ᠮᠠᠨ ᠤ ᠬᠤᠰᠢᠭᠤ ᠤᠯᠤᠰ ᠪᠠ ᠦᠪᠡᠷᠲᠡᠭᠡᠨ ᠵᠠᠰᠠᠬᠤ ᠤᠷᠤᠨ ᠤ ︽ᠲᠠᠯᠪᠢᠬᠤ ᠬᠠᠮᠢᠶᠠᠷᠠᠬᠤ ᠦᠢᠯᠡᠴᠢᠯᠡᠬᠦ︾ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠰᠢᠯᠢᠳᠡᠭᠵᠢᠭᠦᠯᠬᠦ ᠲᠤᠬᠠᠢ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ︽ᠳᠦᠭᠦᠮ ᠬᠢᠨᠠᠨ ᠵᠦᠪᠰᠢᠶᠡᠷᠡᠯ︾ ᠢ ᠪᠦᠬᠦ ᠲᠠᠯ᠎ᠠ ᠪᠠᠷ ᠬᠡᠷᠡᠭᠵᠢᠭᠦᠯᠦᠨ᠂ ︽ᠰᠢᠯᠢᠳᠡᠭ ᠦᠢᠯᠡᠴᠢᠯᠡᠭᠡ︾ ᠶᠢ | ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠡᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠳᠡᠭᠡᠷ᠎ᠡ ᠥᠷᠭᠦᠯᠵᠢᠯᠡᠨ ᠬᠥᠴᠥ ᠪᠠᠨ ᠲᠠᠯᠪᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠦᠭᠡᠷᠡᠴᠢᠯᠡᠨ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠵᠢᠴᠢ ᠬᠠᠮᠢᠶ᠎ᠠ ᠪᠦᠬᠦᠢ ᠬᠢᠨᠠᠨ ᠵᠦᠪᠰᠢᠶᠡᠷᠡᠬᠦ ᠰᠠᠯᠠᠭ᠎ᠠ ᠮᠦᠴᠢᠷ ᠤᠨ | ᠬᠢᠨ ᠬᠦᠴᠦ ᠪᠠᠨ ᠬᠠᠮᠲᠤᠤᠳᠬᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠶᠠᠪᠤᠳᠠᠯ ᠢ ᠨᠢᠭᠡ | ᠤᠳᠠᠭ᠎ᠠ ᠳᠤ ᠭᠦᠢᠴᠡᠳᠭᠡᠬᠦ︾ ᠠᠵᠢᠯ ᠲᠥᠷᠥᠯ ᠢ ᠪᠤᠳᠠᠲᠠᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ ᠪᠠᠶᠢᠨ᠎ᠠ᠃ | 11 ᠳ᠋ᠦ᠋ᠭᠡᠷ ᠰᠠᠷ᠎ᠠ ᠶᠢᠨ 9 ᠤ ᠡᠳᠦᠷ᠂ ᠭᠥᠸᠧ ᠰᠢᠩ ᠴᠢᠶᠠᠨ ᠭᠤᠸᠠᠢ ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ ︽ᠨᠢᠭᠡ ᠯᠡ ᠤᠳᠠᠭ᠎ᠠ ᠳᠤ ᠭᠦᠢᠴᠡᠳᠭᠡᠬᠦ︾ ᠠᠵᠢᠯᠲᠠᠨ ᠤ | ᠵᠢᠯᠤᠳᠤᠭᠤᠯᠭ᠎ᠠ ᠳᠤᠤᠷ᠎ᠠ᠂ ᠬᠦᠩᠭᠡᠵᠢᠯᠲᠡ ᠶᠢᠨ ᠦᠷᠦᠭᠡ ᠶᠢᠨ ᠭᠠᠳᠠᠨ᠎ᠠ ︽ᠮᠦᠩᠭᠡ ᠰᠤᠪᠠᠭ︾ APP ᠪᠠᠷ | ᠮᠠᠨ ᠤ ᠬᠤᠰᠢᠭᠤᠨ ᠤ ᠠᠩᠬᠠᠳᠠᠭᠴᠢ ᠤᠳᠠᠭᠠᠨ ᠤ ᠰᠦᠯᠵᠢᠶᠡᠨ ᠳᠡᠭᠡᠷ᠎ᠡ ᠰᠢᠨ᠎ᠡ ᠲᠦᠷᠦᠭᠰᠡᠨ ᠬᠡᠤᠬᠡᠳ ᠢ | ᠲᠠᠩᠰᠠᠯᠠᠬᠤ ᠭᠠᠷ ᠭᠦᠢᠴᠡᠳᠭᠡᠯ ᠢ ᠭᠦᠢᠴᠡᠳᠭᠡᠭᠰᠡᠨ ᠪᠠᠶᠢᠨ᠎ᠠ᠃ ᠭᠥᠸᠧ ᠰᠢᠩ ᠴᠢᠶᠠᠨ 20 ᠮᠢᠨᠦ᠋ᠲ ᠬᠦᠷᠬᠦ | ᠦᠭᠡᠢ ᠪᠠᠷ ᠰᠦᠯᠵᠢᠶᠡᠨ ᠳᠡᠭᠡᠷᠡᠬᠢ ᠳᠠᠩᠰᠠᠯᠠᠯᠲᠠ ᠪᠠᠨ ᠳᠠᠭᠤᠰᠬᠠᠵᠤ᠂ ᠰᠢᠨ᠎ᠡ ᠲᠥᠷᠥᠭᠰᠡᠨ ᠬᠡᠤᠬᠡᠳ ᠤᠨ ᠢᠶᠠᠨ | ᠠᠨᠠᠭᠠᠬᠤ ᠤᠬᠠᠭᠠᠨ ᠤ ᠭᠡᠷᠡᠴᠢ ᠪᠠᠨ ᠠᠪᠴᠠᠢ᠃ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ | ᠠᠵᠢᠯ ᠲᠥᠷᠥᠯ ᠤᠨ ᠥᠭᠡᠷᠡᠴᠢᠯᠡᠯᠲᠡ ᠨᠢ ᠰᠢᠨ᠎ᠡ ᠲᠥᠷᠥᠭᠰᠡᠨ ᠬᠡᠤᠬᠡᠳ ᠤᠨ ᠳᠠᠩᠰᠠᠯᠠᠯᠲᠠ ᠬᠢᠬᠦ ᠳᠤ ᠤᠯᠠᠨ | ᠭᠠᠵᠠᠷ ᠬᠥᠷᠴᠤ ᠣᠯᠠᠨ ᠤᠳᠠᠭ᠎ᠠ ᠨᠠᠰᠢ ᠴᠠᠰᠢ ᠭᠥᠶᠥᠳᠡᠭ ᠶᠠᠷᠰᠢᠭ ᠲᠥᠪᠡᠭ ᠲᠠᠢ ᠶᠠᠪᠤᠳᠠᠯ ᠢ ᠥᠭᠡᠷᠡᠴᠢᠯᠡᠵᠤ | ᠠᠷᠠᠳ ᠣᠯᠠᠨ ᠤ ᠠᠵᠢᠯ ᠶᠠᠪᠤᠳᠠᠯ ᠪᠥᠲᠥᠭᠡᠬᠦ ᠳᠤ ᠲᠥᠢᠯ ᠤᠨ ᠶᠡᠭᠡ ᠲᠥᠭᠦᠮ ᠥᠵᠡᠭᠦᠯᠵᠤ ᠴᠢᠳᠠᠬᠤ ᠪᠣᠯᠣᠭᠰᠠᠨ | ᠪᠠᠶᠢᠨ᠎ᠠ᠃ | ᠭᠥᠸᠧ ᠰᠢᠩ ᠴᠢᠶᠠᠨ᠄ ︽ᠡᠨᠡ ᠲᠦᠷᠦᠯ ᠤᠨ ᠦᠭᠡᠷᠡᠴᠢᠯᠡᠯᠲᠡ ᠶᠡᠭᠡ ᠰᠠᠶᠢᠨ᠂ ᠶᠡᠭᠡ ᠳᠦᠭᠦᠮ ᠪᠤᠯᠤᠭᠰᠠᠨ | ᠪᠠᠶᠢᠨ᠎ᠠ᠃ ᠬᠡᠤᠬᠡᠳ ᠲᠦᠷᠦᠭᠰᠡᠨ ᠤ ᠲᠠᠷᠠᠭ᠎ᠠ ᠭᠠᠷ ᠤᠳᠠᠰᠤᠨ ᠲᠡᠭᠡᠷ᠎ᠡ ᠨᠢᠭᠡ ᠯᠡ ᠳᠤᠤᠷ᠎ᠠ ᠨᠢᠭᠡ ᠰᠢᠷᠢᠰ ᠭᠡᠷᠡᠴᠢ | ᠪᠠᠷᠢᠮᠲᠠ ᠶᠢ ᠪᠦᠬᠦᠨ ᠢ ᠭᠦᠢᠴᠡᠳᠭᠡᠵᠦ ᠴᠢᠳᠠᠬᠤ ᠪᠤᠯᠤᠭᠰᠠᠨ ᠪᠠᠶᠢᠨ᠎ᠠ︾ ᠭᠡᠵᠦ ᠪᠠᠶᠢᠯ᠎ᠠ᠃ | ᠡᠨᠡ ᠵᠢᠯ ᠠᠴᠠ ᠨᠠᠰᠢ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ︽ᠨᠢᠭᠡ | ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠦᠢᠯᠡᠴᠢᠯᠡᠭᠡᠨ ᠤ ᠨᠡᠷᠡᠲᠦ ᠲᠡᠮᠳᠡᠭ ᠢ ᠡᠭᠦᠳᠤᠨ ᠪᠠᠶᠢᠭᠤᠯᠵᠤ᠂ | ᠲᠦᠷᠦ ᠶᠢᠨ ᠶᠠᠪᠤᠳᠠᠯ ᠤᠨ ᠬᠤᠷᠢᠶᠠᠨ ᠤ 13 ᠲᠦᠷᠦᠯ ᠤᠨ ︽ᠨᠢᠭᠡ ᠶᠠᠪᠤᠳᠠᠯ ᠢ ᠨᠢᠭᠡ ᠤᠳᠠᠭ᠎ᠠ ᠳᠤ | ᠭᠦᠢᠴᠡᠳᠭᠡᠬᠦ︾ ᠥᠢᠯᠡᠴᠢᠯᠡᠭᠡ ᠶᠢ ᠢᠲᠡᠪᠬᠢᠲᠡᠢ ᠬᠡᠷᠡᠭᠵᠢᠭᠦᠯᠪᠡ᠃ ᠨᠢᠭᠡ ᠶᠠᠪᠤᠳᠠᠯ ᠨᠢ ᠨᠢᠭᠡ ᠯᠡ ᠲᠦᠷᠦᠯ ᠤᠨ | ᠶᠠᠪᠤᠳᠠᠯ ᠪᠠᠶᠢᠵᠤ ᠪᠤᠯᠬᠤ ᠪᠠᠷ ᠪᠠᠷᠠᠬᠤ ᠪᠠᠰᠠ ᠤᠯᠠᠨ ᠰᠠᠯᠠᠭ᠎ᠠ ᠮᠦᠴᠢᠷ᠂ ᠤᠯᠠᠨ ᠴᠤᠩᠬᠤᠪᠴᠢ ᠢ ᠬᠠᠮᠤᠷᠣᠭᠰᠠᠨ | ᠬᠡᠷᠡᠭ ᠶᠠᠪᠤᠳᠠᠯ ᠢ ᠭᠦᠢᠴᠡᠳᠭᠡᠬᠦ ᠪᠤᠶᠤ ᠡᠮᠬᠢᠯᠡᠨ ᠨᠡᠶᠢᠯᠡᠬᠦᠯᠦᠭᠰᠡᠨ ᠤ ᠳᠠᠷᠠᠭᠠᠬᠢ ᠨᠢᠭᠡᠨ ᠶᠠᠪᠤᠳᠠᠯ ᠢ ᠭᠦᠢᠴᠡᠳᠭᠡᠵᠦ᠂ | ᠨᠢᠭᠡ ᠯᠡ ᠤᠳᠠᠭ᠎ᠠ ᠮᠡᠳᠡᠭᠳᠡᠨ᠂ ᠨᠢᠭᠡ ᠬᠠᠭᠤᠳᠠᠰᠤ ᠬᠦᠰᠦᠨᠦᠭᠲᠦ᠂ ᠨᠢᠭᠡ ᠤᠳᠠᠭᠠᠨ ᠤ ᠬᠤᠯᠪᠤᠭᠠᠯᠠᠨ | ᠭᠦᠢᠴᠡᠳᠭᠡᠬᠦ ᠬᠡᠯᠪᠡᠷᠢ ᠪᠠᠷ ᠳᠠᠮᠵᠢᠨ ᠨᠢᠭᠡ ᠯᠡ ᠤᠳᠠᠭ᠎ᠠ ᠪᠠᠷ ᠭᠦᠢᠴᠡᠳᠭᠡᠵᠦ᠂ ᠤᠯᠠᠨ ᠲᠦᠮᠡᠨ ᠤ ᠬᠡᠷᠡᠭ ᠶᠠᠪᠤᠳᠠᠯ | ᠭᠦᠢᠴᠡᠳᠭᠡᠬᠦ ᠳᠦᠭᠦᠮ ᠴᠢᠨᠠᠷ᠂ ᠬᠠᠨᠤᠮᠵᠢ ᠶᠢᠨ ᠬᠡᠮᠵᠢᠶ᠎ᠡ ᠪᠠ ᠬᠦᠷᠲᠡᠭᠡᠮᠵᠢ ᠶᠢᠨ ᠲᠦᠷᠦᠭᠳᠡᠯ ᠢ ᠤᠯᠠᠮ ᠨᠢᠭᠡ | ᠠᠯᠬᠤᠮ ᠲᠡᠭᠡᠭᠰᠰᠢᠯᠡᠬᠦᠯᠦᠭᠰᠡᠨ ᠪᠠᠶᠢᠨ᠎ᠠ᠃ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠲᠤᠪᠴᠢᠶᠠᠨ ᠤ ᠳᠡᠳ᠋ ᠳᠠᠷᠤᠭ᠎ᠠ ᠯᠢ ᠴᠦᠨ ᠰᠢᠶᠠ᠄ ︽ᠵᠢᠱᠢᠶᠡᠯᠡᠪᠡᠯ ᠰᠠᠭᠤᠭᠠᠯᠢ | ᠠᠷᠠᠳ ᠤᠯᠠᠨ ᠲᠦᠮᠡᠨ ᠬᠡᠷᠪᠡ ᠬᠡᠲᠦ ᠳᠡᠯᠭᠡᠭᠦᠷ ᠨᠡᠭᠡᠭᠡᠬᠦ᠂ ᠭᠠᠷ ᠳᠠᠮᠵᠢᠭᠰᠠᠨ ᠭᠡᠷ ᠪᠠᠶᠢᠰᠢᠩ ᠤᠨ ᠭᠦᠢᠴᠡᠳᠭᠡᠯ | ᠵᠢᠴᠢ ᠤᠰᠤ ᠴᠠᠬᠢᠯᠭᠠᠨ ᠳᠤᠯᠠᠭᠠᠯᠠᠯᠭ᠎ᠠ ᠶᠢ ᠡᠷᠦᠬᠡ ᠰᠢᠯᠵᠢᠭᠦᠯᠬᠦ ᠵᠡᠷᠭᠡ ᠭᠦᠢᠴᠡᠳᠭᠡᠯ ᠨᠢ ᠤᠤᠯ ᠳᠠᠭᠠᠨ ᠪᠤᠯ ᠤᠯᠠᠨ | ᠰᠠᠯᠠᠭ᠎ᠠ ᠮᠦᠴᠢᠷ ᠢᠶᠠᠷ ᠭᠦᠢᠴᠡᠳᠭᠡᠯ ᠦᠩᠭᠡᠷᠡᠬᠦ ᠴᠢᠬᠤᠯᠠ ᠲᠠᠢ ᠪᠠᠶᠢᠭᠰᠠᠨ ᠪᠤᠯ᠂ ᠤᠳᠤ ᠪᠦᠬᠦᠨ ᠢ ᠨᠢᠭᠡᠳᠭᠡᠨ | ᠨᠢᠭᠡ ᠶᠠᠪᠤᠳᠠᠯ ᠪᠤᠯᠭᠠᠭᠰᠠᠨ ᠤ ᠳᠠᠷᠠᠭ᠎ᠠ ᠨᠢᠭᠡ ᠯᠡ ᠴᠤᠩᠬᠤᠪᠴᠢ ᠳᠤ ᠪᠦᠬᠦᠶᠢᠯᠡ ᠮᠠᠲ᠋ᠧᠷᠢᠶᠠᠯ ᠢᠶᠠᠨ ᠲᠤᠰᠢᠶᠠᠭᠠᠳ | ᠭᠦᠢᠴᠡᠳᠬᠡᠵᠦ᠂ ᠳᠠᠬᠢᠨᠲᠠ ᠤᠯᠠᠨ ᠤᠳᠠᠭ᠎ᠠ ᠬᠦᠶᠦᠬᠦ ᠬᠡᠷᠡᠭ ᠦᠭᠡᠢ ᠪᠤᠯᠤᠭᠰᠠᠨ︾ ᠭᠡᠵᠦ ᠪᠠᠶᠢᠯ᠎ᠠ᠃ | ᠤᠶᠢᠷ᠎ᠠ ᠶᠢᠨ ᠬᠤᠭᠤᠴᠠᠭᠠᠨ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠠᠴᠠ | ︽︿ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ﹀ ᠶᠢ ᠲᠥᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠳᠡᠰ ᠲᠡᠪᠰᠢᠭᠰᠡᠨ ᠵᠢᠯᠤᠭᠤᠳᠬᠤ ᠰᠠᠨᠠᠯ︾ ᠢ ᠳᠤᠷᠠᠳᠤᠨ ᠭᠠᠷᠭᠠᠵᠠᠢ᠃ ᠰᠠᠨᠠᠯ ᠳᠤ ᠠᠵᠤ | ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠬᠤᠯᠪᠤᠭᠳᠠᠯ ᠪᠦᠬᠦᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ︾ ᠪᠠ ᠬᠤᠪᠢ | ᠬᠦᠮᠦᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠶᠠᠪᠤᠳᠠᠯ ᠢ ᠨᠢᠭᠡ ᠤᠳᠠᠭ᠎ᠠ ᠳᠤ | ᠭᠦᠢᠴᠡᠳᠭᠡᠬᠦ︾ ᠶᠢ ᠲᠦᠯᠬᠢᠨ ᠠᠬᠢᠭᠤᠯᠬᠤ ᠳᠤ ᠰᠠᠭᠤᠷᠢ ᠠᠵᠢᠯ ᠲᠥᠷᠥᠯ ᠤᠨ ᠨᠠᠷᠢᠨ ᠳᠠᠩᠰᠠ ᠨᠡᠶᠢᠲᠡ 13 | ᠲᠤᠮᠤ ᠲᠥᠷᠥᠯ ᠵᠥᠢᠯ ᠢ ᠭᠠᠷᠭᠠᠵᠤ ᠥᠭᠭᠦ ᠬᠡᠷᠡᠭᠲᠠᠢ ᠭᠡᠵᠡᠢ᠃ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠲᠤᠪᠴᠢᠶᠠᠨ ᠤ ᠳᠡᠳ᠋ ᠳᠠᠷᠤᠭ᠎ᠠ ᠯᠢ ᠴᠦᠨ ᠰᠢᠶᠠ᠄ ︽ᠡᠭᠦᠨ ᠤ ᠳᠤᠮᠳᠠ ᠠᠵᠤ | ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠠᠵᠤ ᠠᠬᠤᠶᠢᠯᠠᠯ ᠡᠷᠬᠢᠯᠡᠬᠦ᠂ ᠠᠵᠤ | ᠠᠬᠤᠶᠢᠯᠠᠯ ᠤᠨ ᠡᠵᠡᠩᠨᠡᠯᠲᠡ ᠶᠢᠨ ᠵᠦᠪᠰᠢᠶᠡᠷᠡᠯ᠂ ᠠᠵᠢᠯᠲᠠᠨ ᠡᠯᠰᠡᠨ ᠬᠡᠷᠡᠭᠯᠡᠬᠦ᠂ ᠠᠵᠤ ᠠᠬᠤᠶᠢᠯᠠᠯ ᠳᠤ | ᠬᠤᠯᠪᠤᠭᠳᠠᠬᠤ ᠦᠯᠦ ᠬᠦᠳᠡᠯᠬᠡᠬᠦ ᠬᠦᠷᠦᠩᠭᠡ ᠶᠢᠨ ᠳᠠᠩᠰᠠᠯᠠᠯᠲᠠ᠂ ᠠᠵᠤ ᠠᠬᠤᠶᠢᠯᠠᠯ ᠤᠨ ᠳᠦᠭᠦᠮ ᠬᠠᠰᠤᠯᠲᠠ | ᠵᠡᠷᠭᠡ ᠲᠠᠪᠤᠨ ᠲᠦᠷᠦᠯ ᠤᠨ ᠶᠠᠪᠤᠳᠠᠯ ᠪᠠᠭᠲᠠᠨ᠎ᠠ᠃ ᠬᠤᠪᠢ ᠬᠦᠮᠦᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠳᠤ ᠰᠠᠶ᠋ᠢ ᠲᠦᠷᠦᠭᠰᠡᠨ ᠬᠡᠤᠬᠡᠳ ᠤᠨ ᠭᠦᠢᠴᠡᠳᠭᠡᠯ᠂ ᠠᠵᠢᠯ ᠤᠯᠬᠤ᠂ ᠠᠷᠠᠳ ᠢᠷᠭᠡᠨ ᠤ | ᠤᠷᠤᠭᠯᠠᠬᠤ ᠬᠦᠩᠭᠡᠵᠢᠬᠦ᠂ ᠵᠡᠮᠳᠡᠭᠴᠤᠳ ᠢ ᠲᠡᠳᠭᠦᠨ ᠬᠦᠴᠢᠷᠳᠡᠭᠰᠡᠳ ᠢ ᠲᠤᠰᠠᠯᠠᠬᠤ᠂ ᠴᠡᠷᠢᠭ ᠠᠴᠠ | ᠬᠠᠯᠠᠭᠳᠠᠭᠰᠠᠳ᠂ ᠭᠠᠷ ᠳᠠᠮᠵᠢᠭᠰᠠᠨ ᠭᠡᠷ ᠪᠠᠶᠢᠰᠢᠩ ᠤᠨ ᠰᠢᠯᠵᠢᠭᠦᠯᠬᠦ ᠳᠠᠩᠰᠠᠯᠠᠯ ᠵᠢᠴᠢ ᠤᠰᠤ ᠴᠠᠬᠢᠯᠭᠠᠨ | ᠳᠤᠯᠠᠭᠠᠯᠠᠯᠭ᠎ᠠ ᠶᠢ ᠡᠷᠦᠬᠡ ᠳᠡᠮᠵᠢᠭᠤᠯᠬᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠠᠵᠢᠯ ᠠᠴᠠ ᠪᠠᠨ | ᠠᠮᠠᠷᠠᠬᠤ᠂ ᠠᠷᠠᠳ ᠢᠷᠭᠡᠳ ᠤᠨ ᠨᠠᠰᠤᠯᠠᠭᠰᠠᠨ ᠤ ᠬᠤᠶᠢᠨᠠᠬᠢ ᠶᠠᠪᠤᠳᠠᠯ ᠵᠡᠷᠭᠡ ᠨᠠᠢᠮᠠᠨ ᠲᠦᠷᠦᠯ ᠤᠨ ᠶᠠᠪᠤᠳᠠᠯ | ᠪᠠᠭᠳᠠᠨ᠎ᠠ᠃ ᠤᠳᠤ ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠨᠢᠭᠡ ᠤᠳᠠᠭ᠎ᠠ ᠳᠤ | ᠭᠦᠢᠴᠡᠳᠭᠡᠬᠦ ᠴᠤᠩᠬᠤᠪᠴᠢ ᠳᠤ ᠳᠡᠭᠡᠷᠡᠬᠢ ᠶᠠᠷᠢᠭᠰᠠᠨ ᠭᠠᠷ ᠭᠦᠢᠴᠡᠳᠭᠡᠯ ᠪᠦᠬᠦᠨ ᠢ ᠭᠦᠢᠴᠡᠳᠭᠡᠵᠦ ᠴᠢᠳᠠᠬᠤ | ᠪᠤᠯᠤᠭᠰᠠᠨ ᠪᠠᠶᠢᠨ᠎ᠠ︾ ᠭᠡᠪᠡ᠃ | ᠡᠨᠡᠬᠦ 13 ᠲᠦᠷᠦᠯ ᠤᠨ ᠨᠢᠭᠡ ᠶᠠᠪᠤᠳᠠᠯ ᠢ ᠨᠢᠭᠡ ᠤᠳᠠᠭ᠎ᠠ ᠳᠤ ᠭᠦᠢᠴᠡᠳᠭᠡᠬᠦ ᠦᠭᠡᠷᠡᠴᠢᠯᠡᠯᠲᠡ ᠪᠠᠷ | ᠳᠠᠮᠵᠢᠨ᠂ ᠬᠤᠳᠠᠯᠳᠤᠭ᠎ᠠ ᠡᠷᠬᠢᠯᠡᠬᠦ ᠤᠷᠴᠢᠨ ᠨᠦᠭᠦᠴᠡᠯ ᠢ ᠤᠯᠠᠮ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠲᠦ ᠴᠢᠨᠠᠷ᠂ ᠳᠦᠷᠢᠮᠵᠢᠭᠦᠨ ᠴᠢᠨᠠᠷ ᠪᠠ ᠳᠦᠭᠦᠮ ᠴᠢᠨᠠᠷ ᠤᠨ ᠬᠢᠷᠢ ᠲᠦᠪᠰᠢᠨ ᠢ | ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠤᠯᠠᠨ ᠲᠦᠮᠡᠨ ᠤ ᠭᠠᠷᠳᠠᠮ ᠭᠦᠢᠴᠡᠳᠭᠡᠯ ᠤᠨ ᠬᠡᠷᠡᠭᠴᠡᠭᠡ ᠶᠢ ᠤᠯᠠᠮ | ᠰᠠᠶᠢᠨ ᠬᠠᠩᠭᠠᠵᠤ ᠴᠢᠳᠠᠬᠤ ᠪᠤᠯᠤᠭᠰᠠᠨ ᠪᠠᠶᠢᠨ᠎ᠠ᠃ |