ᠡᠵᠡᠨ᠎ᠡ ᠬᠤᠰᠢᠭᠤᠨ ᠤ ᠡᠯ᠎ᠡ ᠪᠠᠭᠤᠳᠠᠯ ︵ᠵᠣᠴᠢᠳ ᠤᠨ ᠪᠠᠭᠤᠳᠠᠯ᠂ ᠭᠡᠷ ᠪᠦᠯᠢ ᠶᠢᠨ ᠵᠣᠴᠢᠳ ᠤᠨ ᠪᠠᠭᠤᠳᠠᠯ︶᠎ ᠤᠨ ᠮᠡᠳᠡᠭᠦᠯᠦᠨ ᠳᠠᠩᠰᠠᠯᠠᠭᠤᠯᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/11/11
      ᠡᠵᠡᠨ᠎ᠡ ᠶᠢᠨ ᠠᠯᠲᠠᠨ ᠨᠠᠮᠤᠷ ᠤᠨ ᠲᠣᠣᠷᠠᠢ ᠶᠢᠨ ᠰᠣᠶᠣᠯ ᠵᠢᠭᠤᠯᠴᠢᠯᠠᠯ ᠤᠨ ᠤᠯᠠᠷᠢᠯ ᠤᠳᠠᠯ ᠦᠭᠡᠢ ᠬᠦᠷᠴᠦ ᠢᠷᠡᠬᠦ ᠶᠢ ᠳᠠᠭᠠᠯᠳᠤᠨ ᠮᠠᠨ ᠤ ᠬᠤᠰᠢᠭᠤ ᠨᠢ ᠬᠠᠭᠤᠷᠠᠢ ᠵᠠᠮ ᠤᠨ ᠬᠢᠯᠢ ᠶᠢᠨ ᠪᠣᠭᠤᠮᠲᠠ ᠶᠢᠨ ᠰᠠᠭᠤᠷᠢᠰᠢᠭ᠎ᠠ ᠭᠠᠵᠠᠷ ᠪᠣᠯᠤᠭᠰᠠᠨ ᠤ ᠬᠤᠪᠢ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠬᠦᠨᠳᠦ ᠶᠡᠭᠡ ᠪᠠᠶᠢᠵᠤ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠰᠡᠷᠭᠡᠶᠢᠯᠡᠯᠲᠡ ᠶᠢᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠵᠦ᠂ ᠥᠷᠭᠡᠨ ᠣᠯᠠᠨ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠵᠤ᠂ ᠠᠵᠤ ᠠᠬᠤᠢ ᠨᠡᠶᠢᠭᠡᠮ ᠤᠨ ᠲᠣᠭᠲᠠᠭᠤᠨ ᠪᠥᠭᠡᠳ ᠡᠷᠡᠭᠦᠯ᠂ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠡᠯ᠎ᠡ ᠪᠠᠭᠤᠳᠠᠯ ᠨᠢ ᠡᠷᠬᠡᠪᠰᠢ ᠮᠡᠳᠡᠭᠦᠯᠦᠨ ᠳᠠᠩᠰᠠᠯᠠᠭᠤᠯᠬᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠵᠢᠷᠭᠤᠭᠠᠨ ᠪᠠᠶᠢᠬᠤ᠂ ᠭᠤᠷᠪᠠ ᠶᠢ ᠡᠷᠬᠡᠪᠰᠢ ᠪᠦᠷᠢᠯᠳᠦᠭᠦᠯᠬᠦ᠂ ᠳᠥᠷᠪᠡ ᠶᠢ ᠥᠯᠥ ᠵᠥᠪᠰᠢᠶᠡᠷᠡᠬᠦ︾᠎ ᠶᠢ ᠡᠷᠡᠰ ᠪᠡᠶᠡᠯᠡᠭᠦᠯᠬᠦ ᠭᠡᠷᠡᠭᠳᠡᠢ᠃      ︽ᠵᠢᠷᠭᠤᠭᠠᠨ ᠪᠠᠶᠢᠬᠤ︾᠄       1.ᠠᠵᠢᠯᠯᠠᠵᠤ ᠪᠠᠶᠢᠭ᠎ᠠ ᠬᠥᠮᠥᠰ ᠤᠨ ᠨᠠᠷᠢᠨ ᠲᠣᠳᠣᠷᠬᠠᠢ ᠮᠡᠳᠡᠭᠡ ᠵᠠᠩᠭᠢ ᠶᠢᠨ ᠳᠠᠩᠰᠠᠯᠠᠯᠲᠠ ᠶᠢᠨ ᠬᠦᠰᠦᠨᠦᠭ ᠪᠠᠶᠢᠬᠤ ᠭᠡᠷᠡᠭᠳᠡᠢ᠃      2.ᠠᠵᠢᠯᠯᠠᠵᠤ ᠪᠠᠶᠢᠭ᠎ᠠ ᠬᠥᠮᠥᠰ ᠤᠨ ᠨᠢᠭᠡ ᠭᠠᠷᠠᠭ ᠲᠤ ᠬᠤᠶᠠᠷ ᠣᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠭᠡᠷᠡᠭᠳᠡᠢ᠃       3.︽ᠨᠢᠭᠡ ᠡᠳᠦᠷ ᠲᠤ ᠬᠤᠶᠠᠷ ᠤᠳᠠᠭ᠎ᠠ︾ ᠠᠷᠢᠭᠤᠳᠬᠠᠨ ᠠᠷᠢᠯᠭᠠᠭᠰᠠᠨ ᠲᠡᠮᠳᠡᠭᠯᠡᠯ ᠤᠨ ᠬᠦᠰᠦᠨᠦᠭ ᠪᠠᠶᠢᠬᠤ ᠭᠡᠷᠡᠭᠲᠡᠢ᠃      4.︽ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠠᠮᠠᠯᠠᠯᠲᠠ ᠶᠢᠨ ᠪᠢᠴᠢᠭ︾ ᠪᠠᠶᠢᠬᠤ ᠭᠡᠷᠡᠭᠳᠡᠢ᠃      5.ᠳᠡᠯᠭᠡᠭᠦᠷ ᠲᠤ ᠣᠷᠣᠬᠤ ᠳᠤ ᠡᠷᠬᠡᠪᠰᠢ ᠮᠡᠳᠡᠬᠦ ᠵᠦᠢᠯᠡᠰ ᠢ ᠨᠡᠶᠢᠲᠡᠯᠡᠭᠰᠡᠨ ᠪᠠᠶᠢᠬᠤ ᠭᠡᠷᠡᠭᠳᠡᠢ᠃      6.︽ᠳᠥᠷᠪᠡᠨ ᠵᠦᠢᠯ ᠤᠨ ᠢᠵᠢ︾ ︵︽ᠭᠠᠷ ᠢᠶᠠᠨ ᠰᠠᠶᠢᠲᠤᠷ ᠤᠬᠢᠶᠠᠬᠤ᠂ ᠠᠮᠠᠪᠴᠢ ᠵᠡᠭᠦᠬᠦ᠂ ᠰᠠᠯᠬᠢ ᠵᠢᠪᠠᠷ ᠨᠡᠪᠲᠡᠷᠡᠭᠦᠯᠬᠦ᠂ ᠨᠢᠭᠡ ᠮᠧᠲᠷ ᠤᠨ ᠱᠤᠭᠤᠮ︾᠎ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ︶᠎ ᠶᠢ ᠪᠠᠷᠢᠮᠲᠠᠯᠠᠭᠰᠠᠨ ᠪᠠᠶᠢᠬᠤ ᠭᠡᠷᠡᠭᠳᠡᠢ᠃      ︽ᠭᠤᠷᠪᠠ ᠶᠢ ᠡᠷᠬᠡᠪᠰᠢ ᠪᠦᠷᠢᠯᠳᠦᠭᠦᠯᠬᠦ ᠬᠡᠷᠡᠭᠲᠡᠢ︾᠄       1. ᠡᠵᠡᠩᠨᠡᠯᠲᠡ ᠶᠢᠨ ᠭᠤᠣᠯ ᠴᠣᠭᠴᠠ ᠨᠢ ᠡᠷᠬᠡᠪᠰᠢ ᠡᠵᠡᠩᠨᠡᠯᠲᠡ ᠠᠴᠠ ᠡᠮᠦᠨ᠎ᠡ ᠸᠢᠴᠠᠲ ᠤᠨ ︽ᠵᠢᠦᠢ ᠶᠠᠨ ᠪᠢᠴᠢᠬᠠᠨ ᠲᠡᠮᠡᠭᠡ︾ ᠵᠢᠵᠢᠭ ᠫᠷᠣᠭ᠍ᠷᠠᠮ ᠢᠶᠠᠷ ᠳᠠᠮᠵᠢᠭᠤᠯᠤᠨ ᠦᠨᠡᠨ ᠪᠣᠳᠠᠲᠠᠢ ᠪᠠᠷ ᠪᠦᠷᠢᠳᠬᠡᠨ ᠳᠠᠩᠰᠠᠯᠠᠭᠤᠯᠬᠤ ᠬᠡᠷᠡᠭᠲᠡᠢ᠃      2. ᠡᠵᠡᠩᠨᠡᠯᠲᠡ ᠶᠢᠨ ᠭᠤᠣᠯ ᠴᠣᠭᠴᠠ ᠨᠢ ᠡᠷᠬᠡᠪᠰᠢ ᠣᠷᠣᠵᠤ ᠰᠠᠭᠤᠭᠰᠠᠳ ᠤᠨ ᠺᠣᠳ᠋ ᠰᠢᠷᠪᠢᠵᠦ ᠳᠠᠩᠰᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠵᠤᠭᠠᠴᠠᠭᠰᠠᠳ ᠪᠠᠭᠤᠳᠠᠯ ︵ᠵᠣᠴᠢᠳ ᠤᠨ ᠪᠠᠭᠤᠳᠠᠯ︶᠎ ᠳᠤ ᠣᠷᠣᠬᠤ ᠳᠤ ᠸᠢᠴᠠᠲ ᠢᠶᠠᠷ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾ ᠲᠠᠯᠠᠪᠤᠷ ᠤᠨ ᠨᠣᠮᠧᠷ ᠢ ᠰᠢᠷᠪᠢᠵᠦ ᠳᠡᠩᠰᠡᠯᠡᠨ ᠲᠡᠮᠳᠡᠭᠯᠡᠭᠦᠯᠬᠦ ᠭᠡᠷᠡᠭᠲᠡᠢ᠃ ᠵᠤᠭᠠᠴᠠᠭᠰᠠᠳ ᠠᠷᠠᠳ ᠤᠨ ᠣᠷᠣᠨ ᠰᠠᠭᠤᠴᠠ ︵ᠭᠡᠷ ᠪᠦᠯᠢ ᠶᠢᠨ ᠵᠣᠴᠢᠳ ᠤᠨ ᠪᠠᠭᠤᠳᠠᠯ︶᠎ ᠳᠤ ᠬᠤᠨᠤᠭᠯᠠᠬᠤ ᠳᠤ᠂ ᠸᠢᠴᠠᠲ ᠤᠨ ︽ᠨᠢᠭᠡ ᠭᠠᠷ ᠤᠳᠠᠰᠤ ᠪᠠᠷ ᠡᠵᠡᠨ᠎ᠡ ᠳᠤ ᠵᠢᠭᠤᠯᠴᠢᠯᠠᠬᠤ︾ ᠵᠢᠵᠢᠭ ᠫᠷᠣᠭ᠍ᠷᠠᠮ ᠢᠶᠠᠷ ᠡᠭᠦᠳᠡᠨ ᠫᠠᠶᠢᠰᠠ ᠳᠠᠬᠢ ᠬᠤᠶᠠᠷ ᠬᠡᠮᠵᠢᠯᠲᠦ ᠺᠣᠳ᠋ ᠢ ᠰᠢᠷᠪᠢᠵᠦ  ᠳᠠᠩᠰᠠᠯᠠᠭᠤᠯᠬᠤ ᠭᠡᠷᠡᠭᠲᠡᠢ᠃ ᠬᠡᠷᠪᠡ ᠡᠵᠡᠩᠨᠡᠯᠲᠡ ᠶᠢᠨ ᠡᠵᠡᠨ ᠣᠷᠣᠯᠠᠨ ᠳᠠᠩᠰᠠᠯᠠᠭᠤᠯᠬᠤ ᠳᠤ ᠭᠦᠷᠪᠡᠯ ᠸᠢᠴᠠᠲ ᠤᠨ ︽ᠵᠢᠦᠢ ᠶᠠᠨ ᠲᠡᠮᠡᠭᠡ︾ ᠵᠢᠵᠢᠭ ᠫᠷᠣᠭ᠍ᠷᠠᠮ ᠢᠶᠠᠷ ᠳᠠᠮᠵᠢᠭᠤᠯᠤᠨ ᠡᠭᠦᠳᠡᠨ ᠫᠠᠶᠢᠰᠠ ᠳᠠᠬᠢ ᠬᠤᠶᠠᠷ ᠬᠡᠮᠵᠢᠯᠲᠦ ᠺᠣᠳ᠋ ᠢ ᠰᠢᠷᠪᠢᠵᠦ ᠳᠠᠩᠰᠠᠯᠠᠭᠤᠯᠬᠤ ᠭᠡᠷᠡᠭᠲᠡᠢ᠃       3.ᠡᠵᠡᠩᠨᠡᠯᠲᠡ ᠶᠢᠨ ᠭᠤᠣᠯ ᠴᠣᠭᠴᠠ ᠨᠢ ᠡᠷᠬᠡᠪᠰᠢ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠷ ᠪᠠᠶᠢᠰᠢᠩ ᠤᠨ ᠭᠠᠯ ᠤᠨ ᠰᠡᠷᠭᠡᠶᠢᠯᠡᠯᠳᠡ᠂ ᠡᠷᠡᠭᠦᠯ ᠬᠠᠮᠠᠭᠠᠯᠠᠯ ᠬᠢᠵᠢᠭ ᠤᠨ ᠰᠡᠷᠭᠡᠶᠢᠯᠡᠯᠲᠡ᠂ ᠢᠳᠡᠭᠡᠨ ᠤ ᠠᠮᠤᠷ ᠲᠦᠪᠰᠢᠨ ᠨᠢ ᠴᠥᠮ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃      ︽ᠳᠥᠷᠪᠡ ᠶᠢ ᠵᠥᠪᠰᠢᠶᠡᠷᠡᠬᠦ ᠦᠭᠡᠢ︾᠄       1. ᠪᠦᠷᠢᠳᠬᠡᠨ ᠳᠠᠩᠰᠠᠯᠠᠭᠤᠯᠬᠤ ᠪᠠᠷ ᠮᠡᠳᠡᠭᠦᠯᠦᠭᠰᠡᠨ ᠦᠭᠡᠢ ᠪᠠᠭᠤᠳᠠᠯ ︵ᠵᠣᠴᠢᠳ ᠤᠨ ᠪᠠᠭᠤᠳᠠᠯ᠂ ᠭᠡᠷ ᠪᠦᠯᠢ ᠶᠢᠨ ᠵᠣᠴᠢᠳ ᠤᠨ ᠪᠠᠭᠤᠳᠠᠯ︶᠎ ᠨᠢ ᠳᠤᠷ᠎ᠠ ᠪᠠᠷ ᠢᠶᠠᠨ ᠡᠵᠡᠩᠨᠡᠵᠦ ᠪᠣᠯᠬᠤ ᠦᠭᠡᠢ᠃      2. ᠬᠤᠰᠢᠭᠤᠨ ᠳᠤ ᠣᠷᠣᠵᠣ ᠵᠤᠭᠠᠴᠠᠭᠰᠠᠳ ᠡᠷᠬᠡᠪᠰᠢ ᠸᠢᠴᠠᠲ ᠤᠨ ︽ᠨᠢᠭᠡ ᠭᠠᠷ ᠣᠳᠠᠰᠤ ᠪᠠᠷ ᠡᠵᠡᠨ᠎ᠡ ᠳᠤ ᠵᠢᠭᠤᠯᠴᠢᠯᠠᠬᠤ︾ ᠵᠢᠵᠢᠭ ᠫᠷᠣᠭ᠍ᠷᠠᠮ ᠢᠶᠠᠷ ᠳᠡᠮᠵᠢᠨ  ᠬᠤᠨᠣᠭᠯᠠᠬᠤ ᠪᠠᠭᠤᠳᠠᠯ ᠪᠠ ᠦᠵᠡᠮᠵᠢ ᠶᠢᠨ ᠣᠷᠣᠨ ᠤ ᠡᠭᠦᠳᠡᠨ ᠪᠢᠯᠧᠲ ᠢ ᠤᠷᠢᠳᠴᠢᠯᠠᠨ ᠵᠠᠬᠢᠶᠠᠯᠠᠨ ᠠᠪᠬᠤ ᠬᠡᠷᠡᠭᠲᠡᠢ᠃ ᠤᠷᠢᠳᠴᠢᠯᠠᠨ ᠪᠣᠯᠵᠣᠭᠰᠠᠨ ᠭᠡᠷᠡᠴᠢ ᠪᠠᠷᠢᠮᠲᠠ ᠭᠠᠷᠭᠠᠵᠤ ᠳᠡᠶᠢᠯᠬᠦ ᠦᠭᠡᠢ ᠵᠢᠭᠤᠯᠴᠢᠯᠠᠭᠴᠢᠳ ᠲᠤ ᠦᠢᠯᠡᠴᠢᠯᠡᠭᠡ ᠬᠠᠩᠭᠠᠵᠤ ᠪᠣᠯᠬᠤ ᠦᠭᠡᠢ᠃      3. 7 ᠡᠳᠦᠷ ᠤᠨ ᠳᠣᠲᠣᠷ᠎ᠠ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ︵ᠬᠢᠵᠢᠭ ᠤᠨ ᠪᠠᠶᠢᠳᠠᠯ ᠤᠨ ᠪᠠᠶᠢᠭ᠎ᠠ ᠬᠤᠲᠠ᠂ ᠰᠢᠶᠠᠨ᠂ ᠲᠣᠭᠤᠷᠢᠭ᠂ ᠬᠤᠰᠢᠭᠤ ᠪᠠᠭᠲᠠᠨ᠎ᠠ︶᠎ ᠢᠶᠠᠷ ᠵᠢᠭᠤᠯᠴᠢᠯᠠᠭᠰᠠᠨ ᠲᠡᠦᠬᠡ ᠲᠠᠢ ᠵᠢᠭᠤᠯᠴᠢᠯᠠᠭᠴᠢᠳ ᠢ ᠭᠥᠯᠢᠶᠡᠨ ᠠᠪᠴᠤ ᠪᠣᠯᠬᠤ ᠦᠭᠡᠢ᠃      4. ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ᠂ ᠡᠯ᠎ᠡ ᠠᠵᠢᠯ ᠲᠥᠷᠥᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠪᠠᠶᠢᠩᠭᠤ ᠶᠢᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠦᠭᠡᠢ ᠡᠵᠡᠩᠨᠡᠯᠲᠡ ᠶᠢᠨ ᠭᠤᠣᠯ ᠴᠣᠭᠴᠠ ᠶᠢ ᠪᠠᠶᠢᠴᠠᠭᠠᠨ ᠰᠢᠢᠳᠪᠦᠷᠢᠯᠡᠭᠰᠡᠨ ᠤ ᠳᠠᠷᠠᠭ᠎ᠠ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃      ᠡᠵᠡᠨ᠎ᠡ ᠬᠤᠰᠢᠭᠤᠨ ᠤ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ᠠᠰᠠᠭᠤᠨ ᠯᠠᠪᠯᠠᠬᠤ       ᠤᠲᠠᠰᠤ᠄ 0483- 6960888      ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠰᠠᠭᠤᠨ ᠯᠠᠪᠯᠠᠬᠤ ᠤᠲᠠᠰᠤ᠄ 0483-6526181 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号