ᠮᠠᠨ ᠤ ᠬᠤᠰᠢᠭᠤᠨ ᠤ 2022 ᠤᠨ ᠤ ᠰᠤᠷᠤᠭᠴᠢᠳ ᠤᠨ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠲᠠ ᠎ ᠶᠢᠨ ᠠᠵᠢᠯ ᠪᠦᠬᠦ ᠲᠠᠯ᠎ᠠ ᠪᠠᠷ ᠡᠬᠢᠯᠡᠪᠡ
ᠨᠡᠶᠢᠲᠡᠯᠡᠭᠰᠡᠨ ᠴᠠᠭ᠄
2022/10/31
                                ᠨᠠᠶᠢᠷᠠᠭᠤᠯᠤᠭᠴᠢ᠄ ᠠᠯᠲᠠᠨᠲᠠᠨ᠎ᠠ      ᠤᠶᠢᠷ᠎ᠠ ᠶᠢᠨ ᠡᠳᠦᠷ᠂ ᠮᠠᠨ ᠤ ᠬᠤᠰᠢᠭᠤᠨ ᠤ 2022 ᠤᠨ ᠤ ᠰᠤᠷᠤᠭᠴᠢᠳ ᠤᠨ ᠪᠠᠶᠢᠩᠭᠤ ᠳᠤᠬᠢᠶᠠᠯᠳᠤᠬᠤ ᠡᠪᠡᠳᠴᠢᠨ ᠪᠠ ᠡᠷᠡᠭᠦᠯ ᠮᠡᠨᠳᠦ ᠶᠢ ᠨᠦᠯᠦᠭᠡᠯᠡᠬᠦ ᠬᠦᠴᠦᠨ ᠵᠦᠢᠯ ᠢ ᠬᠢᠨᠠᠨ ᠪᠠᠶᠢᠴᠠᠭᠠᠬᠤ ᠪᠠ ᠬᠠᠮᠢᠶᠠᠷᠠᠬᠤ ᠠᠵᠢᠯ ᠡᠯ᠎ᠡ ᠲᠤᠮᠳᠠᠳᠤ ᠪᠠᠭ᠎ᠠ ᠰᠤᠷᠭᠠᠭᠤᠯᠢ ᠪᠤᠯᠤᠨ ᠬᠡᠤᠬᠡᠳ ᠤᠨ ᠴᠡᠴᠡᠷᠯᠢᠭ ᠲᠤ ᠶᠠᠪᠤᠭᠳᠠᠪᠠ᠃      ᠪᠡᠶ᠎ᠡ ᠶᠢᠨ ᠪᠠᠶᠢᠴᠠᠭᠠᠯᠲᠠ ᠶᠢᠨ ᠠᠬᠤᠢ ᠲᠠᠯᠠᠪᠠᠢ ᠳᠤ᠂ ᠰᠤᠷᠤᠭᠴᠢᠳ ᠮᠠᠨᠢ ︽ᠪᠡᠶ᠎ᠡ ᠶᠢᠨ       ᠪᠠᠶᠢᠴᠠᠭᠠᠯᠲᠠ ᠶᠢᠨ ᠬᠦᠰᠦᠨᠦᠭᠲᠦ︾᠎ ᠪᠠᠨ ᠲᠠᠭᠯᠠᠵᠤ᠂ ᠡᠮᠨᠡᠯᠭᠡ ᠶᠢᠨ ᠠᠵᠢᠯᠲᠠᠨ ᠤ ᠵᠢᠯᠤᠭᠤᠳᠤᠯᠭ᠎ᠠ ᠲᠤᠤᠷ᠎ᠠ ᠡᠯ᠎ᠡ ᠲᠦᠷᠦᠯ ᠤᠨ ᠪᠠᠶᠢᠴᠠᠭᠠᠯᠲᠠ ᠪᠠᠨ ᠨᠠᠷᠢᠨ ᠬᠢᠨᠠᠮᠠᠭᠠᠢ ᠬᠢᠵᠡᠭᠡᠨ᠎ᠡ᠃ ᠠᠵᠢᠯᠳᠠᠳ ᠠᠴᠠ ᠰᠤᠷᠤᠭᠴᠢᠳ ᠤᠨ ᠬᠢᠭᠰᠡᠨ ᠪᠡᠶ᠎ᠡ ᠶᠢᠨ ᠪᠠᠶᠢᠴᠠᠭᠠᠯᠲᠠ ᠶᠢᠨ ᠪᠠᠶᠢᠳᠠᠯ ᠢ ᠨᠠᠷᠢᠨ ᠲᠡᠮᠳᠡᠭᠯᠡᠬᠦ ᠶᠢᠨ ᠬᠠᠮᠲᠤ᠂ ᠬᠠᠮᠢᠶ᠎ᠠ ᠪᠦᠬᠦᠢ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠵᠤ ᠦᠭᠴᠡᠢ᠃      ᠬᠤᠰᠢᠭᠤᠨ ᠤ ᠳᠤᠮᠳᠠᠳᠤ ᠰᠤᠷᠭᠠᠭᠤᠯᠢ ᠶᠢᠨ ᠰᠤᠷᠤᠭᠴᠢ ᠴᠢᠶᠣᠣ ᠯᠥᠩ ᠵᠢᠶᠦ᠋ᠨ᠄ ︽ᠡᠨᠡ ᠤᠳᠠᠭᠠᠨ ᠤ ᠪᠡᠶ᠎ᠡ ᠶᠢᠨ ᠪᠠᠶᠢᠴᠠᠭᠠᠯᠲᠠ ᠠᠴᠠ ᠪᠢ ᠦᠪᠡᠷ ᠤᠨ ᠪᠡᠶ᠎ᠡ ᠶᠢᠨ  ᠡᠷᠡᠭᠦᠯ ᠮᠡᠨᠳᠤ ᠶᠢᠨ ᠪᠠᠶᠢᠳᠠᠯ ᠢᠶᠠᠨ ᠨᠡᠩ ᠰᠠᠶᠢᠨ ᠣᠶᠢᠯᠠᠭᠠᠯ᠎ᠠ᠃ ᠬᠤᠶᠢᠰᠢᠲᠠ ᠶᠢᠨ ᠡᠳᠦᠷ ᠳᠤᠲᠤᠮ ᠤᠨ ᠠᠮᠢᠳᠤᠷᠠᠯ ᠳᠤᠮᠳᠠ᠂ ᠢᠳᠡᠰᠢ ᠤᠤᠭᠤᠰᠢ ᠪᠠᠨ ᠨᠡᠩ ᠰᠠᠶᠢᠨ ᠵᠤᠬᠢᠴᠠᠭᠤᠯᠵᠤ᠂ ᠲᠠᠮᠢᠷ ᠤᠨ ᠬᠦᠳᠡᠯᠭᠡᠭᠡᠨ ᠳᠤ ᠢᠲᠡᠪᠬᠢᠲᠡᠢ ᠤᠷᠤᠯᠴᠠᠨ᠂ ᠡᠩ ᠤᠨ ᠴᠠᠭ ᠲᠠᠭᠠᠨ       ᠨᠢᠲᠦ ᠪᠠᠨ ᠰᠠᠶᠢᠲᠦᠷ ᠬᠠᠮᠠᠭᠠᠯᠠᠨ᠎ᠠ ᠭᠡᠪᠡ᠃      ᠲᠤᠰ ᠤᠳᠠᠭᠠᠨ ᠤ ᠪᠠᠶᠢᠩᠭᠤ ᠲᠤᠬᠢᠶᠠᠯᠳᠤᠳᠠᠭ ᠡᠪᠡᠳᠴᠢᠨ ᠪᠠ ᠡᠷᠡᠬᠦᠯ ᠮᠡᠨᠳᠤ ᠶᠢ ᠨᠦᠯᠦᠭᠡᠯᠡᠬᠦ ᠬᠦᠴᠦᠨ ᠵᠦᠢᠯ ᠢ ᠬᠢᠨᠠᠨ ᠪᠠᠶᠢᠴᠠᠭᠠᠬᠤ ᠪᠤᠯᠤᠨ ᠬᠠᠮᠢᠶᠠᠷᠬᠤ ᠠᠵᠢᠯ ᠨᠢ  ᠰᠤᠷᠭᠠᠭᠤᠯᠢ ᠳᠤ ᠪᠠᠶᠢᠭ᠎ᠠ ᠰᠤᠷᠤᠭᠴᠢ ᠨᠢᠭᠡᠪᠤᠷᠢ ᠳᠤ ᠡᠷᠡᠬᠦᠯ ᠮᠡᠨᠳᠤ ᠶᠢᠨ ᠲᠠᠩᠰᠠ ᠡᠪᠬᠡᠮᠡᠯ ᠪᠠᠶᠢᠭᠤᠯᠵᠤ ᠦᠭᠭᠦ ᠶᠢᠨ ᠬᠠᠮᠳᠤ ᠰᠤᠷᠤᠭᠴᠢᠳ ᠤᠨ ᠪᠡᠶ᠎ᠡ ᠮᠠᠬᠠᠪᠤᠳ ᠤᠨ ᠪᠤᠶᠢᠵᠢᠯᠳᠠ ᠵᠢᠴᠢ ᠡᠷᠡᠬᠦᠯ ᠮᠡᠨᠳᠤ ᠶᠢᠨ ᠪᠠᠶᠢᠳᠠᠯ ᠳᠤ ᠮᠦᠷᠳᠡᠨ ᠪᠠᠶᠢᠴᠠᠭᠠᠯᠳᠠ ᠪᠠ ᠲᠡᠮᠳᠡᠭᠯᠡᠯ ᠬᠢᠪᠡ᠃ ᠮᠦᠨᠴᠤ ᠡᠮᠨᠡᠯᠭᠡ ᠶᠢᠨ ᠠᠵᠢᠯᠳᠠᠳ ᠠᠴᠠ ᠰᠤᠷᠤᠭᠴᠢᠳ ᠲᠤ ᠡᠷᠡᠬᠦᠯ ᠮᠡᠨᠳᠤ ᠶᠢᠨ ᠮᠡᠳᠡᠯᠭᠡ ᠶᠢᠨ ᠲᠠᠶᠢᠯᠤᠮᠵᠢ ᠬᠢᠬᠦ ᠪᠠᠷ ᠲᠠᠮᠵᠢᠨ᠂ ᠰᠤᠷᠤᠭᠴᠢᠳ ᠤᠨ ᠦᠪᠡᠷ ᠢ ᠪᠠᠨ ᠡᠷᠡᠬᠦᠯᠵᠢᠬᠦᠯᠬᠦ ᠤᠬᠠᠮᠰᠠᠷ ᠪᠠ ᠡᠷᠡᠭᠦᠯ ᠮᠡᠨᠳᠤ ᠶᠢᠨ ᠦᠵᠡᠯᠳᠡ ᠶᠢ ᠴᠢᠩᠭᠠᠳᠬᠠᠵᠤ᠂ ᠲᠡᠳᠡᠨᠡᠷ ᠤᠨ ᠬᠠᠮᠤᠭ ᠤᠨ ᠰᠠᠶᠢᠨ ᠪᠡᠶ᠎ᠡ ᠮᠠᠬᠠᠪᠤᠳ ᠤᠨ ᠪᠠᠶᠢᠳᠠᠯ ᠢᠶᠠᠷ ᠢᠶᠠᠨ ᠰᠤᠷᠤᠯᠭ᠎ᠠ ᠪᠠ ᠠᠮᠢᠳᠤᠷᠠᠯ ᠳᠤ ᠤᠷᠤᠯᠴᠠᠬᠤ ᠶᠢ ᠦᠨᠡᠨᠬᠦ ᠪᠠᠳᠤᠯᠠᠵᠡᠢ᠃      ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠨᠠᠮ ᠤᠨ ᠤᠳᠤᠷᠢᠳᠬᠤ       ᠳᠤᠭᠤᠶᠢᠯᠠᠩ ᠤᠨ ᠪᠦᠷᠢᠯᠳᠦᠬᠦᠨ ᠭᠡᠰᠢᠭᠦᠨ᠂ ᠳᠡᠳ᠋ ᠡᠷᠬᠢᠯᠡᠭᠴᠢ ᠳ᠋ᠦ᠋ ᠰᠢᠨ᠄ ︽ᠰᠤᠷᠤᠭᠴᠢ ᠶᠢᠨ ᠪᠠᠶᠢᠩᠭᠤ ᠳᠤᠬᠢᠶᠠᠯᠳᠤᠬᠤ ᠡᠪᠡᠳᠴᠢᠨ ᠪᠠ ᠡᠷᠡᠭᠦᠯ ᠮᠡᠨᠳᠦ ᠶᠢ ᠨᠦᠯᠦᠭᠡᠯᠡᠬᠦ ᠬᠦᠴᠦᠨ ᠵᠦᠢᠯ ᠢ ᠬᠢᠨᠠᠨ ᠪᠠᠶᠢᠴᠠᠭᠠᠬᠤ ᠪᠠ ᠬᠠᠮᠢᠶᠠᠷᠠᠬᠤ ᠠᠵᠢᠯ ᠢᠶᠠᠷ ᠳᠠᠮᠵᠢᠨ᠂  ᠬᠤᠰᠢᠭᠤᠨ ᠤ ᠵᠠᠯᠠᠭᠤᠴᠤᠳ ᠪᠠᠭᠠᠴᠤᠳ ᠤᠨ ᠪᠠᠶᠢᠩᠭᠤ ᠳᠤᠬᠢᠶᠠᠯᠳᠤᠬᠤ ᠡᠪᠡᠳᠴᠢᠨ ᠵᠢᠴᠢ ᠦᠰᠪᠦᠷᠢ ᠬᠡᠤᠬᠡᠳ ᠤᠨ ᠦᠰᠦᠨ ᠪᠤᠶᠢᠵᠢᠯᠲᠠ ᠶᠢᠨ ᠪᠠᠶᠢᠳᠠᠯ ᠢ ᠤᠶᠢᠯᠠᠭᠠᠵᠡᠢ᠃ ᠡᠨᠡ ᠨᠢ ᠳᠠᠷᠠᠭᠠᠴᠢ ᠶᠢᠨ ᠠᠯᠬᠤᠮ ᠤᠨ ᠬᠠᠨᠳᠤᠯᠭᠠᠲᠦ ᠴᠢᠨᠠᠷ ᠲᠠᠢ ᠠᠷᠭ᠎ᠠ ᠬᠡᠮᠵᠢᠶ᠎ᠡ ᠠᠪᠬᠤ ᠳᠤ ᠦᠨᠳᠦᠰᠦᠯᠡᠯ ᠢ ᠬᠠᠩᠭᠠᠵᠤ᠂ ᠡᠷᠲᠡ ᠠᠴᠠ ᠢᠯᠡᠷᠡᠭᠦᠯᠵᠦ᠂ ᠡᠷᠲᠡ ᠠᠴᠠ ᠠᠩᠬᠠᠷᠤᠨ᠂ ᠡᠷᠲᠡ ᠠᠴᠠ ᠬᠠᠮᠠᠭᠠᠯᠠᠵᠤ᠂ ᠡᠷᠲᠡᠡ ᠠᠴᠠ ᠡᠮᠨᠡᠭᠦᠯᠬᠦ ᠶᠢ ᠬᠢᠵᠦ ᠴᠢᠳᠠᠬᠤ ᠪᠤᠯᠤᠨ᠎ᠠ᠃ ᠮᠦᠨᠴᠦ ᠵᠠᠯᠠᠭᠤᠴᠤᠳ ᠪᠠᠭᠠᠴᠤᠳ ᠤᠨ ᠡᠷᠡᠬᠦᠯ ᠮᠡᠨᠳᠦ ᠦᠰᠦᠨ ᠪᠤᠶᠢᠵᠢᠯᠲᠠ ᠳᠤ  ᠪᠠᠲᠤᠯᠠᠭ᠎ᠠ ᠬᠠᠩᠭᠠᠬᠤ ᠪᠤᠯᠤᠨ᠎ᠠ ᠭᠡᠪᠡ᠃      ᠤᠶᠢᠯᠠᠭᠠᠭᠰᠠᠨ ᠢᠶᠠᠷ᠂ ᠲᠤᠰ ᠲᠦᠷᠦᠯ ᠤᠨ ᠠᠵᠢᠯ ᠨᠢ ᠬᠤᠰᠢᠭᠤᠨ ᠤ ᠡᠪᠡᠳᠴᠢᠨ ᠡᠮᠬᠡᠭ ᠢ ᠬᠤᠷᠢᠭᠯᠠᠬᠤ ᠲᠦᠪ᠂ ᠠᠯᠠᠱᠠ ᠶᠢᠨ ᠰᠢᠶᠠᠩ ᠯᠦᠩ ᠶᠡᠷᠤᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠵᠢᠴᠢ ᠬᠤᠰᠢᠭᠤᠨ ᠤ ᠡᠯ᠎ᠡ ᠡᠮᠴᠢᠯᠡᠭᠡᠨ ᠤ ᠪᠠᠶᠢᠭᠤᠯᠤᠮᠵᠢ ᠬᠠᠮᠳᠤᠷᠠᠨ ᠪᠡᠶᠡᠯᠡᠬᠦᠯᠵᠤ᠂ ᠮᠠᠨ ᠤ ᠬᠤᠰᠢᠭᠤᠨ ᠤ ᠵᠠᠯᠠᠭᠤᠴᠤᠳ ᠪᠠᠭᠠᠴᠤᠳ᠂       ᠬᠡᠤᠬᠡᠳ ᠤᠨ ᠤᠶᠢᠷ᠎ᠠ ᠬᠠᠷᠠᠭ᠎ᠠ᠂ ᠮᠠᠷᠢᠶ᠎ᠠ ᠲᠠᠷᠭᠤ᠂ ᠨᠢᠷᠤᠭᠤ ᠶᠠᠰᠤᠨ ᠤ ᠬᠡᠪ ᠪᠤᠰᠤ ᠶᠢᠨ ᠪᠤᠶᠢᠵᠢᠯᠲᠠ ᠵᠡᠷᠭᠡ ᠪᠠᠶᠢᠩᠭᠤ ᠲᠤᠬᠢᠶᠠᠯᠳᠤᠳᠠᠭ ᠡᠪᠡᠳᠴᠢᠨ ᠤ ᠪᠠᠶᠢᠳᠠᠯ ᠪᠠ ᠡᠷᠡᠬᠦᠯ ᠮᠡᠨᠳᠤ ᠶᠢ ᠨᠦᠯᠦᠭᠡᠯᠡᠬᠦ ᠭᠤᠤᠯ ᠬᠦᠴᠦᠨ ᠵᠦᠢᠯ ᠢ ᠡᠵᠡᠮᠰᠢᠵᠤ ᠪᠠᠶᠢᠭᠠᠳ ᠬᠠᠨᠳᠤᠯᠭᠠᠳᠤ ᠴᠢᠨᠠᠷᠳᠠᠢ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠵᠠᠯᠠᠭᠤᠴᠤᠳ ᠪᠠᠭᠠᠴᠤᠳ᠂ ᠬᠡᠤᠬᠡᠳ ᠤᠨ ᠡᠷᠡᠬᠦᠯ ᠮᠡᠨᠳᠤ ᠶᠢ ᠪᠠᠳᠤᠯᠠᠨ ᠠᠬᠢᠭᠤᠯᠬᠤ ᠶᠢᠨ ᠲᠦᠯᠦᠭᠡ ᠶᠤᠮ᠃ ᠪᠦᠬᠦ ᠬᠤᠰᠢᠭᠤᠨ ᠤ 3       ᠬᠡᠤᠬᠡᠳ ᠤᠨ ᠴᠡᠴᠡᠷᠯᠢᠭ᠂ 2 ᠪᠠᠭ᠎ᠠ ᠰᠤᠷᠭᠠᠭᠤᠯᠢ᠂ 2 ᠲᠤᠮᠳᠠᠳᠤ ᠰᠤᠷᠭᠠᠭᠤᠯᠢ ᠶᠢᠨ 1900 ᠭᠠᠷᠦᠢ       ᠰᠤᠷᠤᠭᠴᠢ ᠳᠤ ᠤᠶᠢᠷ᠎ᠠ ᠬᠠᠷᠠᠭ᠎ᠠ᠂ ᠪᠡᠶ᠎ᠡ ᠶᠢᠨ ᠦᠨᠳᠤᠷ᠂ ᠪᠡᠶ᠎ᠡ ᠶᠢᠨ ᠬᠦᠨᠳᠤ᠂ ᠴᠢᠰᠤᠨ ᠲᠠᠷᠤᠯᠳᠠ᠂ ᠰᠢᠳᠤ ᠬᠤᠷᠣᠬᠠᠶᠢᠳᠠᠬᠤ ᠵᠡᠷᠭᠡ ᠪᠡᠶ᠎ᠡ ᠶᠢᠨ ᠡᠷᠡᠭᠦᠯ ᠮᠡᠨᠲᠤ ᠶᠢᠨ ᠪᠠᠶᠢᠴᠠᠭᠠᠯᠳᠠ ᠶᠢᠨ ᠠᠵᠢᠯ ᠢ ᠦᠷᠨᠢᠬᠦᠯᠦᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号