ᠮᠠᠨ ᠤ ᠬᠤᠰᠢᠭᠤᠨ ᠳᠤ ᠣᠯᠠᠨ ᠲᠥᠷᠥᠯ ᠤᠨ ᠰᠢᠪᠠᠭᠤ ᠨᠡᠭᠦᠳᠡᠯᠯᠡᠨ ᠢᠷᠡᠯ᠎ᠡ
ᠨᠡᠶᠢᠲᠡᠯᠡᠭᠰᠡᠨ ᠴᠠᠭ᠄
2022/11/21
      ᠡᠪᠤᠯ ᠤᠨ ᠡᠬᠢᠨ ᠰᠠᠷ᠎ᠠ ᠪᠠᠷ᠂ ᠮᠠᠨ ᠤ ᠬᠤᠰᠢᠭᠤᠨ ᠳᠤ ᠮᠠᠰᠢ ᠤᠯᠠᠨ ᠨᠡᠭᠦᠳᠡᠯ ᠤᠨ ᠰᠢᠪᠠᠭᠤᠳ ᠨᠡᠭᠦᠳᠡᠯᠡᠨ ᠢᠷᠡᠵᠦ᠂ ᠤᠰᠤᠨ ᠤᠷᠤᠨ ᠢᠶᠠᠷ ᠤᠯᠠᠨ ᠳᠦᠷᠦᠯ ᠎ ᠤᠨ ᠰᠢᠪᠠᠭᠤᠳ ᠵᠢᠷᠭᠢᠯᠡᠨ ᠨᠢᠰᠴᠦ᠂  ᠨᠠᠭᠤᠷ ᠤᠨ ᠤᠰᠤᠨ ᠳᠤ ᠱᠤᠩᠪᠤᠨ ᠲᠤᠭᠯᠠᠵᠤ᠂ ᠡᠪᠤᠯ ᠴᠠᠭ ᠤᠨ  ᠨᠢᠭᠡᠨ ᠭᠤᠶᠢᠳᠡ ᠰᠠᠶᠢᠬᠠᠨ ᠥᠩᠭᠡ ᠥᠵᠡᠮᠵᠢ ᠶᠢ ᠠᠪᠴᠢᠷᠠᠨ᠎ᠠ᠃      ᠮᠠᠨ ᠤ ᠬᠤᠰᠢᠭᠤᠨ ᠤ ᠰᠢᠷ᠎ᠠ ᠨᠠᠭᠤᠷ ᠤᠰᠤᠨ ᠴᠦᠬᠦᠷᠦᠮ ᠳᠤ᠂ ᠤᠯᠠᠭᠠᠨᠨ ᠴᠤᠬᠤᠷ ᠨᠤᠭᠤᠰᠤ᠂ ᠪᠤᠷᠤ ᠭᠠᠯᠠᠭᠤ᠂ ᠬᠤᠨ ᠭᠠᠯᠠᠭᠤ ᠵᠡᠷᠭᠡ ᠣᠯᠠᠨ ᠳᠦᠷᠦᠯ ᠤᠨ ᠰᠢᠪᠠᠭᠤᠳ ᠨᠡᠭᠦᠳᠡᠯᠡᠨ ᠢᠷᠡᠵᠡᠢ᠃      ᠡᠨᠡ ᠬᠡᠰᠡᠭ ᠬᠤᠭᠤᠴᠠᠭ᠎ᠠ ᠤᠰᠤᠨ ᠴᠦᠬᠦᠷᠦᠮ ᠳᠤ ᠴᠤᠭᠯᠠᠷᠠᠭᠰᠠᠨ ᠰᠢᠪᠠᠭᠤᠳ ᠤᠨ ᠲᠤᠭ᠎ᠠ ᠨᠡᠯᠢᠶᠡᠳ ᠶᠡᠭᠡ ᠮᠥᠷᠲᠡᠭᠡᠨ ᠰᠢᠪᠠᠭᠤᠳ ᠬᠠᠮᠤᠭ ᠤᠯᠠᠨ ᠴᠤᠭᠯᠠᠷᠠᠭᠰᠠᠨ  ᠨᠢᠭᠡ ᠤᠳᠠᠭ᠎ᠠ ᠪᠠᠶᠢᠵᠦ᠂ ᠤᠯᠠᠭᠠᠨ ᠴᠤᠬᠤᠷ ᠨᠤᠭᠤᠰᠤ ᠪᠠᠷ ᠭᠤᠣᠯᠳᠠᠵᠤ᠂ ᠪᠠᠷᠤᠭ ᠬᠡᠳᠦᠨ ᠮᠢᠩᠭ᠎ᠠ ᠬᠦᠷᠦᠭᠰᠡᠨ ᠪᠠᠶᠢᠨ᠎ᠠ᠃      ᠤᠶᠢᠷ᠎ᠠ ᠶᠢᠨ ᠵᠢᠯ ᠳᠤ᠂ ᠮᠠᠨ ᠤ ᠬᠤᠰᠢᠭᠤ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠤᠬᠢᠷᠳᠤᠯ ᠦᠭᠡᠢ ᠬᠦᠭᠵᠢᠯᠲᠡ ᠶᠢᠨ ᠤᠶᠢᠯᠠᠭᠠᠭᠳᠠᠬᠤᠨ ᠢ ᠡᠷᠡᠰ ᠪᠠᠷᠢᠮᠳᠠᠯᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠶᠢᠨ ᠳᠠᠭᠠᠣ ᠨᠠᠭᠤᠷ ᠴᠥᠬᠦᠷᠥᠮ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠡᠪᠡᠰᠦ ᠤᠷᠭᠤᠮᠠᠯ ᠤᠨ ᠳᠠᠷᠤᠭ᠎ᠠ ᠶᠢᠨ ᠳᠦᠷᠢᠮ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠡᠭᠡᠷ᠎ᠡ ᠶᠢᠨ ᠠᠮᠢᠲᠠᠨ ᠤ  ᠪᠠᠭᠤᠳᠠᠯᠯᠠᠬᠤ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠪᠦᠳᠦᠮᠵᠢᠲᠠᠢ ᠥᠷᠨᠢᠬᠦᠯᠦᠨ᠂ ᠤᠰᠤᠨ ᠤᠷᠤᠨ ᠤ ᠲᠤᠭᠤᠷᠢᠨ ᠪᠠᠶᠢᠴᠠᠭᠠᠯᠲᠠ ᠶᠢᠨ ᠬᠦᠴᠦᠯᠡᠴᠡ ᠪᠠᠨ  ᠶᠡᠬᠡᠰᠬᠡᠵᠦ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠠᠮᠦᠷ       ᠲᠦᠪᠰᠢᠨ ᠢ ᠰᠠᠶᠢᠳᠤᠷ ᠬᠠᠮᠠᠭᠠᠯᠠᠨ᠂ ᠬᠦᠮᠦᠨ ᠪᠠᠶᠢᠭᠠᠯᠢ ᠡᠶ᠎ᠡ ᠵᠤᠬᠢᠴᠠᠩᠭᠤᠢ ᠪᠠᠷ ᠣᠷᠣᠰᠢᠨ ᠠᠮᠢᠳᠤᠷᠠᠬᠤ ᠶᠢ ᠤᠯᠠᠮ ᠨᠢᠭᠡ ᠠᠯᠬᠤᠮ ᠲᠥᠯᠬᠢᠨ ᠠᠬᠢᠭᠤᠯᠣᠭᠰᠠᠨ ᠪᠠᠶᠢᠨ᠎ᠠ᠃

1.jpg

 

 

3.jpg

 

5.jpg

 

 

 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号