ᠰᠤᠪᠨᠠᠭᠤᠷ ᠰᠤᠮᠤ ᠶᠢᠨ ᠢᠪᠠᠤᠲᠦ ᠭᠠᠴᠠᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠬᠦᠳᠡᠯᠬᠡᠬᠦ ᠬᠦᠴᠦᠨ ᠢᠶᠠᠨ ᠪᠤᠯᠭᠠᠨ᠎ᠠ
ᠨᠡᠶᠢᠲᠡᠯᠡᠭᠰᠡᠨ ᠴᠠᠭ᠄
2022/11/18
      ᠰᠤᠪᠠᠨᠠᠭᠤᠷ ᠰᠤᠮᠤ ᠶᠢᠨ ᠢᠪᠠᠤᠲᠦ ᠭᠠᠴᠠᠭ᠎ᠠ ᠤᠯᠠᠨ ᠵᠦᠢᠯ ᠤᠨ ᠬᠡᠯᠪᠡᠷᠢ ᠪᠠᠷ ᠭᠠᠴᠠᠭᠠᠨ ᠤ ᠨᠠᠮ ᠤᠨ ᠭᠡᠰᠢᠭᠦᠨ ᠵᠢᠴᠢ ᠪᠠᠶᠠᠵᠢᠯ ᠤᠨ ᠳᠠᠭᠠᠭᠤᠯᠤᠭᠴᠢ ᠶᠢ ᠵᠤᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠶᠢᠨ ᠬᠠᠮᠲᠤ ᠰᠤᠯᠠ ᠴᠠᠭ ᠢᠶᠠᠨ ᠠᠰᠢᠭᠯᠠᠨ ᠭᠠᠴᠠᠭᠠᠨ ᠤ ᠢᠷᠡᠭᠡᠲᠦᠢ ᠶᠢᠨ ᠬᠦᠭᠵᠢᠯᠲᠡ ᠶᠢ ᠲᠦᠯᠦᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠡᠶᠡᠯᠡᠬᠦᠯᠬᠦ ᠬᠦᠴᠦᠷᠬᠡᠭ ᠶᠡᠭᠡ ᠬᠦᠳᠡᠯᠬᠡᠬᠦ ᠬᠦᠴᠦᠨ ᠪᠤᠯᠭᠠᠨ ᠬᠤᠪᠢᠷᠠᠭᠤᠯᠤᠨ᠎ᠠ᠃      ᠤᠷᠴᠢᠮ᠂ ᠢᠪᠠᠤᠲᠦ ᠭᠠᠴᠠᠭᠠᠨ ᠤ ᠨᠠᠮ ᠤᠨ ᠡᠭᠦᠷ ᠭᠠᠴᠠᠭᠠᠨ ᠤ ᠬᠡᠰᠡᠭ ᠨᠠᠮ ᠤᠨ ᠭᠡᠰᠢᠭᠦᠨ᠂ ᠮᠠᠯᠴᠢᠨ ᠲᠠᠷᠢᠶᠠᠴᠢᠨ ᠤ ᠪᠠᠶᠠᠵᠢᠯ ᠤᠨ ᠳᠠᠭᠠᠭᠭᠤᠯᠤᠭᠴᠢ ᠶᠢ ᠵᠤᠬᠢᠶᠠᠨ ᠪᠠᠶᠢᠭᠤᠯᠤᠨ ᠲᠠᠷᠢᠵᠦ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠤᠨ ᠤᠶᠤᠨᠲᠦ ᠬᠦᠯᠡᠮᠵᠢᠨ ᠳᠤ ᠬᠥᠷᠴᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢᠨ ᠬᠠᠮᠲᠤ ᠪᠠᠰᠠ ᠪᠦᠬᠦ ᠬᠤᠰᠢᠭᠤᠨ ᠤ ᠲᠠᠷᠢᠶᠠᠯᠠᠩ ᠮᠠᠯ       ᠠᠬᠤᠢ ᠶᠢᠨ ᠬᠦᠭᠵᠢᠯᠲᠡ ᠶᠢᠨ ᠪᠠᠶᠢᠳᠠᠯ ᠪᠠ ᠭᠠᠴᠠᠭᠠᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠰᠠᠨᠠᠯ ᠪᠤᠳᠤᠯ ᠢᠶᠠᠨ ᠰᠤᠯᠢᠯᠴᠠᠵᠤ᠂ ᠬᠠᠮᠲᠤ ᠳᠠᠭᠠᠨ ᠭᠠᠴᠠᠭᠠᠨ ᠤ ᠢᠷᠡᠭᠡᠲᠦᠢ ᠶᠢᠨ ᠬᠦᠭᠵᠢᠯᠲᠡ ᠶᠢ ᠲᠥᠯᠥᠪᠯᠡᠵᠡᠭᠡᠨ᠎ᠡ᠃      ᠢᠪᠠᠤᠲᠦ ᠭᠠᠴᠠᠭ᠎ᠠ ᠪᠤᠯ ᠪᠠᠯᠲᠦ ᠬᠡᠮᠭᠡ ᠲᠠᠷᠢᠬᠤ ᠪᠠ ᠴᠠᠭᠠᠨ ᠨᠤᠯᠤᠤᠷᠲᠦ ᠢᠮᠠᠭ᠎ᠠ᠂ ᠬᠤᠨᠢ ᠵᠡᠷᠭᠡ ᠶᠢ ᠬᠠᠰᠢᠶᠠᠯᠠᠨ ᠲᠡᠵᠢᠭᠡᠬᠦ ᠪᠠᠷ ᠭᠤᠤᠯᠯᠠᠭᠰᠠᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠭᠠᠴᠠᠭ᠎ᠠ ᠪᠤᠯᠤᠨ᠎ᠠ᠃ ᠤᠳᠤ ᠪᠤᠯᠬᠤ ᠳᠤ ᠭᠠᠴᠠᠭᠠᠨ ᠤ ᠨᠡᠶᠢᠲᠡ ᠶᠢᠨ ᠠᠵᠤ ᠠᠬᠤᠢ 100 ᠭᠠᠷᠤᠢ ᠲᠦᠮᠡᠨ ᠲᠦᠭᠦᠷᠢᠭ᠂ ᠬᠦᠮᠦᠨ ᠪᠦᠷᠢ ᠶᠢᠨ ᠤᠷᠤᠯᠭ᠎ᠠ 2.7 ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃ ᠮᠦᠨᠬᠦ ᠭᠠᠴᠠᠭᠠᠨ ᠤ ᠨᠡᠶᠢᠲᠡ ᠶᠢᠨ ᠠᠵᠤ ᠠᠬᠤᠢ ᠶᠢᠨ ᠬᠦᠭᠵᠢᠯᠲᠡ ᠶᠢ ᠤᠯᠠᠮ ᠠᠬᠢᠭᠤᠯᠬᠤ ᠶᠢᠨ ᠲᠤᠰᠠᠲᠠ ᠭᠠᠴᠠᠭ᠎ᠠ ᠤᠷᠢᠳᠴᠢᠯᠠᠨ ᠲᠦᠯᠦᠪᠵᠢᠭᠦᠯᠭᠡ ᠬᠢᠨ᠂ ᠠᠮᠢ ᠠᠬᠤᠢ ᠶᠢᠨ ᠳᠠᠩᠰᠠ᠂ ᠠᠵᠤ ᠠᠬᠤᠢ ᠶᠢᠨ ᠳᠠᠩᠰᠠ ᠶᠢ ᠢᠯᠭᠠᠷᠠᠭᠤᠯᠤᠨ ᠪᠤᠳᠤᠵᠤ᠂ ᠬᠠᠨᠳᠤᠯᠭᠠᠲᠦ ᠴᠢᠨᠠᠷ ᠎ ᠲᠠᠢ ᠪᠠᠷ ︽ᠬᠦᠴᠦᠯᠡᠬᠦ ᠴᠡᠭ︾᠎ ᠢᠶᠠᠨ ᠤᠨᠤᠪᠴᠢᠲᠠᠢ ᠡᠷᠢᠨ᠂ ᠠᠵᠤ ᠦᠢᠯᠡᠰ ᠤᠨ ᠪᠦᠲᠦᠴᠡ ᠶᠢ ᠢᠲᠡᠪᠬᠢᠲᠡᠢ ᠲᠤᠬᠢᠷᠠᠭᠤᠯᠵᠤ᠂ ᠪᠠᠶᠢᠭᠠᠯᠢ ᠶᠢᠨ ᠦᠵᠡᠮᠵᠢ᠂ ᠮᠠᠯ ᠲᠠᠵᠢᠭᠡᠨ ᠦᠷᠡᠵᠢᠭᠦᠯᠬᠦ ᠵᠡᠷᠭᠡ ᠳᠠᠪᠠᠭᠤᠯᠢᠭ ᠢᠶᠠᠨ ᠭᠦᠢᠴᠡᠳ ᠠᠰᠢᠭᠯᠠᠨ᠂ ᠳᠠᠪᠠᠭᠤᠯᠢᠭ ᠠᠵᠤ ᠦᠢᠯᠡᠰ ᠤᠨ ᠲᠦᠷᠦᠯ ᠵᠦᠢᠯ ᠢ ᠰᠤᠩᠭᠤᠨ ᠲᠤᠭᠲᠠᠭᠠᠵᠤ᠂ ᠰᠢᠨ᠎ᠡ ᠶᠢ ᠡᠭᠦᠳᠬᠦ ᠬᠦᠭᠵᠢᠯᠲᠡ ᠶᠢᠨ ᠠᠷᠭ᠎ᠠ ᠶᠢ ᠲᠠᠰᠤᠷᠠᠯᠲᠠ ᠦᠭᠡᠢ ᠰᠦᠪᠡᠭᠴᠢᠯᠡᠨ᠂ ᠬᠦᠭᠵᠢᠯᠲᠡ ᠶᠢᠨ ᠲᠤᠳᠠᠭᠳᠠᠯ ᠢᠶᠠᠨ ᠨᠦᠬᠦᠪᠦᠷᠢᠯᠡᠵᠦ᠂ ᠨᠡᠶᠢᠲᠡ ᠶᠢᠨ ᠠᠵᠤ ᠠᠬᠤᠢ ᠶᠢ ᠪᠤᠵᠡᠭᠠᠶᠢᠷᠠᠭᠤᠯᠤᠨ᠂ ᠬᠦᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠤᠯᠠᠮ ᠠᠬᠢᠭᠤᠯᠤᠨ᠎ᠠ᠃      ᠢᠪᠠᠤᠲᠦ ᠭᠠᠴᠠᠭᠠᠨ ᠤ ᠨᠠᠮ ᠤᠨ ᠡᠭᠦᠷ ᠤᠨ ᠱᠦᠵᠢ᠂ ᠲᠤᠰᠬᠤᠨ ᠤ ᠵᠥᠪᠯᠡᠯ ᠤᠨ ᠡᠷᠬᠢᠯᠡᠭᠴᠢ ᠸᠧᠢ ᡁᠢ ᠵᠢᠶᠦ᠋ᠨ᠄ ︽ᠤᠳᠠᠭ᠎ᠠ ᠪᠤᠯᠭᠠᠨ ᠤ ᠰᠤᠷᠤᠯᠴᠠᠯᠭ᠎ᠠ ᠠᠴᠠ ᠠᠳᠠᠯᠢ ᠪᠤᠰᠤ ᠶᠢᠨ ᠤᠯᠤᠯᠲᠠ ᠲᠠᠢ ᠪᠠᠶᠢᠵᠤ᠂         ᠠᠵᠢᠯ ᠤᠨ ᠪᠠᠨ ᠴᠢᠭᠯᠡᠯ ᠪᠠ ᠬᠦᠭᠵᠢᠯᠲᠡ ᠶᠢᠨ ᠰᠡᠳᠭᠢᠴᠡ ᠪᠠᠨ ᠤᠯᠠᠮ ᠲᠤᠳᠤᠷᠬᠠᠢ ᠪᠤᠯᠭᠠᠨ᠂ ᠭᠠᠴᠠᠭᠠᠨ ᠤ ᠪᠠᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠤᠨᠴᠠᠯᠢᠭᠲᠦ ᠲᠠᠷᠢᠵᠦ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠭᠡ ᠬᠦᠴᠦᠨ ᠢᠶᠠᠷ ᠬᠦᠭᠵᠢᠭᠦᠯᠵᠦ᠂ ᠦᠨᠳᠦᠷ ᠪᠦᠲᠦᠮᠵᠢᠲᠠᠢ ᠴᠢᠨᠠᠷ ᠰᠠᠶᠢᠲᠠᠢ ᠪᠠᠷ ᠬᠦᠭᠵᠢᠬᠦᠯᠦᠨ᠂ ᠬᠦᠳᠡᠭᠡ       ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠲᠠᠰᠤᠷᠠᠯᠲᠠ ᠦᠭᠡᠢ ᠠᠬᠢᠭᠤᠯᠤᠨ᠎ᠠ᠃      ᠢᠪᠠᠤᠲᠦ ᠭᠠᠴᠠᠭᠠᠨ ᠤ ᠮᠠᠯᠴᠢᠨ ᠬᠦᠰᠡᠯᠲᠦ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ       ᠰᠠᠨᠠᠭ᠎ᠠ ᠶᠢ ᠰᠤᠷᠤᠯᠴᠠᠭᠠᠳ᠂ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠰᠡᠳᠭᠢᠴᠡ ᠶᠢ ᠬᠦᠨᠵᠡᠭᠡᠢ ᠤᠶᠢᠯᠠᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠡᠪᠡᠰᠦ ᠪᠤᠷᠳᠤᠭ᠎ᠠ ᠲᠡᠷᠢᠬᠤ ᠶᠢ ᠳᠦᠷᠢᠮᠵᠢᠬᠦᠯᠬᠦ ᠲᠤᠬᠠᠢ ᠬᠤᠯᠪᠤᠭᠳᠠᠯ ᠪᠦᠬᠦᠢ ᠱᠠᠭᠠᠷᠳᠠᠯᠭ᠎ᠠ ᠶᠢ ᠨᠠᠷᠢᠨ ᠲᠤᠤᠱᠯᠠᠭᠤᠯᠤᠨ ᠪᠤᠳᠠᠲᠠᠶᠢᠵᠢᠭᠤᠯᠵᠤ᠂ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠭᠦᠯᠵᠦ᠂ ᠠᠮᠢᠳᠤᠷᠠᠯ ᠢᠶᠠᠨ ᠤᠯᠠᠮ ᠰᠠᠶᠢᠵᠢᠷᠠᠭᠤᠯᠤᠨ᠎ᠠ︾ ᠭᠡᠵᠦ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号