ᠡᠨᠡ ᠵᠢᠯ ᠤᠨ 8 ᠳ᠋ᠤᠭᠠᠷ ᠰᠠᠷ᠎ᠠ ᠶᠢᠨ 8 ᠤ ᠡᠳᠦᠷ ᠶᠠᠪᠤᠭᠳᠠᠭᠰᠠᠨ ᠶᠢᠰᠦᠳᠦᠭᠡᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ᠂ ᠮᠠᠨ ᠤ | ᠬᠤᠰᠢᠭᠤᠨ ᠤ ᠤᠯᠠᠭᠠᠨᠮᠥ᠋ᠴᠢᠷ ᠬᠠᠮᠲᠤ ᠶᠢᠨ ᠵᠦᠴᠦᠭᠡ ᠶᠢᠨ ᠠᠯᠲᠠᠨ ᠮᠧᠳᠠᠯ ᠢ ᠬᠦᠷᠲᠡᠵᠡᠢ᠃ ᠡᠨᠠᠬᠦ ᠠᠯᠲᠠᠨ | ᠮᠧᠳᠠᠯ ᠤᠨ ᠠᠷᠤ ᠳᠤ ᠬᠠᠷᠢᠨ ᠲᠤᠭ᠎ᠠ ᠲᠣᠮᠰᠢ ᠦᠭᠡᠢ ᠬᠠᠲᠠᠭᠤ ᠪᠡᠷᠬᠡ ᠵᠢᠳᠬᠦᠯ ᠴᠢᠷᠮᠠᠶᠢᠯᠭ᠎ᠠ ᠪᠠ ᠬᠤᠪᠢ ᠨᠡᠮᠡᠷᠢ | ᠡᠷᠭᠦᠭᠰᠡᠨ ᠪᠠᠶᠢᠳᠠᠭ ᠪᠣᠯᠬᠤᠷ ᠥᠨᠥᠳᠥᠷ ᠪᠢᠳᠡ ᠬᠠᠮᠳᠣᠳᠠ ᠪᠠᠨ ᠠᠯᠲᠠᠨ ᠮᠧᠳᠠᠯ ᠤᠨ ᠠᠷᠤ ᠳᠠᠬᠢ ᠲᠡᠳᠡᠭᠡᠷ ᠤᠯᠠᠨ | ᠰᠡᠳᠬᠢᠯ ᠬᠥᠳᠡᠯᠭᠡᠮ᠎ᠡ ᠥᠯᠢᠭᠡᠷ ᠣᠴᠢᠷ ᠠᠴᠠ ᠣᠶᠢᠯᠠᠭᠠᠶ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠪᠣᠯ | ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ᠂ ᠦᠨᠳᠦᠰᠦᠲᠡᠨ ᠤ ᠣᠨᠴᠠᠯᠢᠭ᠂ ᠭᠠᠵᠠᠷ ᠣᠷᠣᠨ ᠤ | ᠣᠨᠴᠠᠯᠢᠭ᠂ ᠴᠠᠭ ᠦᠶ᠎ᠡ ᠶᠢᠨ ᠣᠨᠴᠠᠯᠢᠭ ᠲᠠᠢ ᠦᠨᠳᠦᠰᠦᠲᠡᠨ ᠤ ᠰᠣᠶᠣᠯ ᠤᠨ ᠪᠠᠶᠠᠷ ᠤᠨ ᠨᠠᠷᠠᠲᠤ ᠲᠡᠮᠳᠡᠭ ᠮᠥᠨ᠂ | ᠮᠠᠨ ᠤ ᠬᠤᠰᠢᠭᠤᠨ ᠤ ᠤᠯᠠᠭᠠᠨᠮᠥ᠋ᠴᠢᠷ ᠤᠨ ᠨᠠᠶᠢᠷᠠᠭᠤᠯᠵᠤ ᠪᠦᠳᠦᠭᠡᠭᠰᠡᠨ ︽ᠡᠵᠡᠨ᠎ᠡ ᠶᠢᠨ ᠡᠷᠡᠮᠡᠬᠡᠶᠢᠯᠡᠨ | ᠣᠷᠤᠭᠰᠢᠯᠠᠬᠤ ᠰᠢᠨ᠎ᠡ ᠠᠶᠠᠨ︾ ᠭᠡᠬᠦ ᠲᠤᠰᠬᠠᠢ ᠦᠳᠡᠰᠢᠯᠡᠭᠡ ᠶᠢᠰᠦᠳᠦᠭᠡᠷ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠲᠤ ᠠᠮᠵᠢᠯᠲᠠ ᠲᠠᠢ ᠰᠤᠩᠭᠤᠭᠳᠠᠨ | ᠣᠷᠣᠪᠠ᠃ ᠡᠨᠡ ᠵᠢᠯ ᠤᠨ 8 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ᠶᠠᠪᠤᠭᠳᠠᠭᠰᠠᠨ ᠤᠷᠠᠯᠢᠭ ᠤᠨ ᠨᠠᠶᠢᠷ ᠲᠤ ᠭᠠᠵᠠᠷ ᠤᠷᠤᠨ ᠤ ᠪᠠᠨ ᠣᠨᠴᠠᠯᠢᠭ ᠪᠠ ᠥᠨᠳᠣᠰᠣᠳᠠᠨ ᠤ | ᠣᠨᠴᠠᠯᠢᠭ ᠢ ᠤᠶᠠᠯᠳᠤᠭᠤᠯᠤᠭᠰᠠᠨ ᠰᠣᠳᠣᠨ ᠳᠤᠭᠯᠠᠯᠳᠠ ᠶᠢ ᠡᠭᠦᠳᠦᠨ ᠪᠦᠳᠦᠭᠡᠬᠦ ᠪᠠᠷ ᠮᠠᠨ ᠤ ᠬᠤᠰᠢᠭᠤᠨ ᠤ | ᠤᠯᠠᠭᠠᠨᠮᠥ᠋ᠴᠢᠷ ᠤᠨ ᠪᠥᠬᠦ ᠭᠡᠰᠢᠭᠦᠳ ᠮᠠᠨᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ ᠪᠠᠴᠢᠮ | ᠶᠠᠭᠠᠷᠠᠯᠲᠠᠢ ᠪᠠᠷ ᠪᠣᠯᠪᠠᠰᠤᠷᠠᠯ ᠰᠣᠷᠢᠯᠲᠠ ᠶᠢᠨ ᠠᠵᠢᠯ ᠢᠶᠠᠨ ᠡᠬᠢᠯᠡᠭᠦᠯᠦᠭᠰᠡᠨ ᠪᠠᠶᠢᠨ᠎ᠠ᠃ ᠲᠡᠳᠡ ᠤᠷᠤᠯᠳᠤᠭᠠᠨ ᠤ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ | ᠪᠡᠷᠬᠡᠰᠢᠶᠡᠯ ᠢ ᠢᠯᠠᠨ ᠳᠠᠪᠠᠵᠤ᠂ ᠣᠬᠤᠷᠬᠠᠨ ᠨᠢᠭᠡ ᠰᠠᠷ᠎ᠠ ᠶᠢᠨ ᠬᠤᠭᠤᠴᠠᠭᠠᠨ ᠳᠤ 14 ᠠᠩᠬᠠᠨ ᠤ | ᠡᠭᠦᠳᠦᠯᠲᠡ ᠶᠢᠨ ᠫᠷᠣᠭ᠍ᠷᠠᠮ ᠢ ᠵᠣᠬᠢᠶᠠᠨ ᠪᠡᠶᠡᠯᠡᠬᠦᠯᠵᠡᠢ᠃ ᠲᠠᠶᠢᠰᠠᠨ ᠲᠡᠭᠡᠷ᠎ᠡ ᠲᠣᠭᠯᠠᠭᠴᠢᠳ ᠤᠨ ᠤᠷᠠᠨ | ᠲᠤᠭᠯᠠᠯᠲᠠ ᠪᠠᠷ ᠠᠮᠢᠯᠠᠭᠰᠠᠨ ᠪᠥᠵᠢᠭ ᠲᠤᠭᠯᠠᠯᠲᠠ ᠨᠢ ᠦᠵᠡᠭᠴᠢᠳ ᠤᠨ ᠬᠠᠯᠠᠭᠤᠨ ᠬᠦᠷᠢᠶᠠᠯᠠᠯ ᠢ ᠣᠯᠣᠭᠰᠠᠨ | ᠪᠠᠶᠢᠨ᠎ᠠ᠃ | ᠬᠤᠰᠢᠭᠤᠨ ᠤ ᠤᠯᠠᠭᠠᠨᠮᠥ᠋ᠴᠢᠷ ᠤᠨ ᠵᠣᠬᠢᠶᠠᠨ ᠪᠦᠲᠦᠭᠡᠬᠦ ᠲᠠᠰᠤᠭ ᠤᠨ ᠡᠷᠬᠢᠯᠡᠭᠴᠢ ᠯᠢᠦ ᠨᠠ᠄ | ︽ᠪᠦᠲᠦᠭᠡᠯ ᠢ ᠣᠯᠠᠨ ᠤᠳᠠᠭ᠎ᠠ ᠵᠠᠰᠠᠵᠤ᠂ ᠣᠯᠠᠨ ᠤᠳᠠᠭ᠎ᠠ ᠪᠣᠯᠪᠠᠰᠤᠷᠠᠭᠤᠯᠤᠭᠰᠠᠨ᠃ ᠮᠠᠨ ᠤ ᠲᠣᠭᠯᠠᠭᠴᠢᠳ | ᠶᠡᠷᠤ ᠨᠢ ᠭᠤᠮᠣᠳᠠᠯ ᠲᠣᠭᠠᠴᠢᠭ᠎ᠠ ᠦᠭᠡᠢ᠃ ᠢᠯᠠᠩᠭᠤᠶ᠎ᠠ ᠪᠥᠵᠢᠭᠴᠢᠳ ᠪᠣᠯᠪᠠᠰᠤᠷᠠᠯ ᠤᠨ ᠡᠭᠦᠷᠭᠡ ᠨᠡᠯᠢᠶᠡᠳ | ᠬᠦᠨᠳᠦ ᠪᠤᠯᠬᠤᠷ ᠥᠷᠯᠥᠭᠡ ᠶᠢᠨ ᠶᠢᠰᠦᠨ ᠴᠠᠭ ᠠᠴᠠ ᠣᠷᠣᠢ ᠶᠢᠨ ᠠᠷᠪᠠᠨ ᠴᠠᠭ ᠲᠤ ᠰᠠᠶ᠋ᠢ ᠪᠣᠯᠪᠠᠰᠤᠷᠠᠯ ᠢᠶᠠᠨ | ᠳᠠᠭᠤᠰᠬᠠᠳᠠᠭ᠃ ᠲᠤᠩ ᠬᠠᠲᠠᠭᠤᠵᠢᠯ ᠲᠠᠢ ᠪᠣᠯᠪᠠᠰᠤᠷᠠᠭᠰᠠᠨ᠂ ᠵᠠᠷᠢᠮ ᠲᠣᠭᠯᠠᠭᠴᠢᠳ ᠰᠢᠷᠬᠠᠲᠤᠭᠰᠠᠨ | ᠪᠠᠶᠢᠭᠰᠠᠨ ᠴᠤ ᠲᠡᠰᠪᠤᠷᠢᠯᠡᠵᠤ᠂ ᠶᠠᠳᠠᠷᠠᠵᠤ ᠵᠥᠳᠡᠷᠡᠯᠡ ᠭᠡᠵᠦ ᠨᠢᠭᠡ ᠴᠦ ᠶᠠᠷᠢᠭᠰᠠᠨ ᠦᠭᠡᠢ︾ ᠭᠡᠵᠦ ᠪᠠᠶᠢᠯ᠎ᠠ᠃ | ︽ᠡᠵᠡᠨ᠎ᠡ ᠶᠢᠨ ᠡᠷᠡᠮᠡᠬᠡᠶᠢᠯᠡᠨ ᠣᠷᠤᠭᠰᠢᠯᠠᠬᠤ ᠰᠢᠨ᠎ᠡ ᠠᠶᠠᠨ︾ ᠭᠡᠬᠦ ᠲᠤᠰᠬᠠᠢ ᠦᠳᠡᠰᠢᠯᠡᠭᠡ ᠳᠤ᠂ ᠮᠠᠨ ᠤ | ᠬᠤᠰᠢᠭᠤᠨ ᠤ ᠤᠯᠠᠭᠠᠨᠮᠥ᠋ᠴᠢᠷ ᠤᠨ ᠥᠪᠡᠷ ᠤᠨ ᠵᠣᠬᠢᠶᠠᠨ ᠪᠦᠳᠦᠭᠡᠭᠰᠡᠨ ︽ᠬᠠᠮᠲᠤ ᠳᠠᠭᠠᠨ ᠲᠤᠭᠤᠯᠤᠶ᠎ᠠ︾ ᠬᠡᠬᠦ | ᠱᠤᠭ ᠵᠦᠴᠦᠭᠡ ᠪᠣᠯᠣᠨ ︽ᠲᠠᠲᠠᠯᠭᠠᠨ ᠭᠤᠪᠢ︾ ᠬᠡᠬᠦ ᠬᠥᠭᠵᠢᠮ ᠤᠨ ᠪᠥᠲᠥᠭᠡᠯ ᠨᠢ ᠥᠪᠡᠷᠲᠡᠭᠡᠨ ᠵᠠᠰᠠᠬᠤ | ᠣᠷᠣᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠵᠣᠬᠢᠶᠠᠨ ᠪᠠᠶᠢᠭᠤᠯᠬᠤ ᠺᠣᠮᠢᠰ ᠪᠣᠯᠣᠨ ᠠᠬᠤᠢ ᠲᠠᠯᠠᠪᠠᠶ ᠶᠢᠨ | ᠦᠵᠡᠭᠴᠢᠳ ᠤᠨ ᠬᠠᠮᠲᠤ ᠶᠢᠨ ᠰᠠᠶᠢᠨ ᠦᠨᠡᠯᠡᠯᠲᠡ ᠶᠢ ᠣᠯᠵᠤ᠂ ᠤᠳᠬ᠎ᠠ ᠤᠷᠠᠯᠢᠭ ᠤᠨ ᠬᠠᠮᠲᠤᠷᠠᠭᠰᠠᠨ | ᠲᠣᠭᠯᠠᠯᠲᠠ ᠶᠢᠨ ᠨᠢᠭᠡᠳᠦᠭᠡᠷ ᠳᠡᠰ ᠤᠨ ᠱᠠᠩᠨᠠᠯ᠂ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠶᠢᠨ | ᠵᠣᠬᠢᠶᠠᠨ ᠪᠦᠲᠦᠭᠡᠯᠭᠡ ᠶᠢᠨ ᠨᠢᠭᠡᠳᠦᠭᠡᠷ ᠳᠡᠰ ᠤᠨ ᠱᠠᠩᠨᠠᠯ ᠢ ᠭᠥᠷᠳᠡᠭᠰᠡᠨ ᠪᠠᠶᠢᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠪᠣᠯ ᠤᠯᠠᠭᠠᠨᠮᠥ᠋ᠴᠢᠷ ᠤᠨ ᠡᠷᠡᠮᠡᠬᠡᠶᠢᠯᠡᠨ ᠤᠷᠤᠭᠰᠢᠯᠠᠵᠤ᠂ ᠦᠰᠦᠨ | ᠪᠤᠵᠠᠭᠠᠶᠢᠷᠠᠬᠤ ᠠᠤᠭ᠎ᠠ ᠬᠦᠴᠦᠨ ᠤ ᠡᠬᠢ ᠪᠤᠯᠠᠭ᠂ ᠮᠥᠨᠴᠦ ᠤᠯᠠᠭᠠᠨᠮᠥ᠋ᠴᠢᠷ ᠤᠨ ᠲᠡᠷᠢᠭᠦᠨ ᠤ ᠰᠣᠶᠣᠯ ᠢ | ᠤᠬᠠᠭᠤᠯᠤᠨ ᠤᠷᠤᠭᠰᠢᠯᠠᠬᠤ ᠶᠢᠨ ᠵᠣᠷᠢᠭ ᠰᠠᠨᠠᠭᠠᠨ ᠤ ᠠᠮᠢᠨ ᠰᠤᠳᠠᠰᠤ ᠪᠣᠯᠣᠨ᠎ᠠ᠃ ᠨᠡᠩ ᠤᠯᠠᠨ ᠤᠳᠬ᠎ᠠ | ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠬᠦ ᠶᠢᠨ ᠲᠥᠯᠥᠭᠡ᠂ ᠡᠵᠡᠨ᠎ᠡ ᠬᠤᠰᠢᠭᠤᠨ ᠤ | ᠤᠯᠠᠭᠠᠨᠮᠥ᠋ᠴᠢᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠰᠢᠨ᠎ᠡ | ᠠᠶᠠᠨ ᠳᠤ ᠡᠷᠡᠯᠬᠡᠭᠯᠡᠨ ᠤᠷᠤᠭᠰᠢᠯᠠᠬᠤ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠵᠡᠷᠭᠡ ᠠᠭᠤᠯᠭ᠎ᠠ ᠪᠠᠷ | ᠭᠤᠣᠯ ᠰᠡᠳᠦᠪ ᠪᠠᠨ ᠪᠣᠯᠭᠠᠵᠤ᠂ ᠬᠠᠮᠳᠤ ᠶᠢᠨ ᠪᠦᠵᠢᠭ ︽ᠪᠠᠶᠠᠰᠬᠤᠯᠡᠩᠳᠤ ᠰᠠᠪᠠᠷᠳᠡᠩ︾ ᠂ ︽ᠬᠤᠪᠢᠯᠭᠠᠨ | ᠣᠩᠭᠤᠴᠠ ᠬᠠᠷᠪᠣᠭᠰᠠᠨ ᠥᠯᠦᠬᠡᠢ︾᠂ ︽ᠨᠠᠮ ᠢᠶᠠᠨ ᠡᠭᠦᠷᠢᠳᠡ ᠳᠠᠭᠠᠨ᠎ᠠ︾᠂ ︽ᠤᠯᠠᠭᠠᠨᠮᠦ᠋ᠴᠢᠷ ᠢᠶᠠᠨ ᠮᠠᠭᠳᠠᠨ | ᠳᠠᠭᠤᠯᠠᠶ᠎ᠠ︾ ᠵᠡᠷᠭᠡ ᠲᠣᠭᠯᠠᠯᠲᠠ ᠶᠢ ᠵᠣᠬᠢᠶᠠᠨ ᠪᠦᠲᠦᠭᠡᠵᠡᠢ᠃ | | | |