᠠᠮᠠᠯ | ᠰᠦᠯᠢᠶᠤᠣ ᠶᠢ ᠪᠤᠯᠪᠠᠰᠤᠷᠠᠭᠤᠯᠤᠨ ᠰᠢᠢᠳᠪᠤᠷᠢᠯᠡᠬᠦ ᠪᠠᠷ ᠶᠠᠭᠠᠷᠠᠯᠳᠠᠢ ᠠᠵᠢᠯᠯᠠᠨ᠎ᠠ᠃ | ᠬᠤᠰᠢᠭᠤᠨ ᠤ ᠢ ᠹᠧᠩ ᠬᠠᠶᠠᠭᠳᠠᠮᠠᠯ ᠰᠦᠯᠢᠶᠤᠣ ᠶᠢ ᠬᠤᠷᠢᠶᠠᠨ ᠠᠪᠴᠤ ᠪᠤᠯᠪᠠᠰᠤᠷᠠᠭᠤᠯᠬᠤ | ᠦᠢᠯᠡᠳᠪᠤᠷᠢ ᠶᠢᠨ ᠬᠠᠤᠯᠢ ᠵᠢᠨᠲ᠋ᠦ᠋ᠯᠦᠭᠡᠯᠡᠭᠴᠢ ᠯᠢᠨ ᠹᠠ ᠷᠦ᠋᠄ ︽ᠡᠨᠡᠬᠦ ᠬᠠᠭᠠᠰ ᠪᠦᠳᠦᠭᠡᠭᠳᠡᠬᠦᠨ ᠢ ᠬᠤᠶᠠᠳᠠᠬᠢ | ᠤᠳᠠᠭ᠎ᠠ ᠠᠰᠢᠭᠯᠠᠬᠤ ᠳᠤ ᠨᠡᠯᠢᠶᠡᠳ ᠰᠠᠶᠢᠨ ᠦᠢᠯᠡᠳᠦᠯ ᠢ ᠦᠵᠡᠬᠦᠯᠬᠦ ᠪᠤᠯᠤᠨ᠎ᠠ᠃ ᠮᠠᠯᠴᠢᠨ ᠲᠠᠷᠢᠶᠠᠴᠢᠨ ᠳᠤ | ᠠᠪᠴᠤ ᠬᠡᠯᠡᠪᠡᠯ᠂ ᠲᠠᠷᠢᠶᠠᠨ ᠭᠠᠵᠠᠷ ᠤᠨ ᠬᠠᠶᠠᠭᠳᠠᠮᠠᠯ ᠰᠦᠯᠢᠶᠤᠣ ᠪᠦᠷᠬᠦᠪᠴᠢ ᠶᠢ ᠴᠡᠪᠡᠷᠯᠡᠭᠰᠡᠨ ᠤ ᠲᠠᠷᠠᠭ᠎ᠠ | ᠲᠠᠷᠢᠶᠠᠨ ᠭᠠᠵᠠᠷ ᠢ ᠪᠤᠬᠢᠷᠳᠤᠯ ᠦᠭᠡᠢ ᠮᠦᠷᠳᠡᠭᠡᠨ ᠬᠦᠷᠦᠰᠤ ᠰᠢᠷᠦᠢ ᠶᠢᠨ ᠪᠤᠬᠢᠷᠳᠤᠯ ᠢ ᠪᠠᠭᠠᠰᠬᠠᠵᠤ ᠴᠢᠳᠠᠨ᠎ᠠ︾ | ᠭᠡᠵᠦ ᠪᠠᠶᠢᠯ᠎ᠠ᠃ | ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠲᠡᠳ᠋ ᠲᠠᠷᠤᠭ᠎ᠠ ᠯᠢ ᠰᠢ ᠷᠦᠩ᠄ | ︽ᠪᠦᠬᠦ ᠨᠡᠶᠢᠬᠡᠮ ᠳᠤ ᠪᠤᠬᠢᠷᠳᠤᠯ ᠦᠭᠡᠢ ᠬᠦᠭᠵᠢᠯᠳᠡ ᠶᠢᠨ ᠠᠷᠭ᠎ᠠ ᠮᠠᠶ᠋ᠢᠭ᠂ ᠡᠬᠢ ᠪᠠᠶᠠᠯᠢᠭ ᠢ ᠬᠤᠷᠢᠶᠠᠨ ᠠᠪᠴᠤ | ᠠᠰᠢᠭᠯᠠᠬᠤ ᠪᠠ ᠬᠠᠶᠠᠭᠳᠠᠮᠠᠯ ᠡᠳ᠋ ᠪᠤᠳᠠᠰ ᠢ ᠡᠷᠳᠡᠨᠢ ᠪᠤᠯᠭᠠᠬᠤ ᠦᠷᠬᠦᠯᠵᠢᠬᠦᠶᠢᠴᠡ ᠬᠦᠭᠵᠢᠯᠳᠡ ᠶᠢᠨ ᠵᠠᠭᠪᠤᠷ ᠢ | ᠶᠡᠭᠡ ᠪᠠᠷ ᠰᠠᠨᠠᠭᠠᠴᠢᠯᠠᠵᠤ᠂ ᠪᠦᠬᠦ ᠨᠡᠶᠢᠬᠡᠮ ᠳᠤ ᠬᠠᠶᠠᠭᠳᠠᠮᠠᠯ ᠰᠦᠯᠢᠶᠤᠣ ᠶᠢ ᠵᠠᠰᠠᠬᠤ ᠳᠤ ᠬᠠᠮᠳᠤ ᠪᠠᠷ ᠤᠷᠤᠯᠴᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠂ ᠪᠦᠬᠦ ᠠᠶᠢᠮᠠᠭ ᠤᠨ ᠬᠠᠶᠠᠭᠳᠠᠮᠠᠯ ᠰᠦᠯᠢᠶᠤᠣ ᠪᠦᠷᠬᠦᠪᠴᠢ ᠶᠢ | ᠬᠤᠷᠢᠶᠠᠨ ᠠᠪᠴᠤ ᠠᠰᠢᠭᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ︾ ᠭᠡᠪᠡ᠃ | | | |