ᠭᠡᠵᠢᠭᠡ ᠪᠠᠨ ᠤᠬᠢᠶᠠᠭᠠᠳ ᠳᠠᠷᠤᠶᠢᠬᠠᠨ ᠦᠯᠢᠶᠡᠵᠦ ᠬᠠᠲᠠᠭᠠᠬᠤ ᠦᠦ︖
ᠨᠡᠶᠢᠲᠡᠯᠡᠭᠰᠡᠨ ᠴᠠᠭ᠄
2022/10/26
     ᠣᠷᠴᠢᠮ ᠳᠤ ᠮᠠᠰᠢ ᠣᠯᠠᠨ ᠬᠥᠮᠥᠨ ᠲᠣᠯᠣᠭᠠᠢ ᠪᠠᠨ ᠤᠬᠢᠶᠠᠭᠰᠠᠨ ᠤ ᠳᠠᠷᠠᠭ᠎ᠠ ᠳᠠᠷᠤᠢ ᠳᠤᠨᠢ ᠦᠯᠢᠶᠡᠵᠦ ᠬᠠᠲᠠᠭᠠᠬᠤ ᠡᠰᠡᠬᠦ ᠶᠢ ᠰᠦᠯᠵᠢᠶᠡᠨ ᠳᠡᠭᠡᠷ᠎ᠡ ᠮᠠᠷᠭᠤᠯᠳᠤᠵᠤ  ᠪᠠᠶᠢᠨ᠎ᠠ᠃ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠠᠷᠠᠰᠤᠨ ᠤ ᠰᠠᠯᠠᠭᠠᠨ ᠤ ᠡᠷᠬᠢᠯᠡᠭᠴᠢ ᠡᠮᠴᠢ ᠶᠠᠩ ᠱᠤ᠋ ᠰᠢᠶᠠ ᠢᠯᠡᠷᠬᠡᠶᠢᠯᠡᠬᠦ ᠳᠡᠭᠡᠨ᠄ ︽ᠲᠣᠯᠣᠭᠠᠢ ᠪᠠᠨ ᠤᠬᠢᠶᠠᠭᠰᠠᠨ ᠤ ᠳᠠᠷᠠᠭ᠎ᠠ ᠭᠡᠵᠢᠭᠡ ᠪᠠᠨ ᠳᠠᠷᠤᠶᠢᠬᠠᠨ ᠦᠯᠢᠶᠡᠨ ᠬᠠᠳᠠᠭᠠᠵᠤ ᠪᠣᠯᠬᠤ ᠦᠭᠡᠢ᠃ ᠵᠠᠷᠢᠮ ᠬᠥᠮᠥᠨ ᠭᠡᠵᠢᠭᠡ ᠪᠠᠨ ᠤᠬᠢᠶᠠᠵᠤ ᠪᠠᠷᠠᠪᠠᠯ ᠴᠠᠬᠢᠯᠭᠠᠨ ᠦᠯᠢᠶᠡᠭᠦᠷ ᠢ ᠨᠡᠯᠢᠶᠡᠳ ᠶᠡᠭᠡ ᠬᠠᠯᠠᠭᠤᠨ ᠳᠤ ᠲᠣᠬᠢᠷᠠᠭᠤᠯᠤᠨ ᠦᠯᠢᠶᠡᠯᠭᠡᠳᠡᠭ᠃ ᠡᠨᠡ ᠦᠶ᠎ᠡ ᠳᠤ ᠭᠡᠵᠢᠭᠡᠨ ᠳᠣᠲᠣᠷᠠᠬᠢ ᠤᠰᠤ ᠨᠢ ᠠᠭᠤᠷᠰᠢᠭᠠᠳ ᠦᠰᠦ ᠠᠮᠠᠷᠬᠠᠨ ᠬᠤᠭᠤᠷᠳᠠᠭ︾ ᠭᠡᠪᠡ᠃ ᠠᠶᠠᠨᠳᠠᠭᠠᠨ ᠬᠠᠳᠠᠭᠠᠬᠤ ᠳᠤᠷᠠᠲᠠᠢ ᠬᠥᠮᠥᠨ ᠳᠤ ᠶᠠᠩ ᠡᠮᠴᠢ ᠰᠠᠨᠠᠭᠤᠯᠤᠭᠰᠠᠨ ᠨᠢ᠄ ︽ᠠᠶᠠᠨᠳᠠᠭᠠᠨ ᠬᠠᠲᠠᠭᠠᠬᠤ ᠶᠠᠪᠤᠴᠠ ᠳᠤ ᠭᠡᠵᠢᠭᠡ ᠪᠠᠨ ᠪᠢᠲᠡᠭᠡᠢ ᠠᠬᠢᠨ ᠲᠠᠬᠢᠨ  ᠰᠠᠮᠨᠠᠭᠠᠳ ᠪᠤᠢ᠃ ᠦᠰᠦ ᠨᠣᠶᠢᠲᠠᠨ ᠦᠶ᠎ᠡ ᠳᠡᠭᠡᠨ᠂ ᠦᠰᠦᠨ ᠤ ᠦᠷᠦᠯᠲᠡ ᠶᠢᠨ ᠬᠦᠴᠦ ᠲᠤᠶᠢᠯ ᠤᠨ ᠶᠡᠭᠡ᠂ ᠭᠡᠵᠢᠭᠡ ᠪᠠᠰᠠ ᠨᠡᠯᠢᠶᠡᠳ ᠬᠡᠪᠡᠷᠡᠭ ᠪᠠᠶᠢᠳᠠᠯ ᠳᠤ ᠣᠷᠣᠵᠤ᠂ ᠳᠠᠬᠢᠨ ᠳᠠᠪᠲᠠᠨ ᠰᠠᠮᠨᠠᠪᠠᠯ ᠭᠡᠵᠢᠭᠡ ᠶᠢ ᠭᠡᠮᠲᠦᠭᠡᠨ᠎ᠡ︾ ᠭᠡᠯ᠎ᠡ᠃
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号