ᠬᠡᠳᠦᠨ ᠮᠢᠩᠭᠠᠨ ᠵᠢᠯ ᠤᠨ ᠲᠤᠷᠰᠢ᠂ ᠲᠣᠣᠷᠠᠢ ᠨᠢ ᠭᠤᠪᠢ ᠨᠤᠲᠤᠭ ᠲᠤ ᠥᠨᠳᠤᠰᠤᠯᠡᠨ ᠤᠷᠭᠤᠵᠤ᠂ | ᠨᠣᠭᠤᠭᠠᠨ ᠪᠦᠷᠢᠳᠦ ᠶᠢ ᠰᠠᠬᠢᠨ ᠬᠠᠮᠠᠭᠠᠯᠠᠭᠰᠠᠭᠠᠷ ᠢᠷᠡᠵᠡᠶ᠃ ᠡᠵᠡᠨ᠎ᠡ ᠶᠢᠨ ᠡᠨᠡᠬᠦ ᠬᠠᠯᠠᠭᠤᠨ ᠬᠥᠷᠥᠰᠥᠨ ᠳᠤ | ᠦᠶ᠎ᠡ ᠤᠯᠠᠷᠢᠨ ᠠᠮᠢᠳᠤᠷᠠᠵᠤ ᠪᠠᠶᠢᠭ᠎ᠠ ᠬᠥᠮᠦᠰ ︿︿ᠲᠣᠣᠷᠠᠢ ᠶᠢᠨ ᠵᠣᠷᠢᠭ ᠰᠠᠨᠠᠭ᠎ᠠ﹀﹀ ᠪᠠᠷ ᠨᠤᠭᠤᠷᠠᠰᠢ ᠦᠬᠡᠢ | ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠂ ᠡᠬᠡ ᠤᠯᠤᠰ ᠤᠨ ᠤᠮᠠᠷᠠᠲᠤ ᠬᠢᠯᠢ ᠳᠤ | ᠠᠮᠢᠳᠤᠷᠠᠨ ᠰᠠᠭᠤᠷᠢᠰᠢᠵᠤ᠂ ᠰᠠᠯᠬᠢ ᠪᠣᠷᠣᠭᠠᠨ ᠴᠠᠰᠤ ᠰᠢᠭᠤᠷᠭᠠᠨ ᠤ ᠳᠤᠮᠳᠠ ᠬᠡᠷ ᠣᠷᠣᠨ ᠢᠶᠠᠨ ᠰᠠᠬᠢᠨ | ᠬᠠᠮᠠᠭᠠᠯᠠᠵᠣ᠂ ᠰᠡᠳᠬᠢᠯ ᠬᠥᠳᠡᠯᠭᠡᠮ᠎ᠡ ᠦᠯᠢᠬᠡᠷ ᠤᠳ ᠢ ᠪᠢᠴᠢᠭᠯᠡᠭᠰᠡᠭᠡᠷ ᠪᠠᠶᠢᠨ᠎ᠠ᠃ | 85 ᠨᠠᠰᠤᠲᠠᠶ ᠪᠠᠨᠳᠣᠣ ᠨᠠᠰᠤᠲᠠᠨ ᠤ ᠬᠢ ᠪᠤᠯ ᠡᠨᠡᠬᠦ ᠡᠷᠭᠢᠨ ᠲᠣᠭᠤᠷᠢᠨ ᠤ 20 ᠺᠢᠯᠣᠮᠧᠲᠷ ᠤᠨ | ᠲᠤᠳᠤᠷᠠᠬᠢ ᠴᠣᠷ ᠤᠨ ᠭᠠᠭᠴᠠ ᠠᠶᠢᠯ ᠪᠣᠯᠤᠨ᠎ᠠ᠂ ᠲᠡᠭᠦᠨ ᠳᠤ ᠬᠠᠮᠤᠭ ᠤᠳᠠᠭᠠᠨ ᠬᠠᠨᠢ ᠪᠣᠯᠤᠭᠰᠠᠨ ᠨᠢ ᠡᠨᠡᠬᠦ | ᠡᠯᠡᠰᠦᠨ ᠴᠥᠯ ᠠᠴᠠ ᠭᠠᠳᠠᠨ᠎ᠠ ᠪᠠᠰᠠ ᠲᠣᠤᠷᠠᠶ ᠮᠣᠳᠣ ᠪᠠᠶᠢᠨ᠎ᠠ᠃ ᠪᠠᠨᠳᠣᠣ ᠨᠠᠰᠤᠲᠠᠨ ᠰᠤᠷᠪᠤᠯᠵᠢᠯᠠᠭᠴᠢ ᠳᠤ | ᠬᠡᠯᠡᠬᠦ ᠳᠡᠭᠡᠨ᠂ ᠭᠤᠤᠯ ᠮᠥᠷᠡᠨ ᠤᠷᠤᠰᠬᠠᠯ ᠤᠨ ᠵᠠᠮ ᠢᠶᠠᠨ ᠥᠭᠡᠷᠡᠴᠢᠯᠡᠭᠰᠡᠨ ᠠᠴᠠ ᠤᠰᠤᠨ ᠤ ᠰᠤᠷᠪᠤᠯᠵᠢ | ᠳᠤᠲᠠᠭᠳᠠᠵᠤ᠂ ᠣᠶᠢᠷ᠎ᠠ ᠬᠠᠪᠢ ᠶᠢᠨ ᠮᠠᠯᠴᠢᠳ ᠴᠥᠮ ᠪᠠᠯᠭᠠᠰᠤᠨ ᠳᠤ ᠨᠡᠭᠦᠨ ᠣᠴᠢᠵᠤ ᠰᠠᠭᠤᠭᠰᠠᠨ ᠪᠣᠯᠪᠠᠴᠤ | ᠲᠡᠷᠡ ᠡᠨᠡ ᠬᠡᠰᠡᠭ ᠭᠠᠵᠠᠷ ᠨᠤᠲᠤᠭ ᠠᠴᠠ ᠪᠠᠨ ᠰᠠᠯᠵᠤ ᠶᠠᠳᠠᠨ᠂ ᠠᠳᠡᠬᠢ ᠲᠣᠤᠷᠠᠶ ᠶᠢ ᠰᠠᠬᠢᠨ ᠬᠠᠮᠠᠭᠠᠯᠠᠶ᠎ᠠ ᠭᠡᠵᠣ | ᠪᠣᠳᠣᠭᠰᠠᠨ ᠢᠶᠠᠷ ᠳᠥᠴᠢᠭᠡᠳ ᠵᠢᠯ ᠰᠠᠬᠢᠨ ᠰᠠᠭᠤᠪᠠ ᠭᠡᠵᠤ ᠪᠠᠶᠢᠯ᠎ᠠ᠃ | ᠪᠠᠨᠳᠣᠣ ᠨᠠᠰᠤᠲᠠᠨ ᠨᠢᠭᠡ ᠨᠠᠰᠤᠨ ᠤ ᠬᠠᠳᠠᠭᠠᠯᠠᠮᠵᠢ ᠪᠠᠷ ᠢᠶᠠᠨ ᠤᠷᠢᠳ ᠬᠤᠵᠢᠳ 11 ᠬᠤᠳᠳᠤᠭ | ᠮᠠᠯᠲᠠᠵᠤ᠂ ᠡᠯᠡᠰᠦᠨ ᠰᠢᠭᠤᠷᠭ᠎ᠠ ᠳᠤ ᠳᠠᠷᠤᠭᠳᠠᠭᠰᠠᠨ ᠭᠤᠤᠯ ᠤᠨ ᠵᠠᠮ ᠢ ᠨᠡᠪᠲᠡᠷᠡᠭᠦᠯᠪᠡ᠃ ᠲᠡᠭᠦᠨ ᠤ ᠬᠠᠮᠤᠭ ᠤᠨ | ᠶᠡᠭᠡ ᠬᠦᠰᠡᠯ ᠪᠣᠯ ᠳᠠᠷᠤᠶ ᠠᠳᠡᠬᠢ ᠠᠮᠢ ᠠᠬᠤᠶ ᠶᠢ ᠰᠠᠶᠢᠵᠢᠷᠠᠭᠤᠯᠵᠤ᠂ ᠲᠣᠤᠷᠠᠶ ᠶᠢᠨ ᠣᠢ ᠶᠢ ᠳᠠᠬᠢᠨ | ᠠᠮᠢᠯᠠᠭᠤᠯᠬᠤ ᠶᠠᠪᠤᠳᠠᠯ ᠪᠣᠯᠤᠨ᠎ᠠ᠃ 2018 ᠣᠨ ᠠᠴᠠ ᠨᠠᠭᠠᠰᠢ᠂ ᠬᠠᠷ᠎ᠠ ᠭᠤᠤᠯ ᠤᠨ ᠤᠰᠤ ᠶᠢ ᠬᠤᠪᠢᠶᠠᠷᠢᠯᠠᠨ | ᠲᠠᠳᠠᠵᠤ ᠡᠵᠡᠨ᠎ᠡ ᠶᠢᠨ ᠨᠣᠭᠤᠭᠠᠨ ᠪᠦᠷᠢᠳᠦ ᠶᠢᠨ ᠵᠠᠬ᠎ᠠ ᠬᠢᠵᠠᠭᠠᠷ ᠣᠷᠣᠨ ᠪᠣᠯᠤᠨ ᠣᠯᠠᠨ ᠵᠢᠯ ᠤᠨ ᠲᠤᠷᠰᠢ | ᠤᠰᠤᠯᠠᠭᠠᠳᠤᠶ ᠭᠠᠵᠠᠷ ᠣᠷᠣᠨ ᠢ ᠪᠦᠲᠦᠮᠵᠢᠲᠡᠶ ᠤᠰᠤᠯᠠᠵᠠᠶ᠃ | ᠡᠵᠡᠨ᠎ᠡ ᠬᠤᠰᠢᠭᠤᠨ ᠤ ᠰᠣᠪᠠᠨᠠᠭᠤᠷ ᠤᠨ ᠬᠢᠯᠢ ᠶᠢᠨ ᠲᠣᠮᠢᠯᠠᠭᠰᠠᠨ ᠰᠠᠯᠪᠣᠷᠢ ᠶᠢᠨ ᠳᠠᠷᠤᠭ᠎ᠠ ᠰᠣᠷᠭᠠᠯᠳᠣ | ᠴᠠᠭᠳᠠᠭ᠎ᠠ ᠪᠠᠨ ᠳᠠᠭᠠᠭᠤᠯᠤᠨ ᠡᠳᠦᠷ ᠪᠦᠷᠢ ᠶᠢᠨ ᠠᠶᠢᠯᠴᠢᠯᠠᠨ ᠰᠤᠷᠪᠤᠯᠵᠢᠯᠠᠬᠤ ᠠᠵᠢᠯ ᠢᠶᠠᠨ ᠡᠬᠢᠯᠡᠭᠦᠯᠵᠦ᠂ | ᠬᠦᠷᠦᠭᠰᠡᠨ ᠭᠠᠵᠠᠷ ᠪᠣᠯᠭᠠᠨ ᠳᠤ ᠮᠠᠯᠴᠢᠨ ᠲᠠᠷᠢᠶᠠᠴᠢᠨ ᠲᠠᠢ ᠬᠠᠯᠠᠭᠤᠨ ᠢᠶᠠᠷ ᠮᠡᠨᠳᠤᠴᠢᠯᠡᠨ ᠶᠡᠷᠢᠯᠴᠠᠳᠠᠭ᠃ | ᠰᠤᠪᠠᠨᠠᠭᠤᠷ ᠰᠤᠮᠤ ᠶᠢᠨ ᠤᠯᠠᠭᠠᠨᠲᠤᠭ ᠭᠠᠴᠠᠭ᠎ᠠ ᠳᠤ ᠰᠠᠭᠤᠵᠤ ᠪᠠᠶᠢᠭ᠎ᠠ ᠴᠧᠨ ᠰᠢᠤᠸᠠᠢ ᠮᠢᠨ ᠰᠤᠷᠪᠤᠯᠵᠢᠯᠠᠭᠴᠢ ᠳᠤ | ᠬᠡᠯᠡᠬᠦ ᠳᠡᠭᠡᠨ᠂ ᠰᠣᠷᠭᠠᠯᠳᠣ ᠤᠳᠠᠭ᠎ᠠ ᠪᠣᠯᠭᠠᠨ ᠭᠡᠷ ᠲᠤᠨᠢ ᠬᠦᠷᠴᠦ ᠰᠤᠷᠪᠤᠯᠵᠢᠯᠠᠳᠠᠭ᠂ ᠲᠡᠳᠡ ᠴᠥᠮ ᠠᠵᠢᠯ | ᠠᠮᠢᠳᠤᠷᠠᠯ ᠤᠨ ᠲᠠᠯ᠎ᠠ ᠪᠠᠷ ᠬᠢ ᠬᠡᠷᠡᠭᠴᠡᠭᠡ ᠪᠤᠯᠤᠨ ᠬᠦᠴᠢᠷᠳᠡᠯ ᠢ ᠠᠰᠠᠭᠤᠨ ᠤᠶᠢᠯᠭᠠᠵᠤ᠂ ᠬᠠᠪᠰᠤᠷᠴᠤ ᠲᠡᠮᠵᠢᠵᠤ | ᠶᠠᠪᠤᠳᠠᠭ ᠪᠣᠯᠬᠤᠷ ᠨᠠᠳᠡ ᠳᠤ ᠮᠠᠰᠢ ᠬᠠᠯᠠᠭᠤᠨ ᠳᠤᠯᠠᠭᠠᠨ ᠰᠠᠨᠠᠭᠳᠠᠳᠠᠭ ᠭᠡᠵᠤ ᠪᠠᠶᠢᠯ᠎ᠠ᠃ | ᠰᠣᠷᠭᠠᠯᠳᠣ ᠰᠤᠷᠪᠤᠯᠵᠢᠯᠠᠭᠴᠢ ᠳᠤ ᠬᠡᠯᠡᠬᠦ ᠳᠡᠭᠡᠨ᠂ ᠰᠣᠪᠠᠨᠠᠭᠤᠷ ᠤᠨ ᠬᠢᠯᠢ ᠶᠢᠨ ᠲᠣᠮᠢᠯᠠᠭᠰᠠᠨ ᠰᠠᠯᠪᠤᠷᠢ ᠳᠤ | ᠠᠵᠢᠯᠯᠠᠬᠤ ᠠᠴᠠ ᠡᠮᠦᠨ᠎ᠡ᠂ ᠲᠡᠷᠡ ᠲᠣᠶᠢᠭ ᠰᠢᠯᠢ ᠶᠢᠨ ᠬᠢᠯᠢ ᠶᠢᠨ ᠲᠣᠮᠢᠯᠠᠭᠰᠠᠨ ᠰᠠᠯᠪᠤᠷᠢ ᠳᠤ ᠳᠥᠷᠪᠡᠨ ᠵᠢᠯ | ᠭᠠᠷᠤᠶ ᠠᠵᠢᠯᠯᠠᠭᠰᠠᠨ ᠶᠤᠮ᠃ ᠬᠢᠯᠢ ᠬᠢᠵᠠᠭᠠᠷ ᠢ ᠰᠠᠬᠢᠨ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠪᠣᠯ | ᠳᠠᠷᠤᠶ ᠬᠢᠯᠢ ᠬᠢᠵᠠᠭᠠᠷ ᠣᠷᠣᠨ ᠢ ᠠᠮᠤᠷ ᠲᠦᠪᠰᠢᠨ ᠪᠠᠶᠢᠯᠭᠠᠵᠤ᠂ ᠠᠳᠡ ᠦᠶ᠎ᠡ ᠤᠯᠠᠷᠢᠨ ᠠᠮᠢᠳᠤᠷᠠᠵᠤ ᠪᠠᠶᠢᠭ᠎ᠠ | ᠣᠯᠠᠨ ᠲᠦᠮᠡᠨ ᠢ ᠠᠮᠤᠷ ᠲᠠᠶᠢᠪᠤᠩ ᠪᠠᠶᠢᠯᠭᠠᠬᠤ ᠶᠢᠨ ᠲᠥᠯᠥᠭᠡ ᠶᠤᠮ ᠭᠡᠪᠡ᠃ | ᠬᠤᠰᠢᠭᠤᠨ ᠤ ᠰᠤᠪᠨᠠᠭᠤᠷ ᠤᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠳᠠᠷᠤᠭ᠎ᠠ ᠰᠣᠷᠭᠠᠯᠳᠣ᠄ ︽ | ᠰᠤᠪᠨᠠᠭᠤᠷ ᠤᠨ ᠬᠠᠷᠢᠶᠠᠳᠤ ᠣᠷᠣᠨ ᠤ ᠬᠠᠭᠠᠰ ᠨᠢ ᠪᠦᠷ ᠲᠣᠣᠷᠠᠢ ᠶᠢᠨ ᠤᠢ ᠪᠣᠯᠣᠨ᠎ᠠ᠃ ᠰᠣᠪᠠᠨᠠᠭᠤᠷ ᠤᠨ | ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠢ ᠲᠣᠣᠷᠠᠢ ᠶᠢ ᠰᠠᠬᠢᠨ ᠬᠠᠮᠠᠭᠠᠯᠠᠵᠤ᠂ ᠬᠠᠷᠢᠶᠠᠳᠤ | ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠶᠢ ᠢᠮᠠᠭᠲᠠ ᠪᠠᠷᠢᠮᠲᠠᠯᠠᠨ᠎ᠠ︾ ᠭᠡᠵᠦ ᠪᠠᠶᠢᠯ᠎ᠠ᠃ | ᠨᠢᠭᠡ ᠤᠯᠤᠰ ᠪᠠ ᠦᠨᠳᠦᠰᠦᠲᠡᠨ ᠳᠤ ᠠᠪᠴᠤ ᠬᠡᠯᠡᠪᠡᠯ᠂ ᠭᠠᠭᠴᠠ ᠬᠦ ᠤᠶᠤᠨ ᠰᠠᠨᠠᠭᠠᠨ ᠤ ᠲᠠᠯ᠎ᠠ ᠪᠠᠷ | ᠵᠣᠭᠰᠣᠯᠲᠠ ᠪᠠᠲᠤ ᠪᠠᠶᠢᠪᠠᠯ ᠰᠠᠶ᠋ᠢ ᠲᠡᠦᠬᠡ ᠶᠢᠨ ᠤᠷᠤᠰᠬᠠᠯ ᠳᠤᠮᠳᠠ ᠣᠷᠣᠰᠢᠨ ᠲᠣᠭᠲᠠᠵᠤ᠂ ᠤᠷᠤᠰᠬᠠᠯ ᠤᠨ | ᠡᠮᠦᠨ᠎ᠡ ᠵᠣᠭᠰᠣᠵᠤ ᠴᠢᠳᠠᠨ᠎ᠠ᠃ ᠡᠵᠡᠨ᠎ᠡ ᠶᠢᠨ ᠪᠠᠭᠠᠲᠤᠷᠯᠢᠭ ᠬᠥᠪᠡᠭᠦᠳ ᠥᠬᠢᠳ ᠪᠣᠳᠠᠲᠤ ᠠᠵᠢᠯᠯᠠᠭ᠎ᠠ ᠪᠠᠷ ᠢᠶᠠᠨ | ︽ᠲᠣᠣᠷᠠᠢ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ︽ᠲᠣᠣᠷᠠᠢ ᠶᠢᠨ ᠵᠣᠷᠢᠭ ᠰᠠᠨᠠᠭ᠎ᠠ︾ ᠶᠢ ᠪᠠᠲᠤ ᠰᠠᠬᠢᠨ᠂ | ᠤᠯᠤᠰ ᠤᠨ ᠪᠠᠲᠤᠯᠠᠨ ᠬᠠᠮᠠᠭᠠᠯᠠᠯᠲᠠ᠂ ᠰᠠᠨᠰᠠᠷ ᠤᠨ ᠠᠶᠠᠯᠠᠯ ᠤᠨ ᠦᠢᠯᠡᠰ ᠲᠤ ᠬᠢᠵᠠᠭᠠᠯᠠᠰᠢ ᠦᠭᠡᠢ ᠬᠤᠪᠢ ᠨᠡᠮᠡᠷᠢ | ᠥᠵᠡᠭᠦᠯᠥᠭᠰᠡᠨ ᠡᠷᠬᠢᠮ ᠨᠠᠨᠳᠢᠨ ᠵᠣᠷᠢᠭ ᠰᠠᠨᠠᠭ᠎ᠠ ᠵᠢᠴᠢ ᠴᠠᠭ ᠦᠶ᠎ᠡ ᠶᠢᠨ ᠬᠡᠪ ᠳᠠᠭᠤᠷᠢᠶᠠᠯ ᠰᠥᠬᠡ ᠠᠭᠰᠠᠨ ᠤ | ᠵᠤᠷᠢᠭ ᠰᠠᠨᠠᠭᠠᠨ ᠤ ᠲᠠᠭᠤᠯᠠᠯ ᠨᠢ ᠶᠠᠭ ᠡᠶᠢᠮᠦ ᠨᠢᠭᠡᠨ ᠡᠭᠡᠯ ᠵᠢᠷ ᠤᠨ ᠦᠯᠢᠭᠡᠷ ᠢᠶᠠᠷ ᠶᠡᠷᠦ ᠪᠤᠰᠤ ᠶᠢᠨ ᠡᠵᠡᠨ᠎ᠡ ᠶᠢ | ᠮᠠᠭᠳᠠᠨ ᠲᠠᠭᠤᠯᠠᠵᠤ ᠪᠠᠶᠢᠨ᠎ᠠ᠃ | | | |