ᠡᠵᠡᠨ᠎ᠡ ᠬᠤᠰᠢᠭᠤᠨ ᠤ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠡᠮᠵᠢᠬᠦ ᠡᠩᠨᠡᠭᠡ ᠨᠢ ᠢᠯᠠᠯᠲᠠ ᠲᠠᠢ ᠪᠠᠷ ᠪᠣᠴᠠᠨ ᠢᠷᠡᠯ᠎ᠡ
ᠨᠡᠶᠢᠲᠡᠯᠡᠭᠰᠡᠨ ᠴᠠᠭ᠄
2022/10/28
      10 ᠳ᠋ᠤᠭᠠᠷ ᠰᠠᠷ᠎ᠠ ᠶᠢᠨ 27᠎ ᠤ ᠣᠷᠣᠢ᠂ ᠡᠵᠡᠨ᠎ᠡ ᠬᠤᠰᠢᠭᠤᠨ ᠤ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠡᠮᠵᠢᠬᠦ ᠡᠩᠨᠡᠭᠡ ᠢᠯᠠᠯᠲᠠ ᠲᠠᠢ ᠪᠠᠷ ᠪᠤᠴᠠᠵᠤ ᠢᠷᠡᠪᠡ᠃      ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠰᠢᠨ᠎ᠡ ᠪᠠᠷ ᠡᠭᠦᠰᠦᠭᠰᠡᠨ ᠲᠤᠰ ᠣᠷᠣᠢ ᠨᠢ ᠡᠵᠡᠨ᠎ᠡ ᠬᠤᠰᠢᠭᠤᠨ ᠤ ᠬᠢᠨ ᠲᠤᠷᠰᠢᠯᠭ᠎ᠠ ᠪᠠᠷ ᠪᠠᠶᠠᠯᠢᠭ᠂ ᠴᠢᠳᠠᠪᠤᠷᠢ ᠪᠠᠷ ᠴᠠᠭᠠᠷᠠᠭᠰᠠᠨ 58 ᠺᠠᠳ᠋ᠷ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠶᠢ ᠰᠣᠩᠭᠤᠨ ᠲᠣᠮᠢᠯᠠᠵᠤ᠂ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠣᠴᠢᠭᠤᠯᠪᠠ᠃ ᠲᠤᠤᠷᠠᠯᠵᠢᠨ ᠬᠡᠯᠪᠡᠷᠢ ᠪᠠᠷ ᠵᠢᠵᠢᠭᠦᠷᠯᠡᠨ ᠰᠠᠬᠢᠬᠤ᠂ ᠡᠳ᠋ ᠪᠣᠳᠠᠰ ᠢ ᠲᠣᠬᠢᠷᠠᠭᠤᠯᠤᠨ ᠬᠦᠷᠭᠡᠬᠦ᠂ ᠲᠤᠰᠠᠭᠠᠷᠯᠠᠨ ᠰᠢᠯᠵᠢᠭᠦᠯᠦᠨ ᠲᠡᠭᠡᠭᠡᠪᠦᠷᠢᠯᠡᠬᠦ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ᠂ ᠠᠷᠢᠭᠤᠳᠬᠠᠨ ᠠᠷᠢᠯᠭᠠᠬᠤ᠂ ︽ᠡᠭᠦᠳᠡ ᠲᠣᠭᠰᠢᠬᠤ ᠠᠵᠢᠯᠯᠠᠭ᠎ᠠ︾ ᠵᠡᠷᠭᠡ ᠠᠵᠢᠯ ᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ  ᠦᠢᠯᠡᠳᠦᠯᠭᠡᠵᠢᠭᠦᠯᠦᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号