ᠡᠵᠡᠨ᠎ᠡ ᠬᠤᠰᠢᠭᠤ ᠨᠢ ᠴᠠᠭᠳᠠᠭ᠎ᠠ ᠪᠠ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠤ ᠬᠥᠴᠥᠨ ᠢ ᠬᠠᠮᠲᠤᠳᠬᠠᠨ ᠠᠭᠤᠰᠤᠯᠴᠠᠭᠤᠯᠵᠤ ᠨᠡᠶᠢᠬᠡᠮ ᠤᠨ ᠵᠠᠰᠠᠯᠳᠠ ᠶᠢ ᠲᠥᠷᠭᠡᠳᠬᠡᠵᠤ ᠪᠠᠶᠢᠨ᠎ᠠ
ᠨᠡᠶᠢᠲᠡᠯᠡᠭᠰᠡᠨ ᠴᠠᠭ᠄
2022/10/27
      ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠨᠢ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠲᠠᠢ ᠬᠤᠯᠪᠤᠭᠠᠯᠠᠨ ᠠᠵᠢᠯᠳᠠᠨ ᠢ ᠨᠡᠶᠢᠯᠡᠬᠦᠯᠬᠦ᠂ ᠲᠤᠭ᠎ᠠ ᠪᠠᠷᠢᠮᠳᠠ ᠶᠢ ᠨᠡᠶᠢᠯᠡᠬᠦᠯᠬᠦ᠂ ᠠᠵᠢᠯ ᠢ ᠬᠤᠯᠪᠤᠭᠠᠯᠠᠭᠤᠯᠬᠤ ᠪᠠᠷ ᠪᠠᠷᠢᠮᠵᠢᠶ᠎ᠠ ᠪᠤᠯᠭᠠᠭᠰᠠᠨ ︽ᠴᠠᠭᠳᠠᠭ᠎ᠠ ᠪᠠ ᠲᠤᠤᠷᠵᠢᠯ ᠬᠠᠮᠢᠶᠠᠷᠤᠯᠳᠠ ᠶᠢᠨ ᠠᠵᠢᠯᠳᠠᠨ︾᠎ ᠢ ᠭᠦᠨᠵᠡᠭᠡᠢ ᠠᠭᠤᠰᠤᠯᠴᠠᠭᠤᠯᠬᠤ ᠠᠵᠢᠯ ᠤᠨ ᠰᠢᠨ᠎ᠡ ᠵᠠᠭᠪᠤᠷ ᠢ ᠬᠡᠷᠡᠭᠵᠢᠬᠦᠯᠵᠤ᠂ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠬᠠᠢ ᠮᠡᠷᠭᠡᠵᠢᠯ ᠤᠨ ᠲᠠᠪᠠᠭᠤᠯᠢᠭ ᠪᠤᠯᠤᠨ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠤ ᠤᠯᠠᠨ ᠲᠦᠮᠡᠨ ᠤ ᠲᠠᠪᠠᠭᠤᠯᠢᠭ ᠢ ᠭᠦᠢᠴᠡᠳ ᠪᠠᠳᠠᠷᠠᠭᠤᠯᠤᠨ᠂ ᠲᠤᠰᠬᠠᠢ ᠮᠡᠷᠭᠡᠵᠢᠯ ᠢᠶᠠᠷ ᠤᠯᠠᠨ ᠲᠦᠮᠡᠨ ᠢ ᠲᠠᠶᠢᠴᠢᠯᠠᠵᠤ᠂ ᠦᠨᠳᠤᠰᠤᠨ ᠱᠠᠳᠤᠨ ᠤ ᠨᠡᠶᠢᠬᠡᠮ ᠤᠨ ᠵᠠᠰᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠳᠤ ᠬᠦᠴᠦᠨ ᠨᠡᠮᠡᠷᠢᠯᠡᠨ᠎ᠡ᠃      ︽ᠴᠠᠭᠳᠠᠭ᠎ᠠ ᠪᠠ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠢ ᠠᠭᠤᠰᠤᠯᠴᠠᠭᠤᠯᠬᠤ︾ ᠲᠤᠭᠳᠠᠴᠠ ᠶᠢ ᠬᠡᠷᠡᠭᠵᠢᠬᠦᠯᠦᠭᠰᠡᠨ ᠤ ᠲᠠᠷᠠᠭ᠎ᠠ᠂ ᠬᠠᠷᠢᠴᠠᠩᠭᠤᠢ ᠪᠠᠷ ᠨᠢᠭᠡᠳᠦᠯᠲᠡᠢ ᠪᠦᠭᠡᠳ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠬᠤ ᠵᠠᠷᠴᠢᠮ ᠶᠤᠰᠤᠭᠠᠷ᠂ ᠪᠦᠬᠦ ᠬᠤᠰᠢᠭᠤᠨ ᠳᠤ 66 ᠲᠤᠤᠷᠵᠢᠯ ᠬᠠᠮᠢᠶᠠᠷᠤᠯᠳᠠ ᠶᠢᠨ ᠲᠤᠭᠤᠷᠢᠭ ᠢ ᠲᠤᠭᠳᠠᠭᠠᠵᠤ᠂115 ᠨᠡᠷᠡᠰ ᠲᠤᠰᠬᠠᠢ ᠲᠤᠰᠢᠶᠠᠯ ᠬᠠᠪᠰᠤᠷᠭᠠᠭᠰᠠᠨ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠪᠤᠯᠤᠨ 75 ᠨᠡᠷᠡᠰ ᠨᠡᠶᠢᠬᠡᠮ ᠲᠤᠭᠤᠷᠢᠭ ︵ᠭᠠᠴᠠᠭ᠎ᠠ︶᠎ ᠤᠨ ᠠᠷᠠᠳ ᠤᠨ ᠴᠠᠭᠳᠠᠭᠠᠨ ᠤ ᠬᠦᠴᠦᠨ ᠢ ᠲᠤᠤᠷᠵᠢᠯ ᠬᠠᠮᠢᠶᠠᠷᠤᠯᠳᠠ ᠶᠢᠨ ᠵᠤᠬᠢᠶᠠᠨ ᠪᠠᠶᠢᠭᠤᠯᠤᠯᠳᠠ ᠤᠨ ᠰᠢᠰᠲ᠋ᠧᠮ ᠳᠤ ᠨᠢᠭᠡᠲᠦᠯᠲᠡᠢ ᠲᠤᠬᠢᠷᠠᠭᠤᠯᠤᠨ᠂ ︽ᠲᠤᠤᠷᠵᠢᠯ ᠬᠠᠮᠢᠶᠠᠷᠤᠯᠳᠠ + ᠴᠠᠭᠳᠠᠭᠠᠨ ᠤ ᠬᠠᠮᠢᠶᠠᠷᠤᠯᠳᠠ︾᠎ ᠶᠢᠨ ᠬᠤᠤᠰ ᠲᠤᠤᠷᠵᠢᠯ ᠢ ᠠᠭᠤᠰᠤᠯᠴᠠᠭᠤᠯᠤᠨ᠂ ᠬᠤᠤᠰ ᠴᠢᠭᠯᠡᠯ ᠢᠶᠠᠷ ᠡᠨᠧᠷᠬᠢ ᠤᠯᠭᠤᠬᠤ ᠶᠢ ᠬᠡᠷᠡᠭᠵᠢᠬᠦᠯᠵᠤ ᠡᠬᠢᠯᠡᠭᠰᠡᠨ ᠪᠠᠶᠢᠨ᠎ᠠ᠃ ᠮᠦᠨᠴᠤ ᠲᠤᠰᠬᠠᠢ ᠲᠤᠰᠢᠶᠠᠯ ᠬᠠᠪᠰᠤᠷᠭᠠᠭᠰᠠᠨ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠤ ᠴᠠᠭᠳᠠᠭᠠᠨ ᠤ ᠰᠢᠰᠲ᠋ᠧᠮ ᠳᠤ ᠠᠭᠤᠰᠤᠨ       ᠤᠷᠤᠬᠤ ᠶᠢ ᠠᠬᠢᠭᠤᠯᠵᠤ᠂ ᠬᠠᠮᠳᠤᠷᠠᠨ ᠰᠡᠷᠭᠡᠶᠢᠯᠡᠬᠦ ᠠᠩᠭᠢ ᠶᠢ ᠪᠠᠶᠢᠭᠤᠯᠤᠨ᠂ ᠲᠤᠤᠷᠵᠢᠯ ᠬᠠᠮᠢᠶᠠᠷᠤᠯᠳᠠ ᠶᠢᠨ ᠲᠤᠳᠤᠷᠠᠬᠢ ᠰᠠᠭᠤᠷᠢ ᠮᠡᠳᠡᠭᠡ ᠵᠠᠩᠭᠢ ᠶᠢ ᠴᠤᠭᠯᠠᠭᠤᠯᠬᠤ᠂ ᠠᠮᠤᠷ ᠲᠦᠪᠰᠢᠨ ᠤ ᠲᠠᠯᠳᠠ ᠭᠡᠮ ᠢ ᠲᠤᠭᠤᠷᠢᠨ ᠪᠠᠶᠢᠴᠠᠭᠠᠬᠠᠤ᠂ ᠵᠦᠷᠢᠴᠡᠯ ᠵᠢᠭᠤᠷᠠᠯᠳᠤᠭᠠᠨ ᠢ ᠰᠢᠢᠳᠪᠤᠷᠢᠯᠡᠬᠦ᠂ ᠤᠬᠠᠭᠤᠯᠵᠤ ᠰᠤᠷᠪᠤᠯᠵᠢᠯᠠᠬᠤ ᠦᠢᠯᠡᠴᠢᠯᠡᠭᠡ ᠵᠡᠷᠭᠡ ᠠᠵᠢᠯ ᠢ ᠬᠠᠮᠳᠤᠪᠡᠷ ᠦᠷᠨᠢᠬᠦᠯᠵᠤ᠂ ᠵᠦᠷᠢᠴᠡᠯ ᠢ ᠲᠤᠤᠷᠵᠢᠯ ᠬᠠᠮᠢᠶᠠᠷᠤᠯᠳᠠ ᠶᠢᠨ ᠲᠤᠳᠤᠷ᠎ᠠ ᠰᠢᠢᠳᠪᠤᠷᠢᠯᠡᠬᠦ᠂ ᠠᠶᠤᠯ ᠲᠦᠭᠰᠢᠬᠦᠷᠢ ᠶᠢ ᠲᠤᠤᠷᠵᠢᠯ ᠬᠠᠮᠢᠶᠠᠷᠤᠯᠳᠠ ᠶᠢᠨ ᠲᠤᠳᠤᠷ᠎ᠠ ᠠᠷᠢᠯᠭᠠᠬᠤ᠂ ᠠᠮᠤᠷ ᠲᠦᠪᠰᠢᠨ ᠢ ᠲᠤᠤᠷᠵᠢᠯ ᠬᠠᠮᠢᠶᠠᠷᠤᠯᠳᠠ ᠶᠢᠨ ᠲᠤᠳᠤᠷ᠎ᠠ ᠪᠤᠢ ᠪᠤᠯᠭᠠᠬᠤ᠂ ᠦᠢᠯᠡᠴᠢᠯᠡᠭᠡ ᠶᠢ ᠲᠤᠤᠷᠵᠢᠯ ᠬᠠᠮᠢᠶᠠᠷᠤᠯᠳᠠ ᠶᠢᠨ ᠲᠤᠳᠤᠷ᠎ᠠ ᠨᠠᠶᠢᠳᠠᠪᠤᠷᠢᠵᠢᠭᠤᠯᠬᠤ᠂ ᠬᠠᠮᠢᠶᠠᠷᠤᠯᠳᠠ ᠶᠢ ᠲᠤᠤᠷᠵᠢᠯ ᠬᠠᠮᠢᠶᠠᠷᠤᠯᠳᠠ ᠶᠢᠨ ᠲᠤᠳᠤᠷ᠎ᠠ ᠦᠷ᠎ᠡ ᠪᠦᠳᠦᠮᠵᠢ       ᠭᠠᠷᠭᠠᠬᠤ ᠶᠢ ᠪᠡᠶᠡᠯᠡᠬᠦᠯᠵᠡᠢ᠃      ᠬᠤᠰᠢᠭᠤᠨ ᠤ ᠨᠡᠶᠢᠬᠡᠮ ᠤᠨ ᠠᠮᠤᠷ ᠲᠦᠪᠰᠢᠨ ᠢ ᠶᠡᠷᠤᠩᠭᠡᠶᠢᠯᠡᠨ ᠵᠠᠰᠠᠬᠤ ᠲᠦᠪ ᠤᠨ ᠲᠤᠤᠷᠵᠢᠯ ᠬᠠᠮᠢᠶᠠᠷᠤᠯᠳᠠ ᠶᠢᠨ ᠦᠢᠯᠡᠴᠢᠯᠡᠭᠡᠨ ᠤ ᠬᠠᠮᠢᠶᠠᠷᠤᠯᠳᠠ ᠶᠢᠨ ᠠᠵᠢᠯ ᠤᠨ ᠬᠠᠷᠢᠭᠤᠴᠠᠯᠭᠠᠳᠠᠨ ᠰᠦᠨ ᠶᠠᠨ ᠴᠦ᠋᠄     ︽ᠭᠤᠤᠯᠳᠠᠭᠤ ᠪᠠᠷᠢᠮᠵᠢᠶᠠᠳᠤ ᠬᠠᠶ᠋ᠢᠭ᠂ ᠬᠦᠮᠦᠨ ᠠᠮᠠ ᠶᠢᠨ ᠬᠠᠮᠢᠶᠠᠷᠤᠯᠳᠠ ᠵᠡᠷᠭᠡ ᠵᠠᠰᠠᠯᠳᠠ ᠶᠢᠨ ᠨᠢᠭᠡᠴᠡ ᠶᠢᠨ ᠲᠤᠭᠤᠷᠢᠨ ᠳᠤ᠂ ᠨᠡᠶᠢᠬᠡᠮ ᠲᠤᠭᠤᠷᠢᠭ ᠤᠨ ᠠᠷᠠᠳ ᠤᠨ ᠴᠠᠭᠳᠠᠭ᠎ᠠ ᠲᠤᠰᠬᠠᠢ ᠮᠡᠷᠭᠡᠵᠢᠯ ᠳᠡᠭᠡᠨ ᠲᠦᠰᠢᠭᠯᠡᠨ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠢ ᠵᠢᠯᠤᠭᠤᠳᠤᠵᠤ ᠪᠠᠶᠢᠭᠠᠳ ᠪᠠᠷᠢᠮᠵᠢᠶᠠᠳᠤ ᠬᠠᠶ᠋ᠢᠭ ᠤᠨ ᠬᠦᠮᠦᠷᠭᠡ᠂ ᠬᠠᠤᠯᠢ ᠶᠢᠨ ᠡᠷᠬᠡᠳᠡᠨ ᠤ ᠬᠦᠮᠦᠷᠭᠡ ᠶᠢ ᠪᠠᠶᠢᠭᠤᠯᠵᠤ᠂ ᠡᠭᠦᠨ ᠳᠤ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠲᠠᠨᠢᠵᠤ ᠮᠡᠳᠡᠬᠦ ᠬᠦᠮᠦᠨ ᠤᠯᠠᠨ᠂ ᠭᠠᠵᠠᠷ ᠪᠠᠶᠢᠳᠠᠯ ᠳᠤ ᠲᠤᠳᠤᠷᠬᠠᠢ ᠪᠠᠶᠢᠬᠤ ᠲᠠᠪᠠᠭᠤᠯᠢᠭ ᠢᠶᠠᠨ ᠪᠠᠳᠠᠷᠠᠭᠤᠯᠤᠨ ᠬᠦᠮᠦᠨ ᠠᠮᠠ ᠶᠢᠨ ᠮᠡᠳᠡᠭᠡ ᠵᠠᠩᠭᠢ ᠶᠢᠨ ᠮᠦᠷᠳᠡᠨ ᠪᠠᠶᠢᠴᠠᠭᠠᠯᠳᠠ ᠶᠢ ᠬᠢᠵᠤ᠂ ︽ᠵᠢᠦᠢ ᠶᠠᠨ ᠤ ᠲᠤᠤᠷᠵᠢᠯ ᠬᠠᠮᠢᠶᠠᠷᠤᠯᠳᠠ︾᠎ ᠶᠢᠨAPP᠎ ᠪᠠᠷ ᠲᠠᠮᠵᠢᠨ ᠮᠡᠳᠡᠭᠡ ᠵᠠᠩᠭᠢ ᠶᠢ ᠲᠠᠩᠰᠠᠯᠠᠭᠤᠯᠬᠤ ᠪᠠ ᠨᠡᠶᠢᠬᠡᠮ ᠤᠨ ᠵᠠᠰᠠᠯᠳᠠ ᠶᠢ ᠬᠤᠯᠪᠤᠭᠠᠯᠠᠨ ᠬᠦᠳᠡᠯᠦᠯᠴᠡᠨ ᠵᠢᠯᠤᠭᠤᠳᠬᠤ ᠲᠠᠪᠴᠠᠩ ᠳᠤ ᠲᠠᠩᠰᠠᠯᠠᠭᠤᠯᠵᠤ ᠤᠷᠤᠭᠤᠯᠤᠨ᠎ᠠ︾ ᠭᠡᠪᠡ᠃      ᠤᠳᠤ ᠪᠤᠯᠳᠠᠯ᠎ᠠ᠂ 24089 ᠵᠤᠷᠪᠤᠰ ᠪᠠᠷᠢᠮᠵᠢᠠᠶ᠋ᠳᠤ ᠬᠠᠶ᠋ᠢᠭ᠂ 32269  ᠵᠤᠷᠪᠤᠰ ᠬᠦᠮᠦᠰ ᠤᠨ ᠮᠡᠳᠡᠭᠡ ᠵᠠᠩᠭᠢ᠂1737 ᠵᠤᠷᠪᠤᠰ ᠬᠤᠳᠠᠯᠳᠤᠭᠠᠨ ᠤ ᠡᠷᠤᠬᠡ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠪᠠᠶᠢᠭᠤᠯᠤᠨ᠂ ᠰᠠᠭᠤᠭᠠᠯᠢ ᠠᠷᠠᠳ ᠪᠠ ᠭᠡᠷ ᠪᠠᠶᠢᠰᠢᠩ ᠤᠨ ᠮᠡᠳᠡᠭᠡ ᠵᠠᠩᠭᠢ ᠪᠠᠷ ᠰᠠᠭᠤᠷᠢ ᠪᠤᠯᠭᠠᠭᠰᠠᠨ ᠲᠤᠮᠤ ᠳ᠋ᠠᠶᠢᠲ᠋ᠠ ᠶᠢᠨ ᠰᠠᠭᠤᠷᠢ ᠶᠢ ᠬᠠᠮᠳᠤᠪᠡᠷ ᠪᠠᠳᠤ ᠪᠠᠬᠢ ᠪᠤᠢ ᠪᠤᠯᠭᠠᠭᠰᠠᠨ ᠪᠠᠶᠢᠨ᠎ᠠ᠃      ᠡᠨᠡ ᠵᠢᠯ ᠠᠴᠠ ᠨᠠᠰᠢ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠨᠢ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠲᠠᠢ ᠬᠠᠮᠳᠤᠷᠠᠨ ᠨᠡᠶᠢᠬᠡᠮ ᠲᠤᠭᠤᠷᠢᠭ ᠤᠨ ᠠᠷᠠᠳ ᠤᠨ ᠴᠠᠭᠳᠠᠭ᠎ᠠ ᠪᠤᠯᠤᠨ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠢ ᠵᠤᠬᠢᠶᠠᠨ ᠪᠠᠶᠢᠭᠤᠯᠵᠤ᠂             ︽ᠠᠯᠠᠱᠠ ᠶᠢᠨ ᠡᠷᠡᠬᠦᠯ ᠮᠡᠨᠳᠤ ᠶᠢᠨ ᠡᠷᠳᠡᠨᠢ︾᠎ ᠶᠢᠨ ᠲᠠᠯᠠᠪᠤᠷ ᠤᠨ ᠺᠣᠳ᠋ ᠤᠨ ᠪᠠᠶᠢᠴᠠᠭᠠᠯᠳᠠ ᠶᠢ 10 ᠭᠠᠷᠦᠢ ᠤᠳᠠᠭ᠎ᠠ ᠦᠷᠨᠢᠬᠦᠯᠵᠤ᠂ ᠲᠦᠷᠢᠶᠡᠰᠦᠨ ᠭᠡᠷ ᠪᠠᠶᠢᠰᠢᠩ ᠢ 15 ᠤᠳᠠᠭ᠎ᠠ ᠬᠠᠮᠳᠤᠪᠡᠷ ᠴᠡᠭᠴᠡᠯᠡᠨ ᠵᠠᠰᠠᠵᠤ ᠪᠠᠶᠢᠴᠠᠭᠠᠬᠤ ᠶᠢᠨ ᠬᠠᠮᠳᠤ ᠴᠠᠬᠢᠯᠭᠠᠨ ᠬᠤᠯᠪᠤᠭ᠎ᠠ ᠪᠠᠷ ᠮᠡᠬᠡᠯᠡᠬᠦ ᠶᠢ ᠡᠰᠡᠷᠭᠦᠴᠡᠬᠦ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ10 ᠭᠠᠷᠦᠢ ᠤᠳᠠᠭ᠎ᠠ ᠶᠠᠪᠤᠭᠳᠠᠭᠤᠯᠵᠤ᠂ ᠬᠠᠮᠤᠭ ᠪᠠᠭ᠎ᠠ ᠪᠠᠶᠢᠯᠳᠤᠭᠠᠨ ᠤ ᠨᠢᠭᠡᠴᠡ ᠪᠠᠷ ᠦᠨᠳᠤᠰᠤᠨ ᠱᠠᠳᠤᠨ ᠤ ᠵᠠᠰᠠᠯᠳᠠ ᠶᠢᠨ ᠬᠠᠮᠤᠭ ᠶᠡᠭᠡ ᠦᠷ᠎ᠡ ᠪᠦᠳᠦᠮᠵᠢ ᠶᠢ ᠤᠯᠤᠭᠰᠠᠨ ᠪᠠᠶᠢᠨ᠎ᠠ᠃ ᠡᠭᠦᠨ ᠤ ᠵᠡᠷᠭᠡᠪᠡᠷ᠂ ᠨᠡᠭᠦᠳᠡᠯ ᠬᠦᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠳᠠ ᠪᠠᠷ ᠭᠤᠤᠯᠯᠠᠭᠤᠯᠤᠭᠰᠠᠨ ᠠᠮᠤᠷ ᠢ ᠬᠠᠮᠠᠭᠠᠯᠠᠬᠤ ᠶᠡᠷᠤᠩᠭᠡᠶᠢᠯᠡᠭᠰᠡᠨ ᠬᠦᠴᠦᠨ ᠵᠦᠢᠯ ᠤᠨ ᠰᠠᠭᠤᠷᠢ ᠲᠤᠭ᠎ᠠ ᠨᠢ ᠲᠤᠳᠤᠷᠬᠠᠢ ᠪᠤᠰᠤ᠂ ᠪᠠᠶᠢᠳᠠᠯ ᠨᠢ ᠲᠤᠳᠤᠷᠬᠠᠢ       ᠦᠭᠡᠢ᠂ ᠬᠠᠮᠢᠶᠠᠷᠤᠯᠳᠠ ᠠᠴᠠ ᠭᠤᠭᠤᠵᠢᠭᠳᠠᠭᠰᠠᠨ ᠵᠡᠷᠭᠡ ᠬᠦᠴᠢᠷ ᠠᠰᠠᠭᠤᠳᠠᠯ ᠢ ᠰᠢᠢᠳᠪᠤᠷᠢᠯᠡᠬᠦ ᠶᠢᠨ ᠲᠤᠰᠠᠳᠠ᠂ ᠨᠡᠶᠢᠬᠡᠮ ᠲᠤᠭᠤᠷᠢᠭ ᠤᠨ ᠠᠷᠠᠳ ᠤᠨ ᠴᠠᠭᠳᠠᠭ᠎ᠠ ᠪᠠ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠬᠠᠮᠳᠤᠪᠡᠷ ᠤᠷᠤᠯᠴᠠᠵᠤ᠂ ᠨᠡᠭᠦᠳᠡᠯ ᠬᠦᠮᠦᠨ ᠠᠮᠠ ᠶᠢᠨ ᠮᠡᠳᠡᠭᠡ ᠵᠠᠩᠭᠢ ᠪᠠ ᠲᠦᠷᠢᠶᠡᠰᠦᠨ ᠭᠡᠷ ᠪᠠᠶᠢᠰᠢᠩ ᠤᠨ ᠮᠡᠳᠡᠭᠡ       ᠵᠠᠩᠭᠢ ᠶᠢ ᠴᠤᠭᠯᠠᠭᠤᠯᠬᠤ ᠠᠵᠢᠯᠯᠠᠭ᠎ᠠ ᠶᠢ ᠦᠷᠨᠢᠬᠦᠯᠪᠡ᠃ ᠲᠤᠤᠷᠵᠢᠯ ᠬᠠᠮᠢᠶᠠᠷᠤᠯᠳᠠ ᠶᠢᠨ ᠠᠵᠢᠯᠳᠠᠨ ᠬᠠᠮᠤᠭ ᠲᠡᠷᠢᠬᠦᠨ ᠳᠤ ᠮᠡᠳᠡᠭᠡ ᠵᠠᠩᠭᠢ ᠶᠢ ᠨᠡᠶᠢᠬᠡᠮ ᠲᠤᠭᠤᠷᠢᠭ ᠤᠨ ᠠᠷᠠᠳ ᠤᠨ ᠴᠠᠭᠳᠠᠭ᠎ᠠ ᠳᠤ ᠬᠦᠷᠭᠡᠵᠤ᠂ ᠠᠷᠠᠳ ᠤᠨ ᠴᠠᠭᠳᠠᠭ᠎ᠠ ᠲᠤᠭ᠎ᠠ ᠪᠠᠷᠢᠮᠳᠠ ᠶᠢᠨ ᠨᠠᠷᠢᠯᠢᠭ ᠤᠨᠤᠪᠴᠢᠲᠠᠢ ᠦᠢᠯᠡᠴᠢᠯᠡᠭᠡ ᠶᠢᠨ ᠴᠡᠭᠴᠡᠯᠡᠨ ᠵᠠᠰᠠᠯᠳᠠ ᠪᠠᠷ ᠲᠠᠮᠵᠢᠨ᠂ ᠪᠢᠳᠡᠬᠦᠤ ᠴᠠᠭᠠᠷᠢᠭ ᠤᠨ ᠬᠢᠨᠠᠯᠳᠠ ᠬᠠᠮᠢᠶᠠᠷᠤᠯᠳᠠ ᠶᠢ ᠪᠡᠶᠡᠯᠡᠬᠦᠯᠳᠡᠭ ᠪᠠᠶᠢᠨ᠎ᠠ᠃ ᠤᠳᠤᠬᠠᠨ ᠳᠤ᠂ ᠨᠡᠭᠦᠳᠡᠯ ᠬᠦᠮᠦᠨ ᠠᠮᠠ ᠶᠢᠨ ᠮᠡᠳᠡᠭᠡ ᠵᠠᠩᠭᠢ ᠶᠢ ᠨᠡᠶᠢᠳᠡ 16737 ᠵᠤᠷᠪᠤᠰ᠂ ᠲᠦᠷᠢᠶᠡᠰᠦᠨ ᠭᠡᠷ ᠪᠠᠶᠢᠰᠢᠩ ᠤᠨ ᠮᠡᠳᠡᠭᠡ ᠵᠠᠩᠭᠢ ᠶᠢ 887 ᠵᠤᠷᠪᠤᠰ ᠪᠠᠶᠢᠴᠠᠭᠠᠨ ᠪᠦᠷᠢᠳᠬᠡᠵᠤ᠂ ᠠᠮᠤᠷ ᠲᠦᠪᠰᠢᠨ ᠤ ᠲᠠᠯᠳᠠ ᠭᠡᠮ ᠤᠨ ᠮᠡᠳᠡᠭᠡ ᠵᠠᠩᠭᠢ 30 ᠭᠠᠷᠦᠢ ᠵᠤᠷᠪᠤᠰ ᠢ ᠲᠡᠭᠡᠭᠰᠢ ᠮᠡᠳᠡᠭᠦᠯᠦᠭᠰᠡᠨ ᠪᠠᠶᠢᠨ᠎ᠠ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号