ᠨᠠᠷᠠᠨ ᠬᠤᠸᠠᠷ ᠢᠶᠠᠷ ᠪᠣᠷᠳᠤᠭ᠎ᠠ ᠬᠢᠵᠦ ᠮᠠᠯ ᠲᠡᠵᠢᠭᠡᠪᠡᠯ ᠲᠠᠷᠭᠤ ᠨᠡᠮᠡᠭᠳᠡᠨ᠎ᠡ
ᠨᠡᠶᠢᠲᠡᠯᠡᠭᠰᠡᠨ ᠴᠠᠭ᠄
2022/10/26
      ᠨᠠᠷᠠᠨ ᠬᠤᠸᠠᠷ ᠤᠨ ᠦᠷ᠎ᠡ ᠶᠢ ᠨᠢ ᠠᠪᠤᠭᠰᠠᠨ ᠴᠡᠴᠡᠭ ᠤᠨ ᠰᠠᠭᠤᠳᠠᠯ ᠨᠢ ᠲᠤᠶᠢᠯ ᠤᠨ ᠰᠠᠶᠢᠨ ᠮᠠᠯ ᠲᠡᠵᠢᠭᠡᠪᠦᠷᠢ ᠶᠢᠨ ᠲᠡᠵᠢᠭᠡᠯ ᠪᠣᠷᠳᠤᠭ᠎ᠠ ᠪᠤᠯᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠪᠦᠳᠦᠭᠦᠯᠢᠭ ᠤᠭᠤᠷᠠᠭ ᠤᠨ ᠠᠭᠤᠯᠤᠭᠳᠠᠴᠠ 7% ~ 9%᠂ ᠪᠦᠳᠦᠭᠦᠯᠢᠭ ᠥᠭᠡᠬᠦ 6.5% ~ 10.5%᠂ ᠪᠦᠳᠦᠭᠦᠯᠢᠭ ᠰᠢᠷᠬᠡᠭᠯᠢᠭ 17.7%᠂ ᠠᠽᠣᠲ ᠦᠭᠡᠢ ᠨᠠᠪᠴᠢᠮᠡᠭᠡᠢ ᠪᠣᠳᠠᠰ 43.9%᠂ ᠵᠢᠮᠢᠰ ᠤᠨ ᠴᠠᠪᠠᠤ 2.4% ~  3%᠂ ᠡᠭᠦᠨ ᠳᠤ ᠪᠦᠳᠦᠭᠦᠯᠢᠭ ᠤᠭᠤᠷᠠᠭ ᠬᠢᠭᠡᠳ ᠠᠽᠣᠲ ᠦᠭᠡᠢ ᠨᠠᠪᠴᠢᠮᠡᠭᠡᠢ ᠪᠣᠳᠠᠰ ᠤᠨ ᠠᠭᠤᠯᠤᠭᠳᠠᠴᠠ ᠨᠢ ᠠᠮᠤ ᠪᠤᠳᠠᠭ᠎ᠠ ᠳᠠᠬᠢ ᠠᠭᠤᠯᠤᠭᠳᠠᠴᠠ ᠲᠠᠢ ᠪᠠᠶᠢᠳᠠᠭ᠃      ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ ᠬᠢᠭᠰᠡᠨ ᠲᠠᠯᠬ᠎ᠠ ᠪᠣᠷᠳᠤᠭ᠎ᠠ ᠶᠢᠨ ᠵᠠᠭᠤᠨ ᠺᠢᠯᠦᠭᠷᠠᠮ ᠪᠦᠷᠢ ᠶᠢᠨ ᠰᠢᠮ᠎ᠡ ᠲᠡᠵᠢᠭᠡᠯ ᠤᠨ ᠤᠶᠢᠷᠳᠡᠭ ᠨᠢ 60 ~ 66 ᠺᠢᠯᠦᠭᠷᠠᠮ ᠡᠷᠳᠡᠨᠢ ᠰᠢᠰᠢ ᠪᠤᠶᠤ 70 ~ 80  ᠺᠢᠯᠦᠭᠷᠠᠮ ᠠᠷᠪᠠᠢ ᠵᠡᠷᠭᠡ ᠨᠠᠷᠢᠯᠢᠭ ᠪᠣᠷᠳᠤᠭ᠎ᠠ ᠶᠢᠨ ᠰᠢᠮ᠎ᠡ ᠲᠡᠵᠢᠭᠡᠯ ᠤᠨ ᠦᠷᠳᠡᠭ ᠲᠠᠢ ᠠᠳᠠᠯᠢᠬᠠᠨ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠢ ᠪᠠᠰᠠ ᠨᠣᠭᠤᠭᠠᠨ ᠢᠶᠠᠷ ᠳᠠᠷᠤᠰᠢᠭᠤᠯᠵᠤ ᠪᠣᠯᠣᠨ᠎ᠠ᠂ ᠨᠣᠭᠤᠭᠠᠨ ᠢᠶᠠᠷ ᠳᠠᠷᠤᠰᠢᠭᠤᠯᠤᠭᠰᠠᠨ ᠨᠠᠷᠠᠨ ᠬᠤᠸᠠᠷ ᠤᠨ ᠴᠡᠴᠡᠭ ᠤᠨ ᠰᠠᠭᠤᠳᠠᠯ ᠨᠢ ᠲᠤᠶᠢᠯ ᠤᠨ ᠰᠠᠶᠢᠬᠠᠨ ᠦᠨᠦᠷ ᠲᠠᠢ᠂ ᠮᠠᠯ  ᠲᠡᠵᠢᠭᠡᠪᠦᠷᠢ ᠳᠤᠩ ᠢᠳᠡᠬᠦ ᠳᠤᠷᠠᠲᠠᠢ ᠪᠠᠶᠢᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠶᠡᠭᠡ ᠬᠡᠮᠵᠢᠶᠡᠨ ᠤ ᠺᠠᠯᠼᠠᠯᠢᠬ ᠪᠣᠳᠠᠰ ᠪᠣᠯᠣᠨ ᠨᠡᠯᠢᠶᠡᠳ ᠠᠷᠪᠢᠨ ᠵᠢᠮᠢᠰ ᠤᠨ ᠰᠢᠬᠢᠷ ᠠᠭᠤᠯᠤᠭᠳᠠᠬᠤ ᠪᠣᠯᠬᠤᠷ᠂ ᠲᠥᠯ ᠮᠠᠯ ᠪᠣᠯᠣᠨ ᠭᠡᠭᠡᠯ ᠲᠠᠢ ᠡᠬᠡ ᠮᠠᠯ ᠢ ᠲᠡᠵᠢᠭᠡᠬᠦ ᠳᠤ ᠶᠡᠭᠡ ᠲᠣᠬᠢᠷᠠᠮᠵᠢᠲᠠᠢ᠃ ᠬᠡᠷᠪᠡ ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ ᠭᠠᠭ᠋ᠠᠢ ᠲᠡᠵᠢᠭᠡᠪᠡᠯ ᠭᠠᠭ᠋ᠠᠢ ᠲᠠᠷᠭᠤᠯᠠᠬᠤ ᠨᠢ ᠬᠤᠷᠳᠤᠨ ᠪᠥᠭᠡᠳ ᠪᠣᠷᠳᠣᠭᠠᠨ ᠠᠮᠤ ᠶᠢ ᠠᠷᠪᠢᠯᠠᠨ᠂ ᠭᠠᠭ᠋ᠠᠢ ᠲᠡᠵᠢᠭᠡᠬᠦ ᠥᠪᠡᠷ ᠤᠨ ᠦᠷᠳᠡᠭ ᠢ ᠪᠠᠭᠠᠰᠬᠠᠵᠤ ᠠᠰᠢᠭ ᠨᠢ ᠶᠡᠭᠡ ᠪᠠᠶᠢᠳᠠᠭ᠃  
 
ᠢᠷᠡᠯᠲᠡ᠄ ᠰᠢᠯᠢ ᠶᠢᠨ ᠭᠣᠣᠯ ᠠᠢᠮᠠᠭ ᠤᠨ ᠵᠠᠬᠢᠷᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号