ᠤᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠤᠸ ᠯᠧᠢ ︽ ᠲᠤᠤᠷᠵᠢᠯ ᠬᠠᠮᠢᠶᠠᠷᠤᠯᠲᠠ ᠪᠠᠷ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠤᠨ᠎ᠠ︾ ᠭᠡᠬᠦ ᠰᠡᠳᠦᠪ ᠢᠶᠠᠷ᠂ ᠣᠳᠣᠬᠠᠨ ᠤ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠪᠥᠬᠦ ᠺᠠᠳ᠋ᠷ | ᠠᠵᠢᠯᠲᠠᠨ᠂ ᠳᠠᠯᠠᠶᠢᠬᠥ᠋ᠪ ᠪᠠᠯᠭᠠᠰᠤᠨ ᠤ ᠡᠯ᠎ᠡ ᠨᠡᠶᠢᠭᠡᠮ ᠲᠣᠭᠤᠷᠢᠭ᠂ ᠲᠣᠮᠢᠯᠠᠭᠰᠠᠨ ᠰᠠᠯᠪᠤᠷᠢ ᠵᠢᠴᠢ ᠲᠤᠰᠬᠠᠢ | ᠲᠤᠰᠢᠶᠠᠯᠲᠤ ᠲᠤᠤᠷᠵᠢᠯ ᠬᠠᠮᠢᠶᠠᠷᠤᠯᠳᠠ ᠶᠢᠨ ᠠᠵᠢᠯᠲᠠᠨ ᠳᠤ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃ | ᠭᠤᠸ ᠯᠧᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠠᠭᠤᠯᠤᠭᠳᠠᠬᠤᠨ ᠪᠠ ᠣᠳᠣᠬᠢᠴᠢᠯᠠᠭᠰᠠᠨ | ᠵᠠᠰᠠᠯᠲᠠ ᠶᠢ ᠪᠡᠶᠡᠯᠡᠭᠦᠯᠬᠦ ᠶᠢᠨ ᠠᠴᠢ ᠬᠤᠯᠪᠣᠭᠳᠠᠯ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ | ᠲᠤᠤᠷᠵᠢᠯ ᠬᠠᠮᠢᠶᠠᠷᠤᠯᠲᠠ ᠶᠢᠨ ᠦᠢᠯᠡᠳᠦᠯ᠂ ᠲᠤᠤᠷᠵᠢᠯ ᠬᠠᠮᠢᠶᠠᠷᠤᠯᠳᠠ ᠶᠢᠨ ᠠᠵᠢᠯᠲᠠᠨ ᠤ ᠠᠵᠢᠯ ᠤᠨ ᠳᠤᠮᠳᠠᠬᠢ | ᠡᠭᠦᠷᠭᠡ ᠴᠢᠳᠠᠪᠤᠷᠢ ᠶᠢᠨ ᠦᠢᠯᠡᠳᠦᠯ ᠵᠢᠴᠢ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠤ ︽ᠬᠠᠮᠲᠤ ᠪᠠᠷ | ᠵᠠᠰᠠᠨ ᠠᠭᠤᠰᠣᠯᠴᠠᠬᠤ︾ ᠳᠥᠷᠪᠡᠨ ᠬᠡᠮᠵᠢᠯᠲᠡ ᠶᠢ ᠬᠡᠷᠬᠢᠨ ᠪᠡᠶᠡᠯᠡᠭᠦᠯᠬᠦ ᠶᠢᠨ ᠲᠣᠭᠤᠷᠢᠨ ᠳᠤ᠂ ᠦᠨᠳᠦᠰᠦᠨ | ᠱᠠᠲᠤᠨ ᠤ ᠨᠡᠶᠢᠭᠡᠮ ᠤᠨ ᠵᠠᠰᠠᠯᠲᠠ ᠶᠢᠨ ᠳᠤᠮᠳᠠᠬᠢ ᠲᠤᠤᠷᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠴᠢᠬᠤᠯᠠ | ᠦᠢᠯᠡᠳᠦᠯ᠂ ᠮᠠᠨ ᠤ ᠬᠤᠰᠢᠭᠤᠨ ᠤ ᠲᠤᠤᠷᠵᠢᠯ ᠦᠢᠯᠡᠴᠢᠯᠡᠭᠡᠨ ᠤ ᠬᠠᠮᠢᠶᠠᠷᠤᠯᠲᠠ ᠶᠢᠨ ᠳᠤᠮᠳᠠᠬᠢ ᠪᠦᠲᠦᠮᠵᠢᠲᠡᠶ | ᠰᠦᠪᠡᠭᠴᠢᠯᠡᠯᠲᠡ ᠵᠢᠴᠢ ᠲᠠᠷᠠᠭᠠᠴᠢ ᠶᠢᠨ ᠠᠯᠬᠤᠮ ᠤᠨ ᠠᠵᠢᠯ ᠳᠤ ᠨᠠᠷᠢᠨ ᠲᠠᠶᠢᠯᠤᠮᠵᠢ ᠬᠢᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠷᠬᠡᠪᠰᠢ ᠲᠤᠤᠷᠵᠢᠯ ᠦᠢᠯᠡᠴᠢᠯᠡᠭᠡᠨ ᠤ ᠬᠠᠮᠢᠶᠠᠷᠤᠯᠳᠠ ᠶᠢᠨ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠳᠤᠮᠳᠠᠬᠢ ᠴᠢᠬᠤᠯᠠ ᠦᠢᠯᠡᠳᠦᠯ ᠢ | ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠤ ᠬᠠᠮᠲᠤᠪᠠᠷ ᠠᠭᠤᠰᠤᠯᠴᠠᠨ ᠵᠠᠰᠠᠬᠤ ᠶᠢ | ᠦᠷᠭᠦᠯᠵᠢᠯᠡᠨ ᠠᠬᠢᠭᠤᠯᠣᠨ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ | ᠵᠠᠰᠠᠯᠲᠠ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ ᠭᠡᠪᠡ᠃ | ᠬᠤᠷᠠᠯ ᠠᠴᠠ ᠱᠠᠭᠠᠷᠳᠠᠬᠤ ᠳᠠᠭᠠᠨ᠄ ᠡᠷᠬᠡᠪᠰᠢ ︽ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠤᠯᠠᠨ | ᠲᠣᠣᠷ ᠰᠦᠯᠵᠢᠶ᠎ᠠ ᠶᠢ ᠠᠭᠤᠰᠤᠯᠴᠠᠭᠤᠯᠬᠤ᠂ ᠲᠣᠣᠷᠵᠢᠯ ᠢ ᠬᠠᠮᠲᠤᠪᠠᠷ ᠵᠠᠰᠠᠬᠤ︾ ᠠᠵᠢᠯ ᠤᠨ ᠰᠡᠳᠬᠢᠴᠡ | ᠶᠣᠰᠣᠭᠠᠷ᠂ ᠲᠤᠤᠷᠵᠢᠯ ᠬᠠᠮᠢᠶᠠᠷᠤᠯᠳᠠ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ᠂ | ᠨᠡᠶᠢᠭᠡᠮ ᠲᠣᠭᠤᠷᠢᠭ ᠤᠨ ᠠᠵᠢᠯᠲᠠᠨ ᠵᠡᠷᠭᠡ ᠦᠨᠳᠦᠰᠦᠨ ᠱᠠᠲᠤᠨ ᠤ ᠬᠦᠴᠦᠨ ᠤ ᠬᠠᠮᠤᠭ ᠤᠨ ᠶᠡᠭᠡ ᠦᠢᠯᠡᠳᠦᠯ | ᠴᠢᠳᠠᠪᠤᠷᠢ ᠶᠢ ᠰᠠᠶᠢᠳᠤᠷ ᠪᠠᠳᠠᠷᠠᠭᠤᠯᠵᠤ᠂ ᠲᠣᠭᠲᠠᠭᠤᠨ ᠢ ᠬᠠᠮᠠᠭᠠᠯᠠᠬᠤ᠂ ᠲᠠᠯᠳᠠ ᠭᠡᠮ ᠢ ᠠᠷᠢᠯᠭᠠᠬᠤ᠂ ᠠᠷᠠᠳ ᠤᠨ | ᠠᠮᠢᠳᠤᠷᠠᠯ ᠳᠤ ᠦᠢᠯᠡᠴᠢᠯᠡᠬᠦ ᠵᠣᠷᠢᠯᠭ᠎ᠠ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠶᠡᠷᠦᠩᠬᠡᠢ ᠬᠠᠷᠠᠯᠲᠠ ᠪᠣᠯᠣᠨ | ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠢ ᠲᠣᠳᠣᠷᠬᠠᠶᠢᠯᠠᠵᠤ᠂ ᠤᠳᠤᠷᠢᠳᠤᠯᠭ᠎ᠠ ᠶᠢᠨ ᠰᠢᠰᠲ᠋ᠧᠮ ᠢ | ᠪᠦᠷᠢᠨᠰᠢᠬᠦᠯᠦᠨ᠂ ᠳᠡᠭᠡᠳᠤ ᠱᠠᠳᠣᠨ ᠤ ᠪᠠᠶᠢᠷᠢᠯᠠᠭᠤᠯᠤᠯᠲᠠ ᠶᠢ ᠴᠢᠩᠭᠠᠳᠬᠠᠵᠤ᠂ ᠲᠤᠤᠷᠵᠢᠯ ᠬᠠᠮᠢᠶᠠᠷᠤᠯᠳᠠ ᠶᠢᠨ | ᠳᠣᠲᠣᠷᠠᠬᠢ ᠡᠯ᠎ᠡ ᠤᠳᠤᠷᠢᠳᠬᠤ ᠰᠠᠯᠠᠭ᠎ᠠ ᠮᠥᠴᠢᠷ ᠤᠨ ᠬᠤᠭᠤᠷᠣᠨᠳᠣᠬᠢ ᠳᠡᠭᠡᠳᠦ ᠳᠣᠣᠷᠠᠳᠤ ᠱᠠᠳᠣᠨ ᠤ | ᠵᠣᠯᠭᠠᠭᠤᠯᠬᠤ ᠲᠣᠭᠲᠠᠴᠠ ᠶᠢ ᠰᠢᠯᠤᠭᠤᠳᠬᠠᠵᠤ᠂ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ | ᠵᠣᠯᠭᠠᠭᠤᠯᠬᠤ ᠶᠢ ᠰᠠᠶᠢᠲᠤᠷ ᠬᠢᠨ᠂ ᠠᠵᠢᠯ ᠤᠨ ᠲᠣᠬᠢᠷᠠᠭᠤᠯᠤᠯᠲᠠ ᠶᠢ ᠪᠠᠶᠢᠩᠭᠤᠵᠢᠭᠤᠯᠤᠨ ᠥᠷᠨᠢᠭᠦᠯᠵᠦ᠂ | ᠲᠤᠤᠷᠵᠢᠯ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠶᠠᠪᠤᠳᠠᠯ | ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ᠃ ᠲᠤᠰᠬᠠᠢ ᠪᠠ ᠲᠤᠰᠢᠶᠠᠯ ᠬᠠᠪᠰᠤᠷᠭᠠᠭᠰᠠᠨ ᠲᠤᠤᠷᠵᠢᠯ | ᠬᠠᠮᠢᠶᠠᠷᠤᠯᠳᠠ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠵᠢᠴᠢ ᠪᠠᠯᠭᠠᠰᠤᠨ ᠤ ᠡᠯ᠎ᠡ | ᠨᠡᠶᠢᠭᠡᠮ ᠲᠣᠭᠤᠷᠢᠭ ᠤᠨ ᠬᠤᠭᠤᠷᠣᠨᠳᠣᠬᠢ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ ᠲᠣᠰ ᠲᠣᠰ ᠤᠨ ᠳᠠᠭᠠᠭᠠᠴᠢᠯᠠᠭᠰᠠᠨ ᠵᠦᠢᠯᠡᠰ ᠪᠠ ᠬᠠᠮᠲᠤ ᠪᠠᠷ | ᠳᠠᠭᠠᠭᠠᠴᠢᠯᠠᠭᠰᠠᠨ ᠵᠦᠢᠯᠡᠰ᠂ ᠬᠠᠷᠢᠭᠤᠴᠠᠯᠭ᠎ᠠ ᠶᠢᠨ ᠭᠤᠣᠯ ᠴᠣᠭᠴᠠ ᠪᠠ ᠬᠠᠮᠵᠢᠯᠴᠠᠬᠤ ᠲᠣᠭᠲᠠᠴᠠ ᠶᠢ | ᠲᠤᠳᠤᠷᠬᠠᠶᠢᠯᠠᠨ᠂ ᠡᠳᠦᠷ ᠲᠤᠲᠤᠮ ᠤᠨ ᠰᠦᠯᠵᠢᠶᠡᠨ ᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠢ ᠭᠡᠪᠡ᠃ | |