ᠰᠤᠪᠨᠠᠭᠤᠷ ᠰᠤᠮᠤ ᠶᠢᠨ ᠢᠪᠠᠤᠲᠦ ᠭᠠᠴᠠᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠬᠦᠳᠡᠯᠬᠡᠬᠦ ᠬᠦᠴᠦᠨ ᠢᠶᠠᠨ ᠪᠤᠯᠭᠠᠨ᠎ᠠ
ᠨᠡᠶᠢᠲᠡᠯᠡᠭᠰᠡᠨ ᠴᠠᠭ᠄
2022/11/18
      ᠰᠤᠪᠠᠨᠠᠭᠤᠷ ᠰᠤᠮᠤ ᠶᠢᠨ ᠢᠪᠠᠤᠲᠦ ᠭᠠᠴᠠᠭ᠎ᠠ ᠤᠯᠠᠨ ᠵᠦᠢᠯ ᠤᠨ ᠬᠡᠯᠪᠡᠷᠢ ᠪᠠᠷ ᠭᠠᠴᠠᠭᠠᠨ ᠤ ᠨᠠᠮ ᠤᠨ ᠭᠡᠰᠢᠭᠦᠨ ᠵᠢᠴᠢ ᠪᠠᠶᠠᠵᠢᠯ ᠤᠨ ᠳᠠᠭᠠᠭᠤᠯᠤᠭᠴᠢ ᠶᠢ ᠵᠤᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠶᠢᠨ ᠬᠠᠮᠲᠤ ᠰᠤᠯᠠ ᠴᠠᠭ ᠢᠶᠠᠨ ᠠᠰᠢᠭᠯᠠᠨ ᠭᠠᠴᠠᠭᠠᠨ ᠤ ᠢᠷᠡᠭᠡᠲᠦᠢ ᠶᠢᠨ ᠬᠦᠭᠵᠢᠯᠲᠡ ᠶᠢ ᠲᠦᠯᠦᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠡᠶᠡᠯᠡᠬᠦᠯᠬᠦ ᠬᠦᠴᠦᠷᠬᠡᠭ ᠶᠡᠭᠡ ᠬᠦᠳᠡᠯᠬᠡᠬᠦ ᠬᠦᠴᠦᠨ ᠪᠤᠯᠭᠠᠨ ᠬᠤᠪᠢᠷᠠᠭᠤᠯᠤᠨ᠎ᠠ᠃      ᠤᠷᠴᠢᠮ᠂ ᠢᠪᠠᠤᠲᠦ ᠭᠠᠴᠠᠭᠠᠨ ᠤ ᠨᠠᠮ ᠤᠨ ᠡᠭᠦᠷ ᠭᠠᠴᠠᠭᠠᠨ ᠤ ᠬᠡᠰᠡᠭ ᠨᠠᠮ ᠤᠨ ᠭᠡᠰᠢᠭᠦᠨ᠂ ᠮᠠᠯᠴᠢᠨ ᠲᠠᠷᠢᠶᠠᠴᠢᠨ ᠤ ᠪᠠᠶᠠᠵᠢᠯ ᠤᠨ ᠳᠠᠭᠠᠭᠭᠤᠯᠤᠭᠴᠢ ᠶᠢ ᠵᠤᠬᠢᠶᠠᠨ ᠪᠠᠶᠢᠭᠤᠯᠤᠨ ᠲᠠᠷᠢᠵᠦ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ ᠤᠨ ᠤᠶᠤᠨᠲᠦ ᠬᠦᠯᠡᠮᠵᠢᠨ ᠳᠤ ᠬᠥᠷᠴᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢᠨ ᠬᠠᠮᠲᠤ ᠪᠠᠰᠠ ᠪᠦᠬᠦ ᠬᠤᠰᠢᠭᠤᠨ ᠤ ᠲᠠᠷᠢᠶᠠᠯᠠᠩ ᠮᠠᠯ       ᠠᠬᠤᠢ ᠶᠢᠨ ᠬᠦᠭᠵᠢᠯᠲᠡ ᠶᠢᠨ ᠪᠠᠶᠢᠳᠠᠯ ᠪᠠ ᠭᠠᠴᠠᠭᠠᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ ᠰᠠᠨᠠᠯ ᠪᠤᠳᠤᠯ ᠢᠶᠠᠨ ᠰᠤᠯᠢᠯᠴᠠᠵᠤ᠂ ᠬᠠᠮᠲᠤ ᠳᠠᠭᠠᠨ ᠭᠠᠴᠠᠭᠠᠨ ᠤ ᠢᠷᠡᠭᠡᠲᠦᠢ ᠶᠢᠨ ᠬᠦᠭᠵᠢᠯᠲᠡ ᠶᠢ ᠲᠥᠯᠥᠪᠯᠡᠵᠡᠭᠡᠨ᠎ᠡ᠃      ᠢᠪᠠᠤᠲᠦ ᠭᠠᠴᠠᠭ᠎ᠠ ᠪᠤᠯ ᠪᠠᠯᠲᠦ ᠬᠡᠮᠭᠡ ᠲᠠᠷᠢᠬᠤ ᠪᠠ ᠴᠠᠭᠠᠨ ᠨᠤᠯᠤᠤᠷᠲᠦ ᠢᠮᠠᠭ᠎ᠠ᠂ ᠬᠤᠨᠢ ᠵᠡᠷᠭᠡ ᠶᠢ ᠬᠠᠰᠢᠶᠠᠯᠠᠨ ᠲᠡᠵᠢᠭᠡᠬᠦ ᠪᠠᠷ ᠭᠤᠤᠯᠯᠠᠭᠰᠠᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠭᠠᠴᠠᠭ᠎ᠠ ᠪᠤᠯᠤᠨ᠎ᠠ᠃ ᠤᠳᠤ ᠪᠤᠯᠬᠤ ᠳᠤ ᠭᠠᠴᠠᠭᠠᠨ ᠤ ᠨᠡᠶᠢᠲᠡ ᠶᠢᠨ ᠠᠵᠤ ᠠᠬᠤᠢ 100 ᠭᠠᠷᠤᠢ ᠲᠦᠮᠡᠨ ᠲᠦᠭᠦᠷᠢᠭ᠂ ᠬᠦᠮᠦᠨ ᠪᠦᠷᠢ ᠶᠢᠨ ᠤᠷᠤᠯᠭ᠎ᠠ 2.7 ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃ ᠮᠦᠨᠬᠦ ᠭᠠᠴᠠᠭᠠᠨ ᠤ ᠨᠡᠶᠢᠲᠡ ᠶᠢᠨ ᠠᠵᠤ ᠠᠬᠤᠢ ᠶᠢᠨ ᠬᠦᠭᠵᠢᠯᠲᠡ ᠶᠢ ᠤᠯᠠᠮ ᠠᠬᠢᠭᠤᠯᠬᠤ ᠶᠢᠨ ᠲᠤᠰᠠᠲᠠ ᠭᠠᠴᠠᠭ᠎ᠠ ᠤᠷᠢᠳᠴᠢᠯᠠᠨ ᠲᠦᠯᠦᠪᠵᠢᠭᠦᠯᠭᠡ ᠬᠢᠨ᠂ ᠠᠮᠢ ᠠᠬᠤᠢ ᠶᠢᠨ ᠳᠠᠩᠰᠠ᠂ ᠠᠵᠤ ᠠᠬᠤᠢ ᠶᠢᠨ ᠳᠠᠩᠰᠠ ᠶᠢ ᠢᠯᠭᠠᠷᠠᠭᠤᠯᠤᠨ ᠪᠤᠳᠤᠵᠤ᠂ ᠬᠠᠨᠳᠤᠯᠭᠠᠲᠦ ᠴᠢᠨᠠᠷ  ᠲᠠᠢ ᠪᠠᠷ ︽ᠬᠦᠴᠦᠯᠡᠬᠦ ᠴᠡᠭ︾ ᠢᠶᠠᠨ ᠤᠨᠤᠪᠴᠢᠲᠠᠢ ᠡᠷᠢᠨ᠂ ᠠᠵᠤ ᠦᠢᠯᠡᠰ ᠤᠨ ᠪᠦᠲᠦᠴᠡ ᠶᠢ ᠢᠲᠡᠪᠬᠢᠲᠡᠢ ᠲᠤᠬᠢᠷᠠᠭᠤᠯᠵᠤ᠂ ᠪᠠᠶᠢᠭᠠᠯᠢ ᠶᠢᠨ ᠦᠵᠡᠮᠵᠢ᠂ ᠮᠠᠯ ᠲᠠᠵᠢᠭᠡᠨ ᠦᠷᠡᠵᠢᠭᠦᠯᠬᠦ ᠵᠡᠷᠭᠡ ᠳᠠᠪᠠᠭᠤᠯᠢᠭ ᠢᠶᠠᠨ ᠭᠦᠢᠴᠡᠳ ᠠᠰᠢᠭᠯᠠᠨ᠂ ᠳᠠᠪᠠᠭᠤᠯᠢᠭ ᠠᠵᠤ ᠦᠢᠯᠡᠰ ᠤᠨ ᠲᠦᠷᠦᠯ ᠵᠦᠢᠯ ᠢ ᠰᠤᠩᠭᠤᠨ ᠲᠤᠭᠲᠠᠭᠠᠵᠤ᠂ ᠰᠢᠨ᠎ᠡ ᠶᠢ ᠡᠭᠦᠳᠬᠦ ᠬᠦᠭᠵᠢᠯᠲᠡ ᠶᠢᠨ ᠠᠷᠭ᠎ᠠ ᠶᠢ ᠲᠠᠰᠤᠷᠠᠯᠲᠠ ᠦᠭᠡᠢ ᠰᠦᠪᠡᠭᠴᠢᠯᠡᠨ᠂ ᠬᠦᠭᠵᠢᠯᠲᠡ ᠶᠢᠨ ᠲᠤᠳᠠᠭᠳᠠᠯ ᠢᠶᠠᠨ ᠨᠦᠬᠦᠪᠦᠷᠢᠯᠡᠵᠦ᠂ ᠨᠡᠶᠢᠲᠡ ᠶᠢᠨ ᠠᠵᠤ ᠠᠬᠤᠢ ᠶᠢ ᠪᠤᠵᠡᠭᠠᠶᠢᠷᠠᠭᠤᠯᠤᠨ᠂ ᠬᠦᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠤᠯᠠᠮ ᠠᠬᠢᠭᠤᠯᠤᠨ᠎ᠠ᠃      ᠢᠪᠠᠤᠲᠦ ᠭᠠᠴᠠᠭᠠᠨ ᠤ ᠨᠠᠮ ᠤᠨ ᠡᠭᠦᠷ ᠤᠨ ᠱᠦᠵᠢ᠂ ᠲᠤᠰᠬᠤᠨ ᠤ ᠵᠥᠪᠯᠡᠯ ᠤᠨ ᠡᠷᠬᠢᠯᠡᠭᠴᠢ ᠸᠧᠢ ᡁᠢ ᠵᠢᠶᠦ᠋ᠨ᠄ ︽ᠤᠳᠠᠭ᠎ᠠ ᠪᠤᠯᠭᠠᠨ ᠤ ᠰᠤᠷᠤᠯᠴᠠᠯᠭ᠎ᠠ ᠠᠴᠠ ᠠᠳᠠᠯᠢ ᠪᠤᠰᠤ ᠶᠢᠨ ᠤᠯᠤᠯᠲᠠ ᠲᠠᠢ ᠪᠠᠶᠢᠵᠤ᠂         ᠠᠵᠢᠯ ᠤᠨ ᠪᠠᠨ ᠴᠢᠭᠯᠡᠯ ᠪᠠ ᠬᠦᠭᠵᠢᠯᠲᠡ ᠶᠢᠨ ᠰᠡᠳᠭᠢᠴᠡ ᠪᠠᠨ ᠤᠯᠠᠮ ᠲᠤᠳᠤᠷᠬᠠᠢ ᠪᠤᠯᠭᠠᠨ᠂ ᠭᠠᠴᠠᠭᠠᠨ ᠤ ᠪᠠᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠤᠨᠴᠠᠯᠢᠭᠲᠦ ᠲᠠᠷᠢᠵᠦ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠭᠡ ᠬᠦᠴᠦᠨ ᠢᠶᠠᠷ ᠬᠦᠭᠵᠢᠭᠦᠯᠵᠦ᠂ ᠦᠨᠳᠦᠷ ᠪᠦᠲᠦᠮᠵᠢᠲᠠᠢ ᠴᠢᠨᠠᠷ ᠰᠠᠶᠢᠲᠠᠢ ᠪᠠᠷ ᠬᠦᠭᠵᠢᠬᠦᠯᠦᠨ᠂ ᠬᠦᠳᠡᠭᠡ       ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠲᠠᠰᠤᠷᠠᠯᠲᠠ ᠦᠭᠡᠢ ᠠᠬᠢᠭᠤᠯᠤᠨ᠎ᠠ᠃      ᠢᠪᠠᠤᠲᠦ ᠭᠠᠴᠠᠭᠠᠨ ᠤ ᠮᠠᠯᠴᠢᠨ ᠬᠦᠰᠡᠯᠲᠦ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ       ᠰᠠᠨᠠᠭ᠎ᠠ ᠶᠢ ᠰᠤᠷᠤᠯᠴᠠᠭᠠᠳ᠂ ᠰᠢ ᠶᠢᠨ ᠫᠢᠩ ᠶᠡᠷᠦᠩᠬᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠰᠡᠳᠭᠢᠴᠡ ᠶᠢ ᠬᠦᠨᠵᠡᠭᠡᠢ ᠤᠶᠢᠯᠠᠭᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠡᠪᠡᠰᠦ ᠪᠤᠷᠳᠤᠭ᠎ᠠ ᠲᠡᠷᠢᠬᠤ ᠶᠢ ᠳᠦᠷᠢᠮᠵᠢᠬᠦᠯᠬᠦ ᠲᠤᠬᠠᠢ ᠬᠤᠯᠪᠤᠭᠳᠠᠯ ᠪᠦᠬᠦᠢ ᠱᠠᠭᠠᠷᠳᠠᠯᠭ᠎ᠠ ᠶᠢ ᠨᠠᠷᠢᠨ ᠲᠤᠤᠱᠯᠠᠭᠤᠯᠤᠨ ᠪᠤᠳᠠᠲᠠᠶᠢᠵᠢᠭᠤᠯᠵᠤ᠂ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠭᠦᠯᠵᠦ᠂ ᠠᠮᠢᠳᠤᠷᠠᠯ ᠢᠶᠠᠨ ᠤᠯᠠᠮ ᠰᠠᠶᠢᠵᠢᠷᠠᠭᠤᠯᠤᠨ᠎ᠠ︾ ᠭᠡᠵᠦ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号