ᠲᠦᠷᠦᠭᠦᠭᠡᠨ᠂ ᠤᠯᠤᠰ ᠤᠨ ᠤᠰᠤᠨ ᠠᠰᠢᠭᠯᠠᠯᠳᠠ ᠶᠢᠨ ᠶᠠᠮᠤᠨ᠂ ᠪᠦᠬᠦ ᠤᠯᠤᠰ ᠤᠨ ᠠᠵᠢᠯᠴᠢᠨ ᠤ | ᠶᠡᠷᠤᠩᠭᠡᠢ ᠡᠪᠯᠡᠯ᠂ ᠪᠦᠬᠦ ᠤᠯᠤᠰ ᠤᠨ ᠡᠮᠡᠭᠳᠡᠶᠢᠴᠤᠳ ᠤᠨ ᠬᠤᠯᠪᠤᠭᠠᠳᠤ ᠬᠤᠷᠠᠯ ᠵᠡᠷᠭᠡ ᠭᠤᠷᠪᠠᠨ ᠰᠠᠯᠠᠭ᠎ᠠ ᠮᠦᠴᠢᠷ | ᠬᠠᠮᠳᠤᠷᠠᠨ ᠵᠤᠬᠢᠶᠠᠨ ᠪᠠᠶᠢᠭᠤᠯᠵᠤ ᠶᠠᠪᠤᠭᠳᠠᠭᠤᠯᠤᠭᠰᠠᠨ ᠬᠤᠶᠠᠳᠤᠭᠠᠷ ᠬᠤᠭᠤᠴᠠᠭᠠᠨ ᠤ ︽ᠬᠠᠮᠤᠭ ᠤᠨ ᠭᠤᠶᠤ | ᠭᠤᠣᠯ ᠮᠦᠷᠡᠨ ᠨᠠᠭᠤᠷ ᠴᠥᠬᠦᠷᠦᠮ ᠤᠨ ᠬᠠᠮᠠᠭᠠᠯᠠᠭᠴᠢ ᠶᠢ ᠡᠷᠢᠬᠦ︾ ᠭᠤᠤᠯ ᠰᠡᠳᠤᠪᠳᠤ ᠦᠢᠯᠡᠳᠦᠯᠭᠡ ᠶᠢᠨ | ᠠᠵᠢᠯᠯᠠᠭ᠎ᠠ ᠶᠢᠨ ᠦᠷ᠎ᠡ ᠳ᠋ᠦᠩ ᠢ ᠨᠡᠶᠢᠳᠡᠯᠡᠪᠡ᠃ ᠡᠭᠦᠨ ᠳᠤ ᠮᠠᠨ ᠤ ᠬᠤᠰᠢᠭᠤᠨ ᠤ ᠲᠠᠯᠠᠶᠢᠬᠦ᠋ᠪ ᠪᠠᠯᠭᠠᠰᠤᠨ ᠤ | ᠤᠯᠠᠭᠠᠠᠭᠡᠷᠡᠯ ᠭᠠᠴᠠᠭᠠᠨ ᠤ ᠱᠦᠵᠢ᠂ ᠭᠠᠴᠠᠭᠠᠨ ᠲᠠᠷᠤᠭ᠎ᠠ ᠤᠶᠤᠨᠳᠠᠨ᠎ᠠ ᠪᠦᠬᠦ ᠤᠯᠤᠰ ᠤᠨ ︽ᠬᠠᠮᠤᠭ ᠤᠨ ᠭᠤᠶᠤ | ᠭᠤᠣᠯ ᠮᠦᠷᠡᠨ ᠨᠠᠭᠤᠷ ᠴᠥᠬᠦᠷᠦᠮ ᠤᠨ ᠬᠠᠮᠠᠭᠠᠯᠠᠭᠴᠢ︾ ᠶᠢᠨ ᠢᠷᠠᠭᠤ ᠠᠯᠳᠠᠷ ᠢ ᠬᠦᠷᠳᠡᠵᠤ᠂ ᠡᠨᠡ ᠨᠢ ᠮᠦᠨᠴᠤ | ᠠᠯᠠᠱᠠ ᠠᠶᠢᠮᠠᠭ ᠤᠨ ᠴᠤᠷ ᠤᠨ ᠭᠠᠭᠴᠠ ᠲᠤᠰ ᠢᠷᠠᠭᠤ ᠠᠯᠳᠠᠷ ᠢ ᠬᠦᠷᠳᠡᠭᠰᠡᠨ ᠦᠨᠳᠤᠰᠤᠨ ᠱᠠᠳᠤᠨ ᠤ ᠨᠠᠭᠤᠷ | ᠭᠤᠤᠯ ᠤᠨ ᠬᠠᠮᠠᠭᠠᠯᠠᠭᠴᠢ ᠪᠤᠯᠤᠭᠰᠠᠨ ᠪᠠᠶᠢᠨ᠎ᠠ᠃ | ᠦᠨᠳᠦᠰᠦᠨ ᠱᠠᠲᠤᠨ ᠤ ᠭᠤᠣᠯ ᠮᠦᠷᠡᠨ ᠨᠠᠭᠤᠷ ᠴᠥᠬᠦᠷᠦᠮ ᠤᠨ ᠳᠠᠷᠤᠭ᠎ᠠ ᠪᠣᠯᠤᠭᠰᠠᠨ ᠤ ᠬᠤᠪᠢ ᠳᠤ᠂ | ᠤᠶᠤᠨᠳᠠᠨ᠎ᠠ ᠭᠤᠣᠯᠳᠠᠭᠤ ᠲᠤᠰ ᠭᠠᠴᠠᠭᠠᠨ ᠤ ᠬᠠᠷᠢᠶ᠎ᠠ ᠣᠷᠣᠨ ᠤ ᠪᠤᠶ ᠪᠦᠬᠦᠢ ᠨᠠᠭᠤᠷ ᠭᠤᠤᠯ ᠢ ᠬᠠᠮᠢᠶᠠᠷᠴᠤ | ᠬᠠᠮᠠᠭᠠᠯᠠᠬᠤ ᠠᠵᠢᠯ ᠢ ᠬᠠᠷᠢᠭᠤᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠭᠤᠣᠯ ᠮᠦᠷᠡᠨ ᠨᠠᠭᠤᠷ ᠴᠥᠬᠦᠷᠦᠮ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠡᠳᠦᠷ | ᠲᠤᠳᠤᠮ ᠤᠨ ᠨᠠᠭᠤᠷ ᠭᠤᠤᠯ ᠢ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠠᠴᠠ ᠭᠠᠳᠠᠨ᠎ᠠ ᠪᠠᠰᠠ | ᠭᠠᠴᠠᠭᠠᠨ ᠤ ᠳᠡᠰ ᠤᠨ ᠨᠠᠭᠤᠷ ᠭᠤᠤᠯ ᠤᠨ ᠳᠠᠷᠤᠭ᠎ᠠ ᠶᠢ ᠪᠦᠯᠬᠦᠮᠳᠡᠭᠦᠯᠦᠨ ᠳᠠᠭᠠᠭᠤᠯᠵᠤ ᠬᠠᠮᠲᠤᠷᠠᠨ ᠭᠤᠣᠯ ᠮᠦᠷᠡᠨ | ᠨᠠᠭᠤᠷ ᠴᠥᠬᠦᠷᠦᠮ ᠢ ᠲᠣᠭᠤᠷᠢᠨ ᠪᠠᠶᠢᠴᠠᠭᠠᠬᠤ ᠶᠢ ᠥᠷᠨᠢᠭᠦᠯᠵᠦ᠂ ᠡᠯ᠎ᠡ ᠵᠦᠢᠯ ᠤᠨ ᠠᠰᠠᠭᠤᠳᠠᠯ ᠢ ᠱᠠᠯᠠᠪᠳᠠᠭᠤᠯᠤᠨ | ᠰᠢᠢᠳᠪᠦᠷᠢᠯᠡᠬᠦ ᠶᠢᠨ ᠬᠠᠮᠲᠤ ᠦᠷᠭᠦᠯᠵᠢ ᠵᠣᠭᠤᠭ ᠳᠡᠯᠭᠡᠬᠦ᠂ ᠲᠤᠰᠬᠠᠢ ᠰᠡᠳᠦᠪᠲᠦ ᠲᠠᠶᠢᠯᠤᠮᠵᠢ ᠬᠢᠬᠦ ᠵᠡᠷᠭᠡ | ᠬᠡᠯᠪᠡᠷᠢ ᠪᠠᠷ ᠮᠠᠯᠴᠢᠨ ᠲᠠᠷᠢᠶᠠᠴᠢᠨ ᠳᠤ ᠭᠤᠣᠯ ᠮᠦᠷᠡᠨ ᠨᠠᠭᠤᠷ ᠴᠥᠬᠦᠷᠦᠮ ᠤᠨ ᠳᠠᠷᠤᠭ᠎ᠠ ᠶᠢᠨ ᠳᠦᠷᠢᠮ ᠤᠨ | ᠠᠵᠢᠯ ᠤᠨ ᠠᠴᠢ ᠬᠤᠯᠪᠣᠭᠳᠠᠯ ᠢ ᠲᠠᠶᠢᠯᠪᠤᠷᠢᠯᠠᠵᠤ᠂ ᠤᠯᠠᠨ ᠲᠦᠮᠡᠨ ᠢ ᠤᠬᠠᠭᠤᠯᠤᠨ ᠬᠥᠲᠥᠯᠥᠨ ᠵᠢᠯᠤᠭᠤᠳᠴᠤ | ᠪᠠᠶᠢᠭᠠᠳ ᠭᠡᠷ ᠤᠨ ᠡᠭᠦᠳᠡᠨ ᠳᠠᠬᠢ ᠡᠵᠢ ᠭᠤᠣᠯ ᠢ ᠰᠠᠶᠢᠲᠤᠷ ᠬᠠᠮᠠᠭᠠᠯᠠᠵᠤ᠂ ᠨᠡᠩ ᠤᠯᠠᠨ ᠮᠠᠯᠴᠢᠨ ᠲᠠᠷᠢᠶᠠᠴᠢᠨ ᠢ | ᠵᠣᠷᠢᠭᠵᠢᠭᠤᠯᠤᠨ ᠭᠤᠣᠯ ᠮᠦᠷᠡᠨ ᠨᠠᠭᠤᠷ ᠴᠥᠬᠦᠷᠦᠮ ᠤᠨ ᠠᠮᠢ ᠠᠬᠤᠢ ᠶᠢᠨ ᠬᠠᠮᠠᠭᠠᠯᠠᠯᠲᠠ ᠳᠤ ᠣᠷᠣᠯᠴᠠᠭᠤᠯᠵᠤ | ᠪᠤᠢ᠃ ᠤᠶᠤᠨᠳᠠᠨ᠎ᠠ ᠬᠡᠯᠡᠬᠦ ᠳᠡᠭᠡᠨ᠄ ︽ᠬᠠᠷ᠎ᠠ ᠭᠤᠣᠯ ᠢ ᠰᠠᠶᠢᠲᠤᠷ ᠰᠠᠬᠢᠨ ᠬᠠᠮᠠᠭᠠᠯᠠᠵᠤ᠂ ᠡᠵᠡᠨ᠎ᠡ ᠶᠢᠨ ᠡᠵᠢ | ᠭᠤᠣᠯ ᠢ ᠰᠠᠶᠢᠲᠤᠷ ᠰᠠᠬᠢᠨ ᠬᠠᠮᠠᠭᠠᠯᠠᠬᠤ ᠪᠣᠯ ᠮᠢᠨᠤ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠮᠥᠨ᠃ | ᠬᠤᠶᠢᠰᠢᠳᠠ ᠪᠢ ᠤᠷᠮᠠᠰᠢᠭᠤᠯᠤᠨ ᠵᠣᠷᠢᠭᠵᠢᠭᠤᠯᠬᠤ ᠶᠢ ᠬᠥᠳᠡᠯᠭᠡᠭᠦ ᠬᠦᠴᠦᠨ ᠪᠣᠯᠭᠠᠨ᠂ ᠢᠷᠠᠭᠤ ᠠᠯᠳᠠᠷ ᠢ | ᠬᠠᠷᠢᠭᠤᠴᠠᠯᠭ᠎ᠠ ᠪᠣᠯᠭᠠᠵᠤ᠂ ᠨᠡᠩ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠥᠪᠡᠷ ᠢ ᠪᠠᠨ ᠱᠠᠭᠠᠷᠳᠠᠵᠤ᠂ | ᠤᠯᠠᠨ ᠢ ᠳᠠᠭᠠᠭᠤᠯᠤᠨ ᠤᠰᠤᠨ ᠤ ᠡᠬᠢ ᠪᠠᠶᠠᠯᠢᠭ ᠢ ᠰᠠᠶᠢᠲᠤᠷ ᠬᠠᠮᠠᠭᠠᠯᠠᠵᠤ᠂ ᠮᠠᠯᠴᠢᠨ ᠲᠠᠷᠢᠶᠠᠴᠢᠨ ᠤ | ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠠᠴᠠ ᠤᠯᠠᠮ ᠰᠠᠶᠢᠨ ᠪᠣᠯᠭᠠᠨ᠎ᠠ︾ ᠭᠡᠵᠦ ᠪᠠᠶᠢᠯ᠎ᠠ᠃ | ᠣᠶᠢᠯᠠᠭᠠᠭᠰᠠᠨ ᠢᠶᠠᠷ᠂ ᠡᠨᠡ ᠵᠢᠯ ᠤᠨ 6 ᠰᠠᠷ᠎ᠠ ᠳᠤ᠂ ᠬᠤᠶᠠᠳᠤᠭᠠᠷ ᠬᠤᠭᠤᠴᠠᠭᠠᠨ ᠤ ︽ᠬᠠᠮᠤᠭ ᠤᠨ | ᠭᠤᠶᠣ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ ᠶᠢ ᠡᠷᠢᠬᠦ︾ ᠭᠤᠣᠯ ᠰᠡᠳᠦᠪᠲᠦ ᠦᠢᠯᠡᠳᠦᠯᠭᠡ ᠶᠢᠨ | ᠠᠵᠢᠯᠯᠠᠭ᠎ᠠ ᠵᠢᠩᠬᠢᠨᠢ ᠪᠠᠷ ᠡᠬᠢᠯᠡᠪᠡ᠃ᠨᠡᠷ᠎ᠡ ᠳᠤᠷᠠᠳᠬᠤ᠂ ᠪᠢᠯᠧᠲ ᠥᠭᠴᠦ ᠰᠢᠯᠢᠨ ᠰᠣᠩᠭᠤᠬᠤ ᠵᠡᠷᠭᠡ | ᠭᠤᠭᠴᠤᠭ᠎ᠠ ᠪᠠᠷ ᠳᠠᠮᠵᠢᠭᠤᠯᠤᠨ᠂ ᠪᠦᠬᠦ ᠤᠯᠤᠰ ᠤᠨ 300 ᠭᠠᠷᠤᠢ ᠵᠢᠱᠢᠭᠳᠡᠭᠴᠢ ᠶᠢᠨ ᠳᠣᠲᠣᠷ᠎ᠠ ᠠᠴᠠ ᠵᠠᠭᠤᠨ | ᠨᠡᠷ᠎ᠡ ᠬᠠᠮᠤᠭ ᠤᠨ ᠭᠤᠶᠤ ᠭᠤᠣᠯ ᠮᠥᠷᠡᠨ ᠨᠠᠭᠤᠷ ᠪᠦᠷᠢᠳᠦ ᠶᠢᠨ ᠬᠠᠮᠠᠭᠠᠯᠠᠭᠴᠢ ᠶᠢ ᠡᠷᠢᠵᠦ ᠣᠯᠵᠠᠢ᠃ ᠡᠭᠦᠨ ᠳᠤ᠂ | ︽ᠠᠷᠪᠠᠨ ᠶᠡᠭᠡ ᠬᠠᠮᠤᠭ ᠤᠨ ᠭᠤᠶᠣ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ︾ ︽ᠬᠠᠮᠤᠭ ᠤᠨ | ᠭᠤᠶᠣ ᠡᠮᠡᠭᠲᠡᠢ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ︾ ︽ᠬᠠᠮᠤᠭ ᠤᠨ ᠭᠤᠶᠣ ᠦᠨᠳᠦᠰᠦᠨ | ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ︾ ︽ᠬᠠᠮᠤᠭ ᠤᠨ ᠭᠤᠶᠣ ᠠᠷᠠᠳ ᠤᠨ | ᠳᠤᠮᠳᠠᠬᠢ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ︾ ᠲᠣᠰ ᠲᠣᠰ 10 ᠬᠥᠮᠥᠨ᠂ ︽ᠬᠠᠮᠤᠭ ᠤᠨ | ᠭᠤᠶᠣ ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠭᠴᠢ︾ 60 ᠬᠥᠮᠥᠨ ᠪᠣᠶ᠃ |