ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ᠂ ᠵᠥᠪᠯᠡᠯ᠂ ᠠᠯᠪᠠᠨ ᠭᠡᠷ᠂ ᠲᠤᠪᠴᠢᠶ᠎ᠠ᠂ ᠡᠯ᠎ᠡ ᠠᠵᠤ ᠠᠬᠤᠶᠢᠯᠠᠯ᠂ ᠠᠵᠤ ᠦᠢᠯᠡᠰ ᠤᠨ | ᠨᠢᠭᠡᠴᠡ ᠪᠤᠯᠤᠨ ᠡᠯ᠎ᠡ ᠨᠡᠶᠢᠬᠡᠮ ᠤᠨ ᠪᠦᠯᠭᠦᠮ᠄ | ᠲᠣᠣᠷ᠎ᠠ ︽ᠡᠵᠡᠨ᠎ᠡ ᠬᠤᠰᠢᠭᠤᠨ ᠤ ᠠᠰᠠᠷᠠᠮᠵᠢ ᠶᠢᠨ ᠨᠢᠰᠬᠡᠯ ᠤᠨ ᠪᠢᠯᠧᠲ ᠢ ᠬᠡᠷᠡᠭᠵᠢᠭᠦᠯᠬᠦ ᠠᠷᠭ᠎ᠠ︾ ᠶᠢ | ᠳᠠᠷᠤᠮᠠᠯᠯᠠᠨ ᠶᠠᠪᠤᠭᠤᠯᠤᠯ᠎ᠠ᠃ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠳᠦᠭᠡᠢ᠃ | ᠳᠠᠭᠠᠯᠲᠠ᠄ ᠡᠵᠡᠨ᠎ᠡ ᠬᠤᠰᠢᠭᠤᠨ ᠤ ᠠᠰᠠᠷᠠᠮᠵᠢ ᠶᠢᠨ ᠨᠢᠰᠬᠡᠯ ᠤᠨ ᠪᠢᠯᠧᠲ ᠢ ᠬᠡᠷᠡᠭᠵᠢᠭᠦᠯᠬᠦ ᠠᠷᠭ᠎ᠠ | | | | 2022 ᠣᠨ ᠤ 7 ᠳ᠋ᠤᠭᠠᠷ ᠰᠠᠷ᠎ᠠ ᠶᠢᠨ 20 ᠤ ᠡᠳᠦᠷ | | | ᠳᠠᠭᠠᠯᠲᠠ᠄ | | ᠡᠵᠡᠨ᠎ᠡ ᠬᠤᠰᠢᠭᠤᠨ ᠤ ᠠᠰᠠᠷᠠᠮᠵᠢ ᠶᠢᠨ ᠨᠢᠰᠬᠡᠯ ᠤᠨ ᠪᠢᠯᠧᠲ ᠢ ᠬᠡᠷᠡᠭᠵᠢᠭᠦᠯᠬᠦ ᠠᠷᠭ᠎ᠠ | ᠨᠢᠭᠡ᠂ ᠠᠰᠠᠷᠠᠮᠵᠢ ᠶᠢᠨ ᠨᠢᠰᠭᠡᠯ ᠤᠨ ᠪᠢᠯᠧᠲ ᠤᠨ ᠲᠣᠭᠲᠠᠭᠠᠯ | ᠠᠰᠠᠷᠠᠮᠵᠢ ᠶᠢᠨ ᠨᠢᠰᠬᠡᠯ ᠤᠨ ᠪᠢᠯᠧᠲ ᠭᠡᠳᠡᠭ ᠨᠢ ᠲᠣᠰ ᠠᠷᠭ᠎ᠠ ᠶᠢᠨ ᠲᠥᠷᠥ ᠶᠢᠨ ᠪᠣᠳᠣᠯᠭ᠎ᠠ ᠶᠢᠨ | ᠲᠣᠭᠲᠠᠭᠠᠯ ᠳᠤ ᠨᠡᠶᠢᠴᠡᠬᠦ ᠬᠥᠮᠥᠰ ᠡᠵᠡᠨ᠎ᠡ ᠬᠤᠰᠢᠭᠤᠨ ᠳᠤ ᠨᠡᠪᠲᠡᠷᠡᠬᠦ ᠡᠭᠡᠯᠵᠢ ᠶᠢᠨ ᠨᠢᠰᠬᠡᠯ ᠳᠤ ᠰᠠᠭᠤᠬᠤ ᠳᠤ᠂ | ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠡᠭᠡᠯᠵᠢ ᠶᠢᠨ ᠨᠢᠰᠬᠡᠯ ᠤᠨ ᠰᠤᠯᠠ ᠣᠷᠣ ᠶᠢ | ᠠᠰᠢᠭᠯᠠᠨ ᠰᠦᠢᠳᠬᠡᠯ ᠬᠤᠷᠢᠶᠠᠬᠤ ᠦᠭᠡᠢ ᠨᠢᠰᠬᠡᠯ ᠤᠨ ᠪᠢᠯᠧᠲ ᠬᠠᠩᠭᠠᠬᠤ ᠶᠢ ᠵᠢᠭᠠᠵᠤ ᠪᠣᠶ᠃ ᠪᠢᠯᠧᠲ ᠠᠪᠬᠤ | ᠦᠭᠡᠢ ᠠᠶᠠᠯᠠᠯ ᠢ ᠠᠶᠠᠨᠴᠢᠳ ᠤᠨ ᠭᠠᠳᠠᠭᠰᠢ ᠭᠠᠷᠬᠤ ᠲᠤᠬᠠᠢ ᠶᠢᠨ ᠡᠳᠦᠷ ᠤᠨ ᠨᠢᠰᠬᠡᠯ ᠤᠨ ᠪᠢᠯᠧᠲ ᠤᠨ | ᠪᠣᠷᠣᠯᠠᠭᠤᠯᠤᠯᠲᠠ ᠶᠢᠨ ᠪᠠᠶᠢᠳᠠᠯ ᠢᠶᠠᠷ ᠲᠣᠭᠲᠠᠭᠠᠨ᠎ᠠ᠃ ᠰᠦᠢᠳᠬᠡᠯ ᠬᠤᠷᠢᠶᠠᠬᠤ ᠦᠭᠡᠢ ᠨᠢᠰᠬᠡᠯ ᠤᠨ ᠪᠢᠯᠧᠲ ᠲᠤ | ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠭᠡᠯ᠂ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ | ᠰᠦᠢᠳᠭᠡᠯ᠂ ᠲᠠᠭᠠᠳᠬᠠᠯ ᠤᠨ ᠰᠦᠢᠳᠭᠡᠯ ᠢ ᠪᠠᠭᠲᠠᠭᠠᠬᠤ ᠦᠭᠡᠢ᠃ ᠠᠰᠠᠷᠠᠮᠵᠢ ᠶᠢᠨ ᠨᠢᠰᠬᠡᠯ ᠤᠨ ᠪᠢᠯᠧᠲ | ᠡᠳ᠋ᠯᠡᠭᠴᠢᠳ ᠥᠪᠡᠷ ᠤᠨ ᠪᠡᠶ᠎ᠡ ᠶᠢᠨ ᠪᠠᠶᠢᠳᠠᠯ ᠢᠶᠠᠨ ᠦᠵᠡᠵᠦ ᠪᠠᠶᠢᠭᠠᠳ ᠭᠠᠳᠠᠭᠰᠢ ᠭᠠᠷᠬᠤ ᠪᠠᠨ ᠥᠪᠡᠰᠦᠪᠡᠨ | ᠲᠣᠭᠲᠠᠭᠠᠬᠤ ᠬᠡᠷᠡᠭᠲᠡᠢ᠂ ᠬᠡᠷᠪᠡ ᠰᠠᠨᠠᠭᠠᠨ ᠳᠤ ᠦᠭᠡᠢ ᠬᠡᠷᠡᠭ ᠭᠠᠷᠪᠠᠯ ᠲᠣᠰ ᠠᠷᠭ᠎ᠠ ᠲᠠᠢ ᠬᠠᠮᠢᠶ᠎ᠠ ᠦᠭᠡᠢ᠃ | ᠬᠤᠶᠠᠷ᠂ ᠬᠡᠷᠡᠭᠯᠡᠬᠦ ᠬᠡᠪᠴᠢᠶ᠎ᠡ | ︵ᠨᠢᠭᠡ︶ ᠡᠵᠡᠨ᠎ᠡ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠪᠦᠬᠦᠯᠢ 60 ᠨᠠᠰᠤ ︵ᠪᠠᠭᠲᠠᠨ᠎ᠠ︶ | ᠠᠴᠠ ᠳᠡᠭᠡᠭᠰᠢᠬᠢ ᠡᠷᠡᠭᠲᠡᠢ᠂ ᠪᠦᠬᠦᠯᠢ 55 ᠨᠠᠰᠤ ︵ᠪᠠᠭᠲᠠᠨ᠎ᠠ︶ ᠠᠴᠠ ᠳᠡᠭᠡᠭᠰᠢᠬᠢ ᠡᠮᠡᠭᠲᠡᠢ ᠳᠤ ᠠᠰᠠᠷᠠᠮᠵᠢ ᠶᠢᠨ | ᠨᠢᠰᠬᠡᠯ ᠤᠨ ᠪᠢᠯᠧᠲ ᠢ ᠬᠡᠷᠡᠭᠵᠢᠭᠦᠯᠬᠦ ᠬᠦᠴᠦᠨ ᠲᠠᠢ ᠬᠤᠭᠤᠴᠠᠭᠠᠨ ᠳᠤ ᠬᠥᠮᠥᠨ ᠪᠦᠷᠢ 1 ᠬᠤᠪᠢ ᠰᠦᠢᠳᠬᠡᠯ | ᠬᠤᠷᠢᠶᠠᠬᠤ ᠦᠭᠡᠢ ᠨᠢᠰᠬᠡᠯ ᠤᠨ ᠪᠢᠯᠧᠲ ᠢ ᠬᠦᠷᠲᠡᠵᠦ ᠪᠣᠯᠣᠨ᠎ᠠ᠃ ᠪᠢᠯᠧᠲ ᠬᠤᠳᠠᠯᠳᠤᠨ ᠠᠪᠬᠤ ᠳᠠᠭᠠᠨ ᠬᠦᠴᠦᠨ | ᠪᠦᠬᠦᠢ ᠪᠡᠶ᠎ᠡ ᠶᠢᠨ ᠦᠨᠡᠮᠯᠡᠯ ᠢᠶᠠᠨ ᠠᠪᠴᠤ ᠶᠠᠪᠤᠬᠤ ᠬᠡᠷᠡᠭᠲᠡᠢ᠃ | ︵ᠬᠤᠶᠠᠷ︶ ᠡᠵᠡᠨ᠎ᠡ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ᠂ 2021 ᠣᠨ ᠤ 1 ᠳ᠋ᠦ᠋ᠭᠡᠷ | ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠬᠦ ᠤᠯᠤᠰ ᠤᠨ ᠬᠡᠪᠴᠢᠶᠡᠨ ᠳᠤ ᠥᠪᠡᠷᠲᠡᠭᠡᠨ ᠵᠠᠰᠠᠬᠤ ᠣᠷᠣᠨ | ︵ᠮᠤᠵᠢ᠂ ᠶᠠᠮᠤᠨ︶ ᠤ ᠳᠡᠰ ᠤᠨ ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠴᠣᠯᠠ | ︵ᠦᠨᠡᠮᠰᠢᠬᠦ ᠬᠡᠪᠴᠢᠶ᠎ᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ︽ᠬᠥᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ | ᠣᠯᠭᠤᠮᠵᠢ ᠶᠢ ᠰᠠᠶᠢᠵᠢᠷᠠᠭᠤᠯᠤᠨ ᠳᠡᠭᠡᠭᠰᠢᠯᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ︾ ᠢ ᠦᠨᠳᠦᠰᠦᠯᠡᠨ ᠲᠣᠭᠲᠠᠭᠠᠨ᠎ᠠ ︵ᠥᠪᠥᠷ ᠵᠠᠰᠠᠭ ᠠᠯᠪᠠᠨ ᠦᠰᠦᠭ | ﹇2006﹈ 40 ᠳ᠋ᠦ᠋ᠭᠡᠷ ᠲᠣᠭᠠᠲᠤ︶ ᠵᠢᠴᠢ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ | ᠵᠠᠬᠢᠷᠭ᠎ᠠ ᠶᠢᠨ ᠰᠠᠶᠢᠰᠢᠶᠠᠨ ᠬᠥᠬᠢᠭᠦᠯᠦᠭᠰᠡᠨ ᠲᠡᠷᠢᠭᠦᠨ ᠤ ᠵᠢᠱᠢᠶᠡᠴᠢ ᠬᠥᠮᠥᠰ᠂ ᠠᠰᠠᠷᠠᠮᠵᠢ ᠶᠢᠨ ᠨᠢᠰᠬᠡᠯ ᠤᠨ | ᠪᠢᠯᠧᠲ ᠢ ᠬᠡᠷᠡᠭᠵᠢᠭᠦᠯᠬᠦ ᠬᠦᠴᠦᠨ ᠲᠠᠢ ᠬᠤᠭᠤᠴᠠᠭᠠᠨ ᠳᠤ ᠬᠥᠮᠥᠨ ᠪᠦᠷᠢ 1 ᠬᠤᠪᠢ ᠰᠦᠢᠳᠭᠡᠯ ᠬᠤᠷᠢᠶᠠᠬᠤ | ᠦᠭᠡᠢ ᠨᠢᠰᠬᠡᠯ ᠤᠨ ᠪᠢᠯᠧᠲ ᠢ ᠡᠳ᠋ᠯᠡᠵᠦ ᠪᠣᠯᠣᠨ᠎ᠠ᠃ ᠪᠢᠯᠧᠲ ᠬᠤᠳᠠᠯᠳᠤᠨ ᠠᠪᠬᠤ ᠳᠤ ᠬᠦᠴᠦᠨ ᠪᠦᠬᠦᠢ | ᠪᠡᠶ᠎ᠡ ᠶᠢᠨ ᠦᠨᠡᠮᠯᠡᠯ ᠪᠠ ᠬᠤᠯᠪᠣᠭᠳᠠᠯ ᠪᠦᠬᠦᠢ ᠭᠡᠷᠡᠴᠢ ᠪᠢᠴᠢᠭ ᠮᠠᠲ᠋ᠧᠷᠢᠶᠠᠯ ᠪᠤᠶᠤ ᠱᠠᠩᠨᠠᠯ ᠣᠯᠣᠭᠰᠠᠨ | ᠦᠨᠡᠮᠯᠡᠯ ᠲᠠᠢ ᠪᠠᠶᠢᠬᠤ ᠬᠡᠷᠡᠭᠲᠡᠢ᠃ | ︵ᠭᠤᠷᠪᠠ︶ ᠡᠵᠡᠨ᠎ᠡ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠵᠡᠮᠳᠡᠭᠴᠦᠳ ᠠᠰᠠᠷᠠᠮᠵᠢ ᠶᠢᠨ | ᠨᠢᠰᠬᠡᠯ ᠤᠨ ᠪᠢᠯᠧᠲ ᠢ ᠬᠡᠷᠡᠭᠵᠢᠭᠦᠯᠬᠦ ᠬᠦᠴᠦᠨ ᠲᠠᠢ ᠬᠤᠭᠤᠴᠠᠭᠠᠨ ᠳᠤ ᠬᠥᠮᠥᠨ ᠪᠦᠷᠢ 1 ᠨᠢᠰᠬᠡᠯ ᠤᠨ ᠪᠢᠯᠧᠲ ᠢ | ᠰᠦᠢᠳᠬᠡᠯ ᠬᠤᠷᠢᠶᠠᠬᠤ ᠦᠭᠡᠢ ᠪᠠᠷ ᠬᠦᠷᠲᠡᠵᠦ ᠪᠣᠯᠣᠨ᠎ᠠ᠃ᠪᠢᠯᠧᠲ ᠬᠤᠳᠠᠯᠳᠤᠨ ᠠᠪᠬᠤ ᠳᠤ ᠬᠦᠴᠦᠨ ᠪᠦᠬᠦᠢ | ᠪᠡᠶ᠎ᠡ ᠶᠢᠨ ᠦᠨᠡᠮᠯᠡᠯ ᠪᠠ ᠬᠤᠶᠠᠳᠤᠭᠠᠷ ᠦᠶ᠎ᠡ ᠶᠢᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠡᠮᠳᠡᠭᠴᠦᠳ ᠤᠨ ᠦᠨᠡᠮᠯᠡᠯ︾ ᠢᠶᠠᠨ ᠠᠪᠴᠤ ᠶᠠᠪᠤᠬᠤ ᠬᠡᠷᠡᠭᠲᠡᠢ᠃ | ︵ᠳᠥᠷᠪᠡ︶ ᠡᠵᠡᠨ᠎ᠡ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠠᠮᠢᠳᠤᠷᠠᠯ ᠤᠨ ᠲᠤᠤᠷᠠᠲᠤ | ᠵᠠᠬ᠎ᠠ ᠶᠢᠨ ᠪᠠᠲᠤᠯᠠᠭᠠᠲᠤ ᠡᠷᠦᠬᠡ ᠠᠰᠠᠷᠠᠮᠵᠢ ᠶᠢᠨ ᠨᠢᠰᠬᠡᠯ ᠤᠨ ᠪᠢᠯᠧᠲ ᠢ ᠬᠡᠷᠡᠭᠵᠢᠭᠦᠯᠬᠦ ᠬᠦᠴᠦᠨ ᠲᠠᠢ | ᠬᠤᠭᠤᠴᠠᠭᠠᠨ ᠳᠤ ᠬᠥᠮᠥᠨ ᠪᠦᠷᠢ ᠳᠤ 1 ᠰᠦᠢᠳᠬᠡᠯ ᠬᠤᠷᠢᠶᠠᠬᠤ ᠦᠭᠡᠢ ᠨᠢᠰᠬᠡᠯ ᠤᠨ ᠪᠢᠯᠧᠲ ᠢ ᠡᠳ᠋ᠯᠡᠭᠦᠯᠦᠨ᠎ᠡ᠃ | ᠪᠢᠯᠧᠲ ᠬᠤᠳᠠᠯᠳᠤᠨ ᠠᠪᠬᠤ ᠳᠤ ᠬᠦᠴᠦᠨ ᠪᠦᠬᠦᠢ ᠪᠡᠶ᠎ᠡ ᠶᠢᠨ ᠦᠨᠡᠮᠯᠡᠯ ᠪᠠ ᠡᠵᠡᠨ᠎ᠡ ᠬᠤᠰᠢᠭᠤᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠲᠤᠤᠷᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠮᠥᠩᠭᠦ ᠬᠦᠷᠲᠡᠭᠰᠡᠨ | ᠭᠡᠷᠡᠴᠢ ᠪᠠᠨ ᠠᠪᠬᠤ ᠬᠡᠷᠡᠭᠲᠡᠢ᠃ | ︵ᠲᠠᠪᠤ︶ ᠡᠵᠡᠨ᠎ᠡ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠭᠠᠳᠠᠨ᠎ᠠ ᠣᠷᠣᠨ ᠳᠤ ᠰᠤᠷᠤᠯᠴᠠᠵᠤ | ᠪᠠᠶᠢᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠠᠰᠠᠷᠠᠮᠵᠢ ᠶᠢᠨ ᠨᠢᠰᠬᠡᠯ ᠤᠨ | ᠪᠢᠯᠧᠲ ᠢ ᠬᠡᠷᠡᠭᠵᠢᠭᠦᠯᠬᠦ ᠬᠦᠴᠦᠨ ᠲᠠᠢ ᠬᠤᠭᠤᠴᠠᠭᠠᠨ ᠳᠤ ᠰᠤᠷᠭᠠᠭᠤᠯᠢ ᠡᠬᠢᠯᠡᠬᠦ ᠪᠠ ᠡᠪᠦᠯ ᠵᠣᠨ ᠤ ᠠᠮᠠᠷᠠᠯᠲᠠ ᠶᠢᠨ | ᠴᠢᠯᠦᠭᠡᠨ ᠤ ᠬᠤᠭᠤᠴᠠᠭᠠᠨ ᠳᠤ ᠬᠥᠮᠥᠨ ᠪᠦᠷᠢ 1 ᠬᠤᠪᠢ ᠰᠦᠢᠳᠬᠡᠯ ᠬᠤᠷᠢᠶᠠᠬᠤ ᠦᠭᠡᠢ ᠨᠢᠰᠬᠡᠯ ᠤᠨ ᠪᠢᠯᠧᠲ ᠢ | ᠬᠦᠷᠲᠡᠵᠦ ᠪᠣᠯᠣᠨ᠎ᠠ᠂ ᠪᠢᠯᠧᠲ ᠬᠤᠳᠠᠯᠳᠤᠨ ᠠᠪᠬᠤ ᠳᠠᠭᠠᠨ ᠬᠦᠴᠦᠨ ᠪᠦᠬᠦᠢ ᠪᠡᠶ᠎ᠡ ᠶᠢᠨ ᠦᠨᠡᠮᠯᠡᠯ ᠪᠠ | ᠰᠣᠷᠣᠭᠴᠢ ᠶᠢᠨ ᠦᠨᠡᠮᠯᠡᠯ ᠲᠠᠢ ᠪᠠᠶᠢᠬᠤ ᠬᠡᠷᠡᠭᠲᠡᠢ᠃ | ᠭᠤᠷᠪᠠ᠂ ᠬᠡᠷᠡᠭᠯᠡᠬᠦ ᠳᠤ ᠲᠣᠬᠢᠷᠠᠬᠤ ᠠᠶᠠᠯᠠᠯ ᠤᠨ ᠱᠤᠭᠤᠮ | ᠠᠯᠠᠱᠠ ᠵᠡᠭᠦᠨ ᠬᠤᠰᠢᠭᠤ = ᠡᠵᠡᠨ᠎ᠡ ᠬᠤᠰᠢᠭᠤ | ᠳᠥᠷᠪᠡ᠂ ᠪᠢᠯᠧᠲ ᠬᠤᠳᠠᠯᠳᠤᠨ ᠠᠪᠬᠤ ᠠᠷᠭ᠎ᠠ ᠮᠠᠶ᠋ᠢᠭ | ︵ᠨᠢᠭᠡ︶ ᠠᠰᠠᠷᠠᠮᠵᠢ ᠶᠢᠨ ᠨᠢᠰᠬᠡᠯ ᠤᠨ ᠪᠢᠯᠧᠲ ᠤᠨ ᠲᠥᠷᠥ ᠶᠢᠨ ᠪᠣᠳᠣᠯᠭ᠎ᠠ ᠶᠢ ᠡᠳ᠋ᠯᠡᠬᠦ ᠠᠵᠢᠯᠲᠠᠨ ᠴᠥᠮ | ᠲᠣᠭᠲᠠᠭᠰᠠᠨ ᠪᠢᠯᠧᠲ ᠬᠤᠳᠠᠯᠳᠤᠬᠤ ᠭᠠᠵᠠᠷ ᠠᠴᠠ ᠨᠢᠰᠬᠡᠯ ᠤᠨ ᠪᠢᠯᠧᠲ ᠢ ᠵᠠᠬᠢᠶᠠᠯᠠᠨ ᠠᠪᠬᠤ ᠬᠡᠷᠡᠭᠲᠡᠢ᠃ | ᠪᠢᠯᠧᠲ ᠬᠤᠳᠠᠯᠳᠤᠬᠤ ᠭᠠᠵᠠᠷ᠄ ᠡᠵᠡᠨ᠎ᠡ ᠬᠤᠰᠢᠭᠤᠨ ᠤ ᠠᠵᠢᠯ ᠳᠤ ᠭᠠᠷᠬᠤ ᠨᠢᠰᠬᠡᠯ ᠤᠨ ᠪᠠᠭᠤᠳᠠᠯ ᠤᠨ | ᠪᠢᠯᠧᠲ ᠬᠤᠳᠠᠯᠳᠤᠬᠤ ᠭᠠᠵᠠᠷ᠂ | ᠬᠠᠷᠢᠯᠴᠠᠬᠤ ᠤᠲᠠᠰᠤ᠄ 0483-6520062᠃ | ︵ᠬᠤᠶᠠᠷ︶ ᠫᠢᠶᠣᠣ ᠬᠤᠳᠠᠯᠳᠤᠨ ᠠᠪᠬᠤ ᠳᠠᠭᠠᠨ ᠤᠷᠢᠳᠴᠢᠯᠠᠨ ᠤᠲᠠᠰᠤ ᠪᠠᠷ ᠪᠣᠯᠵᠣᠬᠤ ᠬᠡᠷᠡᠭᠲᠡᠢ | ᠪᠥᠭᠡᠳ ᠫᠢᠶᠣᠣ ᠬᠤᠳᠠᠯᠳᠤᠬᠤ ᠭᠠᠵᠠᠷ ᠤᠨ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠤᠨ ᠮᠡᠳᠡᠭᠡ ᠵᠠᠩᠭᠢ ᠶᠢ | ᠮᠡᠳᠡᠭᠳᠡᠵᠦ᠂ ᠫᠢᠶᠣᠣ ᠬᠤᠳᠠᠯᠳᠤᠬᠤ ᠭᠠᠵᠠᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ | ᠭᠡᠷᠡᠴᠢᠯᠡᠬᠦ ᠮᠠᠲ᠋ᠧᠷᠢᠶᠠᠯ ᠤᠨ ᠤᠭ ᠮᠠᠲ᠋ᠧᠷᠢᠶᠠᠯ ᠢ ᠨᠢ ᠠᠪᠴᠤ ᠫᠢᠶᠣᠣ ᠬᠤᠳᠠᠯᠳᠤᠬᠤ ᠭᠠᠵᠠᠷ ᠲᠤ ᠬᠦᠷᠴᠦ ᠫᠢᠶᠣᠣ | ᠬᠤᠳᠠᠯᠳᠤᠨ ᠠᠪᠬᠤ ᠬᠡᠷᠡᠭᠲᠡᠢ᠃ | ᠲᠠᠪᠤ᠂ ᠪᠤᠰᠤᠳ ᠠᠩᠬᠠᠷᠬᠤ ᠵᠦᠢᠯ | ︵ᠨᠢᠭᠡ︶ ᠣᠨᠴᠠᠭᠠᠶ ᠠᠶᠠᠨᠴᠢᠨ ᠢ ᠪᠠᠰᠠ ᠣᠨᠴᠠᠭᠠᠶ ᠦᠢᠯᠡᠴᠢᠯᠡᠭᠡᠨ ᠤ ᠠᠶᠠᠨᠴᠢᠨ ᠪᠤᠶᠤ ᠣᠨᠴᠠᠭᠠᠶ | ᠦᠢᠯᠡᠴᠢᠯᠡᠬᠦ ᠠᠶᠠᠨᠴᠢᠨ ᠭᠡᠳᠡᠭ᠂ ᠲᠡᠷᠡ ᠨᠢ ᠠᠶᠠᠨᠴᠢᠳ ᠤᠨ ᠲᠡᠭᠡᠭᠡᠪᠦᠷᠢ ᠶᠢ ᠭᠥᠯᠢᠶᠡᠨ ᠠᠪᠬᠤ ᠪᠠ | ᠠᠶᠠᠨᠴᠢᠳ ᠤᠨ ᠲᠡᠭᠡᠭᠡᠪᠦᠷᠢᠯᠡᠬᠦ ᠶᠠᠪᠤᠴᠠ ᠳᠤ ᠣᠨᠴᠠᠭᠠᠶ ᠶᠣᠰᠣᠷᠬᠠᠭ ᠬᠠᠷᠠᠭᠠᠯᠵᠠᠯ ᠦᠵᠡᠭᠦᠯᠬᠦ ᠴᠢᠬᠤᠯᠠᠲᠠᠢ ᠪᠤᠶᠤ | ᠪᠡᠶ᠎ᠡ ᠮᠠᠬᠠᠪᠤᠳ ᠪᠠ ᠤᠶᠦᠠ ᠰᠠᠨᠠᠭᠠᠨ ᠤ ᠪᠠᠶᠢᠳᠠᠯ ᠠᠴᠠ ᠪᠣᠯᠵᠤ ᠣᠨᠴᠠᠭᠠᠶ ᠬᠠᠷᠠᠭᠠᠯᠵᠠᠯ ᠦᠵᠡᠭᠦᠯᠬᠦ ᠴᠢᠬᠤᠯᠠᠲᠠᠢ | ᠪᠠᠶᠢᠬᠤ᠂ ᠡᠰᠡᠬᠦᠯ᠎ᠡ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠲᠣᠭᠲᠠᠭᠠᠭᠰᠠᠨ ᠲᠡᠭᠡᠭᠡᠪᠦᠷᠢ ᠶᠢᠨ ᠨᠥᠬᠦᠴᠡᠯ ᠳᠤ | ᠨᠡᠶᠢᠴᠡᠭᠰᠡᠨ ᠪᠠᠶᠢᠪᠠᠯ ᠰᠠᠶ᠋ᠢ ᠳᠠᠭᠠᠭᠠᠴᠢᠯᠠᠨ ᠲᠡᠭᠡᠭᠡᠪᠦᠷᠢᠯᠡᠵᠦ ᠪᠣᠯᠬᠤ ᠠᠶᠠᠨᠴᠢᠨ ᠢ ᠵᠢᠭᠠᠵᠤ ᠪᠠᠶᠢᠨ᠎ᠠ᠃ ᠨᠠᠰᠤᠲᠠᠢ | ᠠᠶᠠᠨᠴᠢᠳ᠂ ᠡᠪᠡᠳᠴᠢᠨ ᠲᠠᠢ ᠵᠡᠮᠳᠡᠭ ᠠᠶᠠᠨᠴᠢᠳ ︵ᠡᠪᠡᠳᠴᠢᠨ ᠲᠠᠢ ︿ᠰᠢᠷᠬᠠᠲᠤᠭᠰᠠᠨ﹀ ᠠᠶᠠᠨᠴᠢᠳ᠂ | ᠳᠠᠮᠨᠠᠭᠤᠷ ᠲᠠᠢ ᠠᠶᠠᠨᠴᠢᠳ᠂ ᠬᠦᠷᠳᠦᠲᠦ ᠰᠠᠨᠳᠠᠯᠢ ᠲᠠᠢ ᠠᠶᠠᠨᠴᠢᠳ᠂ ᠰᠣᠬᠤᠷ ᠬᠥᠮᠥᠨ/ᠳᠦᠯᠡᠢ ᠶᠠᠪᠠ ᠠᠶᠠᠨᠴᠢᠳ︶ | ᠣᠨᠴᠠᠭᠠᠢ ᠠᠶᠠᠨᠴᠢᠳ ᠲᠤ ᠬᠠᠷᠢᠶᠠᠯᠠᠭᠳᠠᠨ᠎ᠠ᠂ ᠪᠢᠯᠧᠲ ᠬᠤᠳᠠᠯᠳᠤᠨ ᠠᠪᠬᠤ ᠳᠠᠭᠠᠨ ︽ᠵᠣᠯ ᠵᠢᠷᠭᠠᠯᠲᠤ | ᠠᠭᠠᠷ ᠤᠨ ᠠᠶᠠᠯᠠᠯ ᠤᠨ ᠣᠨᠴᠠᠭᠠᠢ ᠠᠶᠠᠨᠴᠢᠳ ᠲᠤ ᠪᠢᠯᠧᠲ ᠪᠣᠷᠣᠯᠠᠭᠤᠯᠬᠤ ᠲᠣᠭᠲᠠᠭᠠᠯ︾ ᠢ ᠵᠢᠷᠤᠮᠯᠠᠨ | ᠬᠡᠷᠡᠭᠵᠢᠭᠦᠯᠬᠦ ᠬᠡᠷᠡᠭᠲᠡᠢ᠃ | ︵ᠬᠤᠶᠠᠷ︶ ᠠᠶᠠᠯᠠᠯ ᠤᠨ ᠬᠡᠰᠡᠭ ᠨᠢᠭᠡᠪᠦᠷᠢ ᠶᠢᠨ ᠣᠨᠴᠠᠭᠠᠶ ᠠᠶᠠᠨᠴᠢᠨ ︵ᠬᠠᠨᠢ ᠪᠣᠯᠬᠤ ᠬᠥᠮᠥᠨ ᠦᠭᠡᠢ | ᠨᠠᠰᠤᠲᠠᠨ᠂ ᠡᠪᠡᠳᠴᠢᠨ ᠲᠠᠢ ᠵᠡᠮᠳᠡᠭ ᠠᠶᠠᠨᠴᠢᠨ︶ ᠤ ᠲᠡᠭᠡᠭᠡᠪᠦᠷᠢ ᠳᠤ ᠴᠥᠮ ᠲᠤᠭ᠎ᠠ ᠬᠡᠮᠵᠢᠶᠡᠨ ᠤ ᠬᠢᠵᠠᠭᠠᠷᠯᠠᠯ ᠲᠠᠢ | ᠪᠠᠶᠢᠳᠠᠭ᠂ ᠡᠶᠢᠮᠦ ᠠᠴᠠ ᠣᠨᠴᠠᠭᠠᠶ ᠠᠶᠠᠨᠴᠢᠨ ᠪᠢᠯᠧᠲ ᠬᠤᠳᠠᠯᠳᠤᠨ ᠠᠪᠬᠤ ᠳᠤ ᠡᠭᠡᠯᠵᠢ ᠶᠢᠨ ᠨᠢᠰᠬᠡᠯ | ᠥᠷᠲᠡᠭᠡ ᠠᠴᠠ ᠭᠠᠷᠬᠤ ᠠᠴᠠ 72 ᠴᠠᠭ ᠤᠨ ᠡᠮᠦᠨ᠎ᠡ ᠨᠢᠰᠬᠡᠯ ᠳᠤ ᠰᠠᠭᠤᠬᠤ ᠭᠤᠶᠤᠴᠢᠯᠠᠯ ᠭᠠᠷᠭᠠᠬᠤ ᠬᠡᠷᠡᠭᠲᠡᠢ᠃ | ︵ᠭᠤᠷᠪᠠ︶ ᠪᠦᠬᠦᠯᠢ 60 ᠨᠠᠰᠤ ︵ᠪᠠᠭᠲᠠᠨ᠎ᠠ︶ ᠠᠴᠠ ᠳᠡᠭᠡᠭᠰᠢᠬᠢ ᠡᠷᠡᠭᠲᠡᠢ᠂ ᠪᠦᠬᠦᠯᠢ 55 ᠨᠠᠰᠤ | ︵ᠪᠠᠭᠲᠠᠨ᠎ᠠ︶ ᠠᠴᠠ ᠳᠡᠭᠡᠭᠰᠢᠬᠢ ᠡᠮᠡᠭᠲᠡᠶᠢᠴᠦᠳ ᠪᠢᠯᠧᠲ ᠬᠤᠳᠠᠯᠳᠤᠨ ᠠᠪᠬᠤ ᠳᠠᠭᠠᠨ ᠬᠤᠰᠢᠭᠤᠨ ᠲᠠᠰ | ︵ᠪᠠᠭᠲᠠᠨ᠎ᠠ︶ ᠠᠴᠠ ᠳᠡᠭᠡᠭᠰᠢᠬᠢ ᠡᠮᠴᠢᠯᠡᠭᠡᠨ ᠤ ᠨᠢᠭᠡᠴᠡ ᠶᠢᠨ ᠭᠠᠷᠭᠠᠭᠰᠠᠨ ᠨᠢᠰᠬᠡᠯ ᠳᠤ ᠰᠠᠭᠤᠬᠤ ᠳᠤ ᠲᠣᠬᠢᠷᠠᠵᠤ | ᠪᠣᠯᠬᠤ ︽ᠣᠨᠣᠰᠢᠯᠠᠯᠲᠠ ᠶᠢᠨ ᠭᠡᠷᠡᠴᠢ ᠪᠢᠴᠢᠭ︾ ︵ᠭᠤᠷᠪᠠᠨ ᠡᠳᠦᠷ ᠤᠨ ᠳᠣᠲᠣᠷ᠎ᠠ ᠨᠢᠰᠬᠡᠯ ᠳᠤ ᠰᠠᠭᠤᠵᠤ | ᠭᠠᠳᠠᠭᠰᠢ ᠭᠠᠷᠬᠤ ᠳᠤ ᠲᠣᠬᠢᠷᠠᠬᠤ ᠶᠢ ᠲᠣᠳᠣᠷᠬᠠᠶᠢᠯᠠᠨ᠎ᠠ︶ ᠲᠠᠢ ᠪᠠᠶᠢᠬᠤ ᠬᠡᠷᠡᠭᠲᠡᠢ᠃ | ︵ᠳᠥᠷᠪᠡ︶ ᠬᠤᠶᠠᠷ ᠵᠦᠢᠯ ᠪᠤᠶᠤ ᠬᠤᠶᠠᠷ ᠠᠴᠠ ᠳᠡᠭᠡᠭᠰᠢ ᠨᠦᠬᠦᠴᠡᠯ ᠳᠤ ᠨᠡᠶᠢᠴᠡᠭᠰᠡᠨ ᠬᠥᠮᠥᠰ ᠲᠤ | ᠵᠥᠪᠬᠡᠨ ᠨᠢᠭᠡ ᠨᠦᠬᠦᠴᠡᠯ ᠤᠨ ᠪᠢᠯᠧᠲ ᠠᠪᠬᠤ ᠦᠭᠡᠢ ᠲᠥᠷᠥ ᠶᠢᠨ ᠪᠣᠳᠣᠯᠭ᠎ᠠ ᠶᠢ ᠡᠳ᠋ᠯᠡᠬᠦ ᠪᠣᠯᠣᠨ᠎ᠠ᠂ | ᠬᠤᠷᠠᠮᠳᠤᠭᠤᠯᠤᠨ ᠨᠡᠮᠡᠬᠦ ᠦᠭᠡᠢ᠃ | ᠵᠢᠷᠭᠤᠭ᠎ᠠ᠂ ᠲᠣᠰ ᠲᠥᠰᠥᠯ ᠢ ᠡᠵᠡᠨ᠎ᠡ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ | | | |