ᠮᠠᠨ ᠤ ᠬᠤᠰᠢᠭᠤᠨ ᠳᠤ ᠣᠯᠠᠨ ᠲᠥᠷᠥᠯ ᠤᠨ ᠰᠢᠪᠠᠭᠤ ᠨᠡᠭᠦᠳᠡᠯᠯᠡᠨ ᠢᠷᠡᠯ᠎ᠡ
ᠨᠡᠶᠢᠲᠡᠯᠡᠭᠰᠡᠨ ᠴᠠᠭ᠄
2022/11/21
      ᠡᠪᠤᠯ ᠤᠨ ᠡᠬᠢᠨ ᠰᠠᠷ᠎ᠠ ᠪᠠᠷ᠂ ᠮᠠᠨ ᠤ ᠬᠤᠰᠢᠭᠤᠨ ᠳᠤ ᠮᠠᠰᠢ ᠤᠯᠠᠨ ᠨᠡᠭᠦᠳᠡᠯ ᠤᠨ ᠰᠢᠪᠠᠭᠤᠳ ᠨᠡᠭᠦᠳᠡᠯᠡᠨ ᠢᠷᠡᠵᠦ᠂ ᠤᠰᠤᠨ ᠤᠷᠤᠨ ᠢᠶᠠᠷ ᠤᠯᠠᠨ ᠳᠦᠷᠦᠯ  ᠤᠨ ᠰᠢᠪᠠᠭᠤᠳ ᠵᠢᠷᠭᠢᠯᠡᠨ ᠨᠢᠰᠴᠦ᠂  ᠨᠠᠭᠤᠷ ᠤᠨ ᠤᠰᠤᠨ ᠳᠤ ᠱᠤᠩᠪᠤᠨ ᠲᠤᠭᠯᠠᠵᠤ᠂ ᠡᠪᠤᠯ ᠴᠠᠭ ᠤᠨ  ᠨᠢᠭᠡᠨ ᠭᠤᠶᠢᠳᠡ ᠰᠠᠶᠢᠬᠠᠨ ᠥᠩᠭᠡ ᠥᠵᠡᠮᠵᠢ ᠶᠢ ᠠᠪᠴᠢᠷᠠᠨ᠎ᠠ᠃      ᠮᠠᠨ ᠤ ᠬᠤᠰᠢᠭᠤᠨ ᠤ ᠰᠢᠷ᠎ᠠ ᠨᠠᠭᠤᠷ ᠤᠰᠤᠨ ᠴᠦᠬᠦᠷᠦᠮ ᠳᠤ᠂ ᠤᠯᠠᠭᠠᠨᠨ ᠴᠤᠬᠤᠷ ᠨᠤᠭᠤᠰᠤ᠂ ᠪᠤᠷᠤ ᠭᠠᠯᠠᠭᠤ᠂ ᠬᠤᠨ ᠭᠠᠯᠠᠭᠤ ᠵᠡᠷᠭᠡ ᠣᠯᠠᠨ ᠳᠦᠷᠦᠯ ᠤᠨ ᠰᠢᠪᠠᠭᠤᠳ ᠨᠡᠭᠦᠳᠡᠯᠡᠨ ᠢᠷᠡᠵᠡᠢ᠃      ᠡᠨᠡ ᠬᠡᠰᠡᠭ ᠬᠤᠭᠤᠴᠠᠭ᠎ᠠ ᠤᠰᠤᠨ ᠴᠦᠬᠦᠷᠦᠮ ᠳᠤ ᠴᠤᠭᠯᠠᠷᠠᠭᠰᠠᠨ ᠰᠢᠪᠠᠭᠤᠳ ᠤᠨ ᠲᠤᠭ᠎ᠠ ᠨᠡᠯᠢᠶᠡᠳ ᠶᠡᠭᠡ ᠮᠥᠷᠲᠡᠭᠡᠨ ᠰᠢᠪᠠᠭᠤᠳ ᠬᠠᠮᠤᠭ ᠤᠯᠠᠨ ᠴᠤᠭᠯᠠᠷᠠᠭᠰᠠᠨ  ᠨᠢᠭᠡ ᠤᠳᠠᠭ᠎ᠠ ᠪᠠᠶᠢᠵᠦ᠂ ᠤᠯᠠᠭᠠᠨ ᠴᠤᠬᠤᠷ ᠨᠤᠭᠤᠰᠤ ᠪᠠᠷ ᠭᠤᠣᠯᠳᠠᠵᠤ᠂ ᠪᠠᠷᠤᠭ ᠬᠡᠳᠦᠨ ᠮᠢᠩᠭ᠎ᠠ ᠬᠦᠷᠦᠭᠰᠡᠨ ᠪᠠᠶᠢᠨ᠎ᠠ᠃      ᠤᠶᠢᠷ᠎ᠠ ᠶᠢᠨ ᠵᠢᠯ ᠳᠤ᠂ ᠮᠠᠨ ᠤ ᠬᠤᠰᠢᠭᠤ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠤᠬᠢᠷᠳᠤᠯ ᠦᠭᠡᠢ ᠬᠦᠭᠵᠢᠯᠲᠡ ᠶᠢᠨ ᠤᠶᠢᠯᠠᠭᠠᠭᠳᠠᠬᠤᠨ ᠢ ᠡᠷᠡᠰ ᠪᠠᠷᠢᠮᠳᠠᠯᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠶᠢᠨ ᠳᠠᠭᠠᠣ ᠨᠠᠭᠤᠷ ᠴᠥᠬᠦᠷᠥᠮ ᠭᠤᠣᠯ ᠮᠥᠷᠡᠨ ᠤ ᠳᠠᠷᠤᠭ᠎ᠠ ᠶᠢᠨ ᠳᠦᠷᠢᠮ᠂ ᠤᠢ ᠰᠢᠭᠤᠢ ᠡᠪᠡᠰᠦ ᠤᠷᠭᠤᠮᠠᠯ ᠤᠨ ᠳᠠᠷᠤᠭ᠎ᠠ ᠶᠢᠨ ᠳᠦᠷᠢᠮ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠡᠭᠡᠷ᠎ᠡ ᠶᠢᠨ ᠠᠮᠢᠲᠠᠨ ᠤ  ᠪᠠᠭᠤᠳᠠᠯᠯᠠᠬᠤ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠵᠢᠯ ᠢ ᠪᠦᠳᠦᠮᠵᠢᠲᠠᠢ ᠥᠷᠨᠢᠬᠦᠯᠦᠨ᠂ ᠤᠰᠤᠨ ᠤᠷᠤᠨ ᠤ ᠲᠤᠭᠤᠷᠢᠨ ᠪᠠᠶᠢᠴᠠᠭᠠᠯᠲᠠ ᠶᠢᠨ ᠬᠦᠴᠦᠯᠡᠴᠡ ᠪᠠᠨ  ᠶᠡᠬᠡᠰᠬᠡᠵᠦ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠠᠮᠦᠷ       ᠲᠦᠪᠰᠢᠨ ᠢ ᠰᠠᠶᠢᠳᠤᠷ ᠬᠠᠮᠠᠭᠠᠯᠠᠨ᠂ ᠬᠦᠮᠦᠨ ᠪᠠᠶᠢᠭᠠᠯᠢ ᠡᠶ᠎ᠡ ᠵᠤᠬᠢᠴᠠᠩᠭᠤᠢ ᠪᠠᠷ ᠣᠷᠣᠰᠢᠨ ᠠᠮᠢᠳᠤᠷᠠᠬᠤ ᠶᠢ ᠤᠯᠠᠮ ᠨᠢᠭᠡ ᠠᠯᠬᠤᠮ ᠲᠥᠯᠬᠢᠨ ᠠᠬᠢᠭᠤᠯᠣᠭᠰᠠᠨ ᠪᠠᠶᠢᠨ᠎ᠠ᠃

1.jpg

 

 

3.jpg

 

5.jpg

 

 

 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号