ᠣᠳᠣᠬᠠᠨ ᠳᠤ᠂ ᠮᠠᠰᠢ ᠣᠯᠠᠨ ᠵᠠᠯᠠᠭᠤ ᠬᠥᠮᠥᠰ ᠤᠨ ᠦᠰᠦ ᠨᠢ ᠤᠨᠠᠵᠤ ᠲᠣᠯᠣᠭᠠᠢ ᠨᠢ ᠬᠠᠯᠵᠠᠷᠠᠵᠤ | ᠪᠠᠶᠢᠨ᠎ᠠ᠃ ᠬᠠᠮᠢᠶᠠᠲᠠᠢ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ᠤᠨ ᠬᠥᠮᠥᠰ ᠤᠨ ᠬᠠᠯᠵᠠᠷᠠᠵᠤ ᠪᠠᠶᠢᠭ᠎ᠠ | ᠪᠠᠶᠢᠳᠠᠯ ᠤᠯᠠᠮ ᠤᠯᠠᠮ ᠵᠠᠯᠠᠭᠤᠵᠢᠵᠤ᠂ 10 ᠠᠴᠠ 15 ᠵᠢᠯ ᠤᠷᠢᠳᠴᠢᠯᠠᠵᠤ ᠪᠠᠶᠢᠨ᠎ᠠ᠃ ᠭᠡᠵᠢᠭᠡ ᠦᠰᠦ ᠤᠨᠠᠬᠤ | ᠨᠢ ᠵᠠᠯᠠᠭᠤᠴᠤᠳ ᠤᠨ ᠳᠦᠷᠢ ᠲᠥᠷᠬᠦ ᠪᠠ ᠰᠡᠳᠬᠢᠴᠡ ᠶᠢᠨ ᠡᠷᠡᠭᠦᠯ ᠮᠡᠨᠳᠦ ᠶᠢ ᠨᠥᠯᠥᠭᠡᠯᠡᠬᠦ ᠪᠠᠷ ᠪᠠᠷᠠᠬᠤ ᠦᠭᠡᠢ | ᠲᠡᠷᠡ ᠨᠢ ᠪᠠᠰᠠ ᠣᠮᠲᠣᠭᠠᠶᠢᠯᠠᠵᠤ ᠪᠣᠯᠣᠰᠢ ᠦᠭᠡᠢ ᠡᠷᠡᠭᠦᠯ ᠮᠡᠨᠳᠦ ᠶᠢᠨ ᠳᠠᠯᠳᠠ ᠭᠡᠮ ᠢ ᠲᠤᠰᠬᠠᠵᠤ ᠪᠠᠶᠢᠳᠠᠭ᠃ | ᠦᠰᠦᠨ ᠤ ᠦᠢᠯᠡᠳᠦᠯ | ᠦᠰᠦ ᠨᠢ ᠪᠢᠳᠡᠨ ᠤ ᠶᠡᠭᠡ ᠲᠠᠷᠢᠬᠢ ᠪᠠ ᠲᠣᠯᠣᠭᠠᠢ ᠶᠢᠨ ᠠᠷᠠᠰᠤ ᠶᠢ ᠬᠠᠮᠠᠭᠠᠯᠠᠬᠤ ᠦᠢᠯᠡᠳᠦᠯ ᠲᠠᠢ ᠪᠠᠶᠢᠵᠤ᠂ | ᠵᠠᠷᠢᠮ ᠮᠧᠬᠠᠨᠢᠭ ᠴᠢᠨᠠᠷᠲᠠᠢ ᠰᠡᠳᠦᠯᠲᠡ ᠪᠠ ᠠᠭᠠᠷ ᠳᠣᠲᠣᠷᠠᠬᠢ ᠬᠤᠣᠷᠲᠤ ᠪᠣᠳᠠᠰ ᠤᠨ ᠬᠤᠣᠷᠳᠠᠯ ᠠᠴᠠ | ᠬᠠᠮᠠᠭᠠᠯᠠᠵᠤ ᠴᠢᠳᠠᠨ᠎ᠠ᠃ ᠦᠰᠦ ᠨᠢ ᠪᠠᠰᠠ ᠪᠡᠶ᠎ᠡ ᠶᠢᠨ ᠳᠤᠯᠠᠭᠠᠨ ᠢ ᠲᠣᠬᠢᠷᠠᠭᠤᠯᠬᠤ᠂ ᠭᠠᠳᠠᠭᠠᠳᠤ ᠣᠷᠴᠢᠨ ᠤ | ᠰᠤᠷᠠᠭ ᠵᠠᠩᠭᠢ ᠶᠢ ᠴᠠᠭ ᠲᠤᠬᠠᠢ ᠳᠤᠨᠢ ᠶᠡᠭᠡ ᠲᠠᠷᠢᠬᠢᠨ ᠳᠤ ᠳᠠᠮᠵᠢᠭᠤᠯᠬᠤ ᠪᠠ ᠡᠪᠡᠳᠴᠢᠨ ᠡᠮᠭᠡᠭ ᠢ ᠮᠠᠭᠠᠳᠯᠠᠬᠤ | ᠦᠢᠯᠡᠳᠦᠯ ᠲᠠᠢ ᠶᠤᠮ᠃ | ᠦᠰᠦ ᠤᠨᠠᠬᠤ ᠨᠢ ᠶᠠᠮᠠᠷ ᠶᠠᠮᠠᠷ ᠡᠷᠡᠭᠦᠯ ᠮᠡᠨᠳᠦ ᠶᠢᠨ ᠳᠠᠯᠳᠠ ᠭᠡᠮ ᠲᠠᠢ ᠪᠣᠢ︖ | ᠦᠰᠦ ᠤᠨᠠᠬᠤ ᠨᠢ ᠮᠠᠰᠢ ᠣᠯᠠᠨ ᠡᠪᠡᠳᠴᠢᠨ ᠲᠠᠢ ᠬᠤᠯᠪᠣᠭ᠎ᠠ ᠲᠠᠢ ᠪᠠᠶᠢᠳᠠᠭ᠃ ᠵᠢᠱᠢᠶᠡᠯᠡᠪᠡᠯ᠂ ᠬᠠᠯᠵᠠᠨ | ᠲᠣᠯᠣᠭᠠᠢ ᠲᠠᠢ ᠡᠷᠡᠭᠲᠡᠶᠢᠴᠦᠳ ᠥᠲᠡᠯᠦᠭᠡ ᠨᠠᠰᠤᠨ ᠳᠠᠭᠠᠨ ᠤᠷᠢᠳᠤ ᠪᠤᠯᠴᠢᠷᠬᠠᠢ ᠶᠢᠨ ᠡᠪᠡᠳᠴᠢᠨ ᠣᠯᠬᠤ ᠨᠣᠷᠮ᠎ᠠ | ᠥᠨᠳᠥᠷ ᠪᠠᠶᠢᠳᠠᠭ᠃ ᠬᠠᠯᠵᠠᠨ ᠪᠣᠯᠬᠤ ᠨᠢ ᠪᠠᠰᠠ ᠬᠥᠮᠥᠨ ᠤ ᠪᠡᠶ᠎ᠡ ᠶᠢᠨ ᠳᠠᠷᠬᠠᠯᠠᠭ᠎ᠠ ᠮᠠᠭᠤᠳᠠᠭᠰᠠᠨ ᠲᠠᠢ | ᠬᠠᠷᠢᠴᠠᠭ᠎ᠠ ᠲᠠᠢ᠃ ᠲᠣᠯᠣᠭᠠᠢ ᠶᠢᠨ ᠠᠷᠠᠰᠤ ᠨᠢ ᠤᠷᠲᠤ ᠬᠤᠭᠤᠴᠠᠭ᠎ᠠ ᠪᠠᠷ ᠬᠦᠷᠡᠩ ᠤᠨ ᠭᠠᠳᠠᠨᠠᠬᠢ ᠲᠤᠶᠠᠭ᠎ᠠ ᠳᠤ | ᠲᠤᠰᠬᠠᠭᠳᠠᠪᠠᠯ᠂ ᠲᠣᠯᠣᠭᠠᠢ ᠶᠢᠨ ᠬᠡᠰᠡᠭ ᠤᠨ ᠠᠷᠠᠰᠤᠨ ᠤ ᠬᠠᠪᠤᠳᠠᠷ ᠲᠤ ᠠᠮᠠᠷᠬᠠᠨ ᠨᠡᠷᠪᠡᠭᠳᠡᠵᠦ ᠮᠡᠳᠡᠨ᠎ᠡ᠃ | |