ᠬᠠᠷ᠎ᠠ ᠭᠤᠤᠯ ᠤᠨ ᠤᠷᠤᠰᠬᠠᠯ ᠤᠨ 2021 ᠤᠨ ᠠᠴᠠ 2022 ᠣᠨ ᠤ ᠤᠰᠤ ᠬᠤᠪᠢᠶᠠᠷᠢᠯᠠᠯᠳᠠ ᠶᠢᠨ | ᠠᠵᠢᠯ ᠨᠢ 11 ᠳ᠋ᠤᠭᠠᠷ ᠰᠠᠷ᠎ᠠ ᠶᠢᠨ 10 ᠤ ᠡᠳᠤᠷ ᠠᠮᠵᠢᠯᠳᠠ ᠲᠠᠢ ᠲᠠᠭᠤᠰᠴᠤ᠂ ᠲᠤᠰ ᠵᠢᠯ ᠤᠨ ᠬᠠᠷ᠎ᠠ | ᠭᠤᠤᠯ ᠤᠨ ᠲᠤᠤᠷᠠᠳᠤ ᠤᠷᠤᠰᠬᠠᠯ ᠪᠤᠯᠬᠤ ᠡᠵᠡᠨ᠎ᠡ ᠭᠤᠣᠯ ᠤᠨ ᠪᠠᠶᠠᠨᠪᠤᠭᠳᠠ ᠤᠰᠤᠨ ᠬᠠᠰᠢᠯᠭ᠎ᠠ ᠪᠠᠷ ᠤᠷᠤᠵᠤ | ᠢᠷᠡᠭᠰᠡᠨ ᠤᠰᠤᠨ ᠤ ᠬᠡᠮᠵᠢᠶ᠎ᠡ ᠨᠡᠶᠢᠳᠡ 9.2 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠲᠤ ᠬᠦᠷᠴᠤ᠂ ᠰᠠᠪᠠ | ᠭᠠᠵᠠᠷ ᠤᠨ ᠠᠮᠢ ᠠᠬᠤᠢ ᠶᠢᠨ ᠤᠷᠴᠢᠨ ᠲᠤᠭᠤᠷᠢᠨ ᠦᠷᠬᠦᠯᠵᠢᠬᠦᠶᠢᠴᠡ ᠰᠠᠶᠢᠵᠢᠷᠠᠪᠠ᠃ | ᠲᠤᠰ ᠵᠢᠯ ᠤᠨ ᠤᠰᠤ ᠬᠤᠪᠢᠶᠠᠷᠢᠯᠠᠯᠳᠠ ᠶᠢᠨ ᠬᠤᠭᠤᠴᠠᠭᠠᠨ ᠳᠤ᠂ ᠮᠠᠨ ᠤ ᠬᠤᠰᠢᠭᠤ ᠰᠢ ᠶᠢᠨ ᠫᠢᠩ ᠤᠨ | ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ︽ᠠᠷᠪᠠᠨ ᠵᠢᠷᠭᠤᠭᠠᠨ ᠦᠰᠦᠭ︾ ᠤᠨ ᠤᠰᠤ ᠵᠠᠰᠠᠬᠤ | ᠰᠡᠳᠬᠢᠴᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠬᠠᠷ᠎ᠠ ᠭᠤᠤᠯ ᠤᠨ ᠰᠠᠪᠠ ᠭᠠᠵᠠᠷ ᠤᠨ ᠪᠤᠳᠠᠳᠠᠢ | ᠪᠠᠶᠢᠳᠠᠯ ᠳᠤ ᠰᠠᠭᠤᠷᠢᠯᠠᠨ᠂ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠤᠬᠢᠷᠳᠤᠯ ᠦᠭᠡᠢ | ᠬᠦᠭᠵᠢᠯᠳᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠨ᠂ ᠨᠠᠷᠢᠯᠢᠭ ᠵᠤᠬᠢᠶᠠᠨ ᠪᠠᠶᠢᠭᠤᠯᠵᠤ᠂ ᠰᠢᠨᠵᠢᠯᠡᠬᠦ | ᠤᠬᠠᠭᠠᠨᠴᠢ ᠪᠠᠷ ᠲᠤᠬᠢᠷᠠᠭᠤᠯᠤᠨ᠂ ︽ᠪᠦᠬᠦ ᠱᠤᠭᠤᠮ ᠢᠶᠠᠷ ᠨᠡᠪᠳᠡᠷᠡᠨ ᠨᠢᠭᠡᠲᠦᠯᠲᠡᠢ ᠬᠤᠪᠢᠶᠠᠷᠢᠯᠠᠬᠤ︾ ᠠᠷᠭ᠎ᠠ | ᠬᠡᠮᠵᠢᠶ᠎ᠡ ᠶᠢ 4 ᠤᠳᠠᠭ᠎ᠠ 123 ᠡᠳᠤᠷ ᠬᠡᠷᠡᠭᠵᠢᠬᠦᠯᠦᠭᠰᠡᠨ ᠠᠴᠠ ᠡᠨᠡ ᠨᠢ ᠨᠢᠭᠡᠲᠦᠯᠲᠡᠢ ᠤᠰᠤ ᠬᠤᠪᠢᠶᠠᠷᠢᠯᠠᠭᠰᠠᠨ | ᠠᠴᠠ ᠨᠠᠭᠠᠰᠢᠬᠢ ᠤᠰᠤ ᠶᠢ ᠲᠦᠪᠯᠡᠷᠡᠬᠦᠯᠦᠨ ᠬᠤᠪᠢᠶᠠᠷᠢᠯᠠᠬᠤ ᠶᠢ ᠬᠡᠷᠡᠭᠵᠢᠬᠦᠯᠦᠭᠰᠡᠨ ᠴᠠᠭ ᠨᠢ ᠬᠠᠮᠤᠭ ᠤᠨ ᠤᠷᠳᠤ | ᠨᠢᠭᠡ ᠵᠢᠯ ᠪᠤᠯᠪᠠ᠃ ᠤᠰᠤᠨ ᠰᠢᠨᠵᠢᠯᠡᠭᠡᠨ ᠤ ᠰᠠᠯᠠᠭ᠎ᠠ ᠮᠦᠴᠢᠷ ᠤᠨ ᠲᠤᠭ᠎ᠠ ᠪᠦᠷᠢᠳᠬᠡᠯ ᠢ ᠦᠨᠳᠤᠰᠤᠯᠡᠪᠡᠯ᠂ | ᠲᠤᠰ ᠵᠢᠯ ᠳᠤ ᠠᠭᠳᠠ ᠶᠢᠨ ᠬᠦᠷᠢᠶ᠎ᠡ ᠤᠰᠤᠨ ᠰᠢᠨᠵᠢᠯᠡᠭᠡᠨ ᠤ ᠥᠷᠲᠡᠭᠡ ᠪᠠᠷ ᠤᠷᠤᠵᠤ ᠢᠷᠡᠭᠰᠡᠨ ᠤᠰᠤᠨ ᠤ | ᠬᠡᠮᠵᠢᠶ᠎ᠡ ᠨᠡᠶᠢᠳᠡ 10.7 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠲᠤ ᠬᠦᠷᠴᠤ᠂ ᠲᠡᠭᠡᠷ᠎ᠡ ᠵᠢᠯ ᠤᠨ | ᠬᠢ ᠠᠴᠠ 3.2 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠨᠡᠮᠡᠭᠳᠡᠨ᠂ ᠪᠠᠶᠠᠨᠪᠤᠭᠳᠠ ᠤᠰᠤᠨ ᠬᠠᠰᠢᠯᠭ᠎ᠠ ᠪᠠᠷ | ᠤᠷᠤᠵᠤ ᠢᠷᠡᠭᠰᠡᠨ ᠤᠰᠤᠨ ᠤ ᠬᠡᠮᠵᠢᠶ᠎ᠡ ᠨᠡᠶᠢᠳᠡ 9.2 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠲᠤ | ᠬᠦᠷᠴᠤ᠂ ᠲᠡᠭᠡᠷ᠎ᠡ ᠵᠢᠯ ᠤᠨ ᠬᠢ ᠠᠴᠠ 3.03 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠨᠡᠮᠡᠭᠳᠡᠪᠡ᠃ | ᠡᠭᠦᠨ ᠳᠤ ᠡᠨᠡ ᠵᠢᠯ ᠡᠵᠡᠨ᠎ᠡ ᠬᠤᠰᠢᠭᠤ ᠨᠡᠶᠢᠳᠡ 95.81 ᠲᠦᠮᠡᠨ ᠮᠤ᠋ ᠤᠢ ᠰᠢᠭᠤᠢ ᠡᠪᠡᠰᠤ ᠪᠡᠯᠴᠢᠭᠡᠷ ᠢ | ᠤᠰᠤᠯᠠᠵᠤ᠂ ᠲᠡᠭᠡᠷ᠎ᠡ ᠵᠢᠯ ᠤᠨ ᠬᠢ ᠠᠴᠠ 50.41 ᠲᠦᠮᠡᠨ ᠮᠤ᠋ ᠨᠡᠮᠡᠭᠳᠡᠵᠤ᠂ ᠰᠤᠪᠨᠠᠭᠤᠷ ᠲᠤ ᠨᠡᠶᠢᠳᠡ 6387 | ᠲᠦᠮᠡᠨ ᠪᠤᠰᠤᠭ᠎ᠠ ᠲᠦᠷᠪᠡᠯᠵᠢᠨ ᠮᠧᠲᠷ ᠤᠰᠤ ᠨᠦᠬᠦᠪᠦᠷᠢᠯᠡᠵᠤ᠂ ᠨᠠᠭᠤᠷ ᠤᠨ ᠤᠰᠤᠨ ᠭᠠᠳᠠᠷᠭᠤ ᠶᠢᠨ ᠲᠠᠯᠠᠪᠠᠢ ᠨᠢ | ᠬᠠᠮᠤᠭ ᠶᠡᠭᠡ ᠳᠡᠭᠡᠨ 42.2 ᠲᠡᠭᠰᠢ ᠲᠦᠷᠪᠡᠯᠵᠢᠨ ᠺᠢᠯᠤᠮᠧᠲᠷ ᠲᠤ ᠬᠦᠷᠦᠨ᠂ ᠤᠰᠤ ᠬᠠᠳᠠᠭᠠᠯᠠᠬᠤ ᠬᠡᠮᠵᠢᠶ᠎ᠡ ᠨᠢ | 7340 ᠲᠦᠮᠡᠨ ᠪᠤᠰᠤᠭ᠎ᠠ ᠲᠦᠷᠪᠡᠯᠵᠢᠨ ᠮᠧᠲᠷ ᠢ ᠪᠠᠳᠤᠯᠠᠵᠤ᠂ 18 ᠵᠢᠯ ᠲᠠᠷᠠᠭᠠᠯᠠᠨ ᠰᠢᠷᠬᠢᠬᠦ ᠦᠭᠡᠢ | ᠪᠠᠶᠢᠬᠤ ᠶᠢ ᠪᠡᠶᠡᠯᠡᠬᠦᠯᠦᠭᠰᠡᠨ ᠪᠠᠶᠢᠨ᠎ᠠ᠃ | |