ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠤᠱᠯᠠᠭᠤᠯᠵᠤ  ᠨᠠᠮ ᠪᠣᠯᠣᠨ ᠠᠷᠠᠳ ᠲᠦᠮᠡᠨ ᠳᠡᠭᠡᠨ ᠢᠲᠡᠭᠡᠯ ᠨᠡᠶᠢᠳᠠᠪᠥᠷᠢ ᠲᠠᠢ ᠰᠤᠨᠢᠨ ᠮᠡᠳᠡᠭᠡᠨ ᠤ ᠠᠵᠢᠯᠲᠠᠨ ᠪᠤᠯᠤᠶ᠎ᠠ
ᠨᠡᠶᠢᠲᠡᠯᠡᠭᠰᠡᠨ ᠴᠠᠭ᠄
2022/11/10
      23 ᠳ᠋ᠤᠭᠠᠷ ᠰᠤᠷᠪᠤᠯᠵᠢᠯᠠᠭᠴᠢ ᠶᠢᠨ ᠪᠠᠶᠠᠷ ᠤᠨ ᠡᠳᠤᠷ ᠢ ᠲᠤᠬᠢᠶᠠᠯᠳᠤᠭᠤᠯᠤᠨ᠂ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠵᠢᠴᠢ ᠰᠤᠷᠪᠤᠯᠵᠢᠯᠠᠭᠴᠢ ᠶᠢᠨ ᠪᠠᠶᠠᠷ ᠤᠨ ᠡᠳᠤᠷ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠴᠢ ᠶᠦᠩ ᠠᠵᠢᠯᠯᠠᠭᠠᠨ ᠳᠤ ᠤᠷᠤᠯᠴᠠᠵᠡᠢ᠃      ᠠᠵᠢᠯᠯᠠᠭᠠᠨ ᠳᠤᠮᠳᠠ᠂ ᠰᠤᠷᠪᠤᠯᠵᠢᠯᠠᠭᠴᠢᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠲᠠᠢ ᠤᠶᠠᠯᠳᠤᠭᠤᠯᠤᠨ᠂ ᠳᠠᠷᠠᠭᠠᠴᠢ ᠶᠢᠨ ᠠᠯᠬᠤᠮ ᠳᠤ ᠰᠤᠨᠢᠨ ᠮᠡᠳᠡᠭᠡᠨ ᠤ ᠠᠵᠢᠯ ᠢ ᠬᠡᠷᠬᠢᠨ ᠰᠠᠶᠢᠲᠦᠷ ᠬᠢᠬᠦ ᠲᠤᠬᠠᠢ ᠰᠠᠨᠠᠯ ᠢᠶᠠᠨ ᠰᠤᠯᠢᠯᠴᠠᠬᠤ ᠶᠢᠨ ᠬᠠᠮᠲᠤ᠂ ︽ᠳᠤᠮᠳᠠᠳᠤ ᠤᠯᠤᠰ ᠤᠨ ᠰᠤᠨᠢᠨ ᠮᠡᠳᠡᠭᠡᠨ ᠤ ᠠᠵᠢᠯᠳᠠᠳ ᠤᠨ ᠠᠵᠢᠯ ᠮᠡᠷᠭᠡᠵᠢᠯ ᠤᠨ ᠶᠤᠰᠤ ᠮᠤᠷᠠᠯ ᠤᠨ ᠪᠠᠷᠢᠮᠵᠢᠶ᠎ᠠ︾᠎ ᠶᠢᠨ ᠳᠤᠯᠤᠭᠠᠨ ᠵᠤᠷᠪᠤᠰ ᠪᠠᠷᠢᠮᠵᠢᠶ᠎ᠠ ᠶᠢ ᠬᠠᠮᠲᠤ ᠪᠠᠷ ᠤᠩᠰᠢᠪᠠ᠃ ᠠᠵᠢᠯᠯᠠᠭᠠᠨ ᠤ ᠡᠴᠦᠰ ᠲᠤ ᠬᠠᠮ ᠵᠠᠭᠤᠴᠢᠯᠠᠭᠤᠷ ᠤᠨ ᠲᠦᠪ ᠤᠨ ᠪᠦᠬᠦ ᠰᠤᠷᠪᠤᠯᠵᠢᠯᠠᠭᠴᠢ ᠨᠠᠷ ᠲᠤᠷ᠎ᠠ ᠰᠤᠨᠢᠷᠬᠠᠯᠲᠦ ᠲᠠᠮᠢᠷ ᠤᠨ ᠬᠦᠳᠡᠯᠭᠡᠭᠡᠨ ᠦᠷᠨᠢᠭᠦᠯᠪᠡ᠃      ᠰᠢᠨ᠎ᠡ ᠴᠠᠭ ᠦᠶ᠎ᠡ᠂ ᠰᠢᠨ᠎ᠡ ᠠᠶᠠᠨ ᠵᠠᠮ ᠳᠤ᠂ ᠬᠤᠰᠢᠭᠤᠨ ᠤ ᠬᠠᠮ ᠵᠠᠭᠤᠴᠢᠯᠠᠭᠤᠷ ᠤᠨ ᠬᠢᠨ ᠦᠷᠭᠦᠯᠵᠢᠯᠡᠨ ᠲᠦᠪ  ᠭᠤᠤᠯᠴᠢ ᠪᠠᠷ ᠰᠢᠨ᠎ᠡ ᠶᠢ ᠡᠭᠦᠳᠦᠨ᠂ ᠴᠢᠷᠮᠠᠶᠢᠨ ᠲᠡᠮᠡᠴᠡᠵᠤ᠂ ︽ᠠᠭᠤᠰᠤᠯᠴᠠᠬᠤ︾᠎ ᠪᠠᠷ ᠤᠷᠤᠭᠰᠢᠯᠠᠨ᠎ᠠ᠃ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠨᠠᠷ ᠬᠦᠰᠡᠯ ᠮᠦᠷᠦᠭᠡᠳᠦᠯ ᠢᠶᠠᠨ ᠲᠡᠷᠭᠡᠯᠰᠢᠯᠡᠬᠦᠯᠵᠤ᠂ ︽ᠳᠦᠷᠪᠡᠨ ᠬᠦᠴᠦᠨ︾᠎ ᠢ ᠦᠢᠯᠡᠳᠦᠯᠭᠡᠵᠢᠬᠦᠯᠦᠨ᠂ ᠰᠢᠯᠢᠳᠡᠭ ᠪᠦᠲᠦᠭᠡᠯ ᠦᠢᠯᠡᠳᠴᠦ᠂ ᠠᠭᠤᠯᠭ᠎ᠠ᠂ ᠰᠤᠪᠠᠭ᠂ ᠲᠠᠪᠴᠠᠩ᠂ ᠬᠠᠮᠢᠶᠠᠷᠤᠯᠲᠠ ᠵᠡᠷᠭᠡ ᠲᠠᠯ᠎ᠠ ᠪᠠᠷ ᠵᠠᠭᠤᠴᠢᠯᠠᠭᠤᠷ ᠤᠨ ᠭᠦᠨᠵᠡᠭᠡᠢ  ᠠᠭᠤᠰᠤᠯᠴᠠᠯ ᠢ ᠲᠦᠷᠬᠡᠳᠬᠡᠨ ᠠᠬᠢᠭᠤᠯᠵᠤ᠂ ᠡᠵᠡᠨ᠎ᠡ ᠶᠢᠨ ᠦᠯᠢᠭᠡᠷ ᠢ ᠰᠠᠶᠢᠲᠦᠷ ᠶᠠᠷᠢᠵ᠊᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠦᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠤᠢ        ᠪᠤᠯᠭᠠᠨ᠎ᠠ᠃      ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠡᠷᠬᠢᠯᠡᠭᠴᠢ ᠯᠢᠦ ᠵᠣᠣ ᠸᠧᠢ᠄ ︽ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ ᠬᠦᠷᠴᠦ᠂  ᠶᠡᠭᠡ ᠬᠡᠮᠵᠢᠶᠡᠨ ᠤ ᠰᠤᠨᠢᠨ ᠮᠡᠳᠡᠭᠡᠯᠡᠯ ᠢ ᠨᠠᠷᠢᠨ ᠲᠦᠰᠦᠪᠯᠡᠨ ᠭᠠᠷᠭᠠᠪᠠ᠃ ᠤᠨᠴᠠᠭᠠᠶᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠪᠢᠯᠭᠠᠨ ᠤᠩᠭᠤᠴᠠ ᠶᠢᠨ ᠬᠠᠷᠪᠤᠯᠲᠠ ᠪᠠ ᠪᠤᠴᠠᠯᠲᠠ ᠶᠢᠨ ᠦᠷᠦᠭᠡ ᠪᠠᠭᠤᠵᠤ ᠢᠷᠡᠭᠰᠡᠨ ᠵᠢᠴᠢ ᠠᠯᠠᠱᠠ ᠠᠶᠢᠮᠠᠭ ᠤᠨ ᠬᠦᠬᠡᠬᠤᠲᠠ ᠳᠤ ᠰᠠᠭᠤᠭ᠎ᠠ ᠶᠡᠭᠡ ᠰᠤᠷᠭᠠᠭᠤᠯᠢ ᠶᠢᠨ ᠰᠤᠷᠤᠭᠴᠢ ᠨᠤᠲᠤᠭ ᠪᠤᠴᠠᠭᠰᠠᠨ ᠵᠡᠷᠭᠡ ᠭᠤᠤᠯ ᠰᠡᠳᠦᠪᠲᠦ ᠴᠢᠬᠤᠯᠠ ᠠᠵᠢᠯᠯᠠᠭᠠᠨ ᠳᠤᠮᠳᠠ ᠬᠠᠮ ᠵᠠᠭᠤᠴᠢᠯᠠᠭᠤᠷ ᠤᠨ ᠲᠦᠪ ᠠᠴᠠ ᠨᠠᠷᠢᠨ ᠲᠦᠰᠦᠪᠯᠡᠵᠤ ᠪᠠᠶᠢᠭᠠᠳ ᠲᠠᠷᠬᠠᠭᠠᠯᠲᠠ ᠶᠢᠨ ᠨᠤᠷᠮ᠎ᠠ ᠦᠨᠳᠦᠷ᠂ ᠨᠦᠯᠦᠭᠡᠯᠡᠬᠦ ᠬᠦᠴᠦᠨ ᠢᠶᠠᠷ ᠴᠢᠩᠭ᠎ᠠ᠂ ᠰᠠᠶᠢᠨ ᠦᠨᠡᠯᠡᠯᠲᠡ ᠶᠢ ᠦᠷᠭᠡᠨ ᠎ ᠢᠶᠠᠷ ᠤᠯᠤᠭᠰᠠᠨ ᠰᠤᠳᠤᠨ ᠪᠦᠲᠦᠭᠡᠯ ᠢ ᠦᠢᠯᠡᠳᠦᠭᠰᠡᠨ ᠪᠠᠶᠢᠨ᠎ᠠ᠃ ᠰᠢᠨ᠎ᠡ ᠠᠶᠠᠨ ᠵᠠᠮ ᠳᠤ᠂ ᠪᠢᠳᠠ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠨ ᠭᠠᠷᠭᠠᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠨᠤᠲᠠᠯᠠᠯᠲᠠ ᠶᠢ ᠨᠠᠷᠢᠨ ᠤᠶᠢᠯᠠᠭᠠᠵᠤ᠂ ᠳᠤᠷᠠᠳᠤᠨ ᠭᠠᠷᠭᠠᠭᠰᠠᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ᠂ ᠨᠠᠮ ᠤᠨ ᠳᠠᠭᠤᠨ ᠢ ᠦᠷᠭᠡᠨ ᠢᠶᠠᠷ ᠳᠠᠮᠵᠢᠭᠤᠯᠤᠨ᠂ ᠠᠷᠠᠳ ᠤᠨ ᠰᠡᠳᠭᠢᠯ ᠢ ᠢᠲᠡᠪᠬᠢᠲᠡᠢ ᠪᠠᠷ ᠲᠤᠰᠬᠠᠵᠤ᠂ ᠡᠵᠡᠨ᠎ᠡ ᠶᠢᠨ ᠦᠯᠢᠭᠡᠷ ᠢ ᠰᠠᠶᠢᠲᠦᠷ ᠶᠠᠷᠢᠵᠤ᠂ ᠡᠵᠡᠨ᠎ᠡ ᠶᠢᠨ ᠳᠠᠭᠤᠯᠠᠯ ᠢ ᠲᠦᠭᠡᠭᠡᠨ᠎ᠡ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号