ᠤᠶᠢᠷ᠎ᠠ ᠶᠢᠨ ᠡᠳᠤᠷ᠂ ᠦᠪᠤᠷ ᠮᠤᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠠᠴᠠ 1.2 ᠳ᠋ᠦᠩᠰᠢᠭᠤᠷ | ᠲᠦᠭᠦᠷᠢᠭ ᠤᠨ ᠪᠡᠯᠡ ᠤᠷᠤᠭᠤᠯᠤᠭᠰᠠᠨ ︽ᠴᠠᠬᠢᠯᠭᠠᠨ ᠡᠭᠦᠰᠭᠡᠭᠦᠷ᠂ ᠴᠠᠬᠢᠯᠭᠠᠨ ᠲᠤᠤᠷ᠂ ᠠᠴᠢᠶ᠎ᠠ᠂ ᠡᠨᠧᠷᠬᠢ | ᠬᠠᠳᠠᠭᠠᠯᠠᠬᠤ︾ ᠶᠢ ᠨᠢᠭᠡ ᠴᠤᠭᠴᠠᠵᠢᠭᠤᠯᠤᠭᠰᠠᠨ ᠪᠢᠴᠢᠯ ᠴᠠᠬᠢᠯᠭᠠᠨ ᠲᠤᠤᠷ ᠤᠨ ᠵᠢᠱᠢᠶ᠎ᠡ ᠦᠵᠡᠬᠦᠯᠬᠦ ᠲᠦᠷᠦᠯ | ᠵᠦᠢᠯ ᠤᠨ ᠪᠠᠷᠢᠯᠭ᠎ᠠ ᠶᠢᠨ ᠠᠵᠢᠯ ᠡᠷᠴᠢᠮᠳᠠᠢ ᠶᠠᠪᠤᠭᠳᠠᠵᠤ ᠂ ᠵᠢᠱᠢᠯᠳᠡ ᠪᠠᠷ 12 ᠳ᠋ᠤᠭᠠᠷ ᠰᠠᠷ᠎ᠠ ᠳᠤ | ᠠᠰᠢᠭᠯᠠᠯᠳᠠ ᠳᠤ ᠤᠷᠤᠭᠤᠯᠬᠤ ᠪᠠᠷ ᠪᠤᠢ᠃ | ᠲᠤᠰ ᠲᠦᠷᠦᠯ ᠵᠦᠢᠯ ᠪᠤᠯ ᠦᠪᠤᠷ ᠮᠤᠩᠭᠤᠯ ᠤᠨ ᠴᠠᠬᠢᠯᠭᠠᠨ ᠲᠤᠤᠷ ᠤᠨ ᠠᠩᠬᠠᠳᠠᠭᠴᠢ ᠰᠢᠨ᠎ᠡ | ᠡᠨᠧᠷᠬᠢ ᠶᠢᠨ ᠰᠤᠷᠪᠤᠯᠵᠢ ᠶᠢᠨ ᠡᠨᠧᠷᠬᠢ ᠬᠠᠳᠠᠭᠠᠯᠠᠬᠤ ᠲᠦᠷᠦᠯ ᠵᠦᠢᠯ ᠪᠠᠶᠢᠵᠤ᠂ ᠡᠨᠡ ᠨᠢ ᠲᠤᠤᠷ ᠲᠤ | ᠨᠡᠶᠢᠯᠡᠬᠦᠯᠦᠨ ᠠᠵᠢᠯᠯᠠᠭᠤᠯᠵᠤ ᠪᠤᠯᠬᠤ ᠮᠦᠷᠳᠡᠭᠡᠨ ᠪᠠᠰᠠ ᠲᠤᠰᠠᠭᠠᠷ ᠠᠵᠢᠯᠯᠠᠭᠤᠯᠵᠤ ᠪᠤᠯᠬᠤ ᠤᠯᠤᠰ ᠤᠨ | ᠲᠤᠳᠤᠭᠠᠳᠤ ᠶᠢᠨ ᠠᠩᠬᠠᠳᠠᠭᠴᠢ ᠪᠡᠶ᠎ᠡ ᠪᠠᠨ ᠲᠠᠭᠠᠭᠠᠵᠤ ᠠᠵᠢᠯᠯᠠᠬᠤ ᠴᠢᠳᠠᠪᠤᠷᠢ ᠲᠠᠢ ᠰᠢᠨ᠎ᠡ ᠡᠨᠧᠷᠬᠢ ᠶᠢᠨ | ᠰᠤᠷᠪᠤᠯᠵᠢ ᠶᠢᠨ ᠲᠦᠷᠦᠯ ᠵᠦᠢᠯ ᠪᠤᠯᠤᠨ᠎ᠠ᠃ ᠲᠦᠷᠦᠯ ᠵᠦᠢᠯ ᠨᠢ ᠨᠢᠭᠡ ᠰᠠᠭᠤᠷᠢ ᠡᠨᠧᠷᠬᠢ ᠬᠠᠳᠠᠭᠠᠯᠠᠬᠤ ᠴᠠᠬᠢᠯᠭᠠᠨ | ᠦᠷᠳᠡᠭᠡ ᠶᠢ ᠪᠠᠶᠢᠭᠤᠯᠵᠤ᠂ ᠡᠭᠦᠨ ᠳᠤ 25MW ᠶᠢᠨ ᠹᠤᠰᠹᠤᠷ ᠬᠦᠴᠢᠯ ᠤᠨ ᠲᠡᠮᠤᠷ ᠯᠢᠲ᠋ᠢ ᠶᠢᠨ ᠴᠠᠬᠢᠯᠭᠠᠨ | ᠴᠡᠨᠡᠭ ᠤᠨ ᠡᠨᠧᠷᠬᠢ ᠬᠠᠳᠠᠭᠠᠯᠠᠬᠤ ᠰᠢᠰᠲ᠋ᠧᠮ᠂ 4×1.8MW ᠴᠠᠶᠢᠶ᠋ᠢᠦ ᠲᠤᠰᠤᠨ ᠤ ᠴᠠᠬᠢᠯᠭᠠᠨ ᠭᠠᠷᠭᠠᠬᠤ | ᠮᠠᠰᠢᠨ ᠤ ᠰᠢᠰᠲ᠋ᠧᠮ ᠵᠢᠴᠢ ᠬᠠᠷᠠᠭᠠᠯᠵᠠᠭᠰᠠᠨ ᠴᠠᠬᠢᠯᠭᠠᠨ ᠲᠦᠭᠦᠭᠡᠷᠤᠮᠵᠢ ᠪᠠ ᠲᠤᠰᠠᠯᠠᠬᠤ ᠲᠦᠭᠦᠭᠡᠷᠤᠮᠵᠢ | ᠬᠠᠮᠤᠷᠤᠭᠳᠠᠵᠤ ᠪᠠᠶᠢᠬᠤ ᠪᠠᠷ ᠪᠠᠷᠠᠬᠤ ᠦᠭᠡᠢ ᠪᠠᠰᠠ ᠨᠢᠭᠡ ᠢᠵᠢ ︽ᠴᠠᠬᠢᠯᠭᠠᠨ ᠡᠭᠦᠰᠭᠡᠭᠦᠷ᠂ ᠴᠠᠬᠢᠯᠭᠠᠨ ᠲᠤᠤᠷ᠂ | ᠠᠴᠢᠶ᠎ᠠ᠂ ᠡᠨᠧᠷᠬᠢ ᠬᠠᠳᠠᠭᠠᠯᠠᠬᠤ︾ ᠶᠢ ᠨᠢᠭᠡ ᠴᠤᠭᠴᠠᠵᠢᠭᠤᠯᠤᠭᠰᠠᠨ ᠡᠵᠡᠮᠳᠡᠨ ᠬᠠᠮᠢᠶᠠᠷᠬᠤ ᠰᠢᠰᠲ᠋ᠧᠮ ᠢ | ᠪᠠᠶᠢᠭᠤᠯᠵᠤ᠂10 ᠺᠢᠯᠤᠸᠤᠯᠲ ᠶᠢᠨ ᠴᠠᠬᠢᠯᠭᠠᠨ ᠲᠤᠤᠷ ᠤᠨ ᠬᠤᠤᠰ ᠪᠤᠴᠠᠯᠳᠠ ᠲᠠᠢ ᠵᠡᠷᠭᠡᠪᠡᠷ ᠠᠵᠢᠯᠯᠠᠭᠤᠯᠬᠤ | ᠪᠤᠯᠤᠨ᠎ᠠ᠃ ᠡᠨᠡ ᠨᠢ ︽ᠰᠠᠯᠬᠢ᠂ ᠭᠡᠷᠡᠯ᠂ ᠲᠦᠯᠡᠰᠢ᠂ ᠬᠠᠳᠠᠭᠠᠯᠠᠭᠳᠠᠴᠠ︾ ᠶᠢ ᠬᠠᠮᠳᠤᠪᠡᠷ ᠠᠵᠢᠯᠯᠠᠭᠤᠯᠬᠤ ᠶᠢ | ᠪᠡᠶᠡᠯᠡᠬᠦᠯᠵᠤ᠂ ᠲᠠᠷᠬᠠᠮᠠᠯ ᠬᠡᠯᠪᠡᠷᠢ ᠶᠢᠨ ᠰᠢᠨ᠎ᠡ ᠡᠨᠧᠷᠬᠢ᠂ ᠪᠢᠴᠢᠯ ᠴᠠᠬᠢᠯᠭᠠᠨ ᠲᠤᠤᠷ ᠪᠠ ᠲᠤᠮᠤ ᠴᠠᠬᠢᠯᠭᠠᠨ | ᠲᠤᠤᠷ ᠤᠨ ᠠᠭᠤᠰᠤᠯᠴᠠᠨ ᠬᠦᠭᠵᠢᠬᠦ ᠶᠢ ᠠᠬᠢᠭᠤᠯᠬᠤ ᠪᠤᠯᠤᠨ᠎ᠠ᠃ ᠮᠦᠨᠴᠤ ᠤᠶᠢᠷ᠎ᠠ ᠬᠠᠪᠢ ᠠᠴᠠ ᠪᠠᠨ ᠮᠠᠲ᠋ᠧᠷᠢᠶᠠᠯ | ᠠᠪᠴᠤ᠂ ᠲᠤᠬᠠᠢ ᠶᠢᠨ ᠭᠠᠵᠠᠷ ᠲᠤ ᠪᠠᠨ ᠰᠢᠩᠭᠡᠭᠡᠨ ᠠᠪᠬᠤ ᠪᠠᠷ ᠲᠠᠮᠵᠢᠨ᠂ ᠲᠤᠮᠤ ᠴᠠᠬᠢᠯᠭᠠᠨ ᠲᠤᠤᠷ ᠲᠤ | ᠲᠦᠰᠢᠭᠯᠡᠬᠦ ᠶᠢ ᠪᠠᠭᠠᠰᠬᠠᠵᠤ᠂ ᠴᠠᠬᠢᠯᠭᠠᠨ ᠲᠤᠤᠷ ᠤᠨ ᠬᠤᠭᠤᠷᠤᠨᠳᠤ ᠪᠠᠨ ᠬᠠᠷᠢᠯᠴᠠᠨ ᠨᠥᠭᠡᠴᠡᠯᠡᠨ ᠪᠡᠯᠡᠳᠭᠡᠬᠦ ᠶᠢ | ᠪᠡᠶᠡᠯᠡᠭᠦᠯᠵᠤ᠂ ᠪᠤᠶᠢᠳᠠ ᠪᠦᠭᠯᠡᠬᠦᠤ ᠭᠠᠵᠠᠷ ᠤᠷᠤᠨ ᠤ ᠴᠠᠬᠢᠯᠠᠭᠠᠨ ᠬᠠᠩᠭᠠᠯᠭ᠎ᠠ ᠶᠢᠨ ᠲᠤᠭᠲᠠᠪᠤᠷᠢ ᠦᠭᠡᠢ | ᠠᠰᠠᠭᠤᠳᠠᠯ ᠢ ᠪᠦᠳᠦᠮᠵᠢᠲᠠᠢ ᠰᠢᠢᠳᠪᠤᠷᠢᠯᠡᠨ᠎ᠡ᠃ | ᠡᠵᠡᠨ᠎ᠡ ᠴᠠᠬᠢᠯᠭᠠᠨ ᠬᠠᠩᠭᠠᠬᠤ ᠺᠤᠮᠫᠠᠨᠢ ᠶᠢᠨ ᠲᠡᠳ᠋ ᠲᠠᠭᠠᠭᠠᠮᠠᠯ ᠶᠠᠩ ᠰᠢᠤᠸᠠᠢ ᠯᠢᠨ᠄ ︽ᠲᠤᠰ ᠲᠦᠷᠦᠯ | ᠵᠦᠢᠯ ᠤᠨ ᠪᠠᠷᠢᠯᠭ᠎ᠠ ᠶᠢᠨ ᠠᠵᠢᠯ ᠤᠳᠤ ᠶᠠᠭ ᠬᠠᠪᠳᠠᠰᠤᠨ ᠤ ᠰᠠᠭᠤᠷᠢ ᠶᠢ ᠨᠡᠶᠢᠯᠡᠬᠦᠯᠵᠤ ᠴᠢᠳᠬᠤᠬᠤ ᠠᠵᠢᠯ ᠶᠢ | ᠬᠢᠵᠤ᠂ ᠰᠠᠷ᠎ᠠ ᠶᠢᠨ ᠰᠡᠭᠦᠯᠴᠢ ᠪᠠᠷ ᠰᠢᠷᠦᠢ ᠶᠢᠨ ᠪᠠᠷᠢᠯᠭ᠎ᠠ ᠶᠢᠨ ᠠᠵᠢᠯ ᠢ ᠪᠡᠶᠡᠯᠡᠬᠦᠯᠦᠨ᠂ 12 ᠳ᠋ᠤᠭᠠᠷ ᠰᠠᠷ᠎ᠠ ᠶᠢᠨ | 15 ᠳᠤ ᠴᠠᠬᠢᠯᠭᠠᠨ ᠤᠭᠰᠠᠷᠠᠬᠤ ᠠᠵᠢᠯ ᠢ ᠪᠡᠶᠡᠯᠡᠬᠦᠯᠵᠤ᠂ 12 ᠳ᠋ᠤᠭᠠᠷ ᠰᠠᠷ᠎ᠠ ᠶᠢᠨ 25 ᠳᠤ ᠴᠠᠬᠢᠯᠭᠠᠨ | ᠨᠡᠪᠳᠡᠷᠡᠬᠦᠯᠬᠦ ᠲᠤᠷᠰᠢᠯᠳᠠ ᠶᠢ ᠲᠠᠭᠤᠰᠬᠠᠨ᠎ᠠ︾ ᠭᠡᠪᠡ᠃ | ᠠᠯᠠᠱᠠ ᠶᠢᠨ ᠴᠠᠬᠢᠯᠭᠠᠨ ᠬᠠᠩᠭᠠᠬᠤ ᠺᠤᠮᠫᠠᠨᠢ ᠶᠢᠨ ᠡᠵᠡᠨ᠎ᠡ ᠶᠢᠨ ᠴᠠᠬᠢᠯᠭᠠᠨ ᠬᠠᠩᠭᠠᠬᠤ ᠬᠤᠪᠢᠶᠠᠷᠢ ᠺᠤᠮᠫᠠᠨᠢ | ︽ᠴᠠᠬᠢᠯᠭᠠᠨ ᠡᠭᠦᠰᠭᠡᠭᠦᠷ᠂ ᠴᠠᠬᠢᠯᠭᠠᠨ ᠲᠤᠤᠷ᠂ ᠠᠴᠢᠶ᠎ᠠ᠂ ᠡᠨᠧᠷᠬᠢ ᠬᠠᠳᠠᠭᠠᠯᠠᠬᠤ︾ ᠶᠢ ᠨᠢᠭᠡ | ᠴᠤᠭᠴᠠᠵᠢᠭᠤᠯᠤᠭᠰᠠᠨ ᠪᠢᠴᠢᠯ ᠴᠠᠬᠢᠯᠭᠠᠨ ᠲᠤᠤᠷ ᠤᠨ ᠵᠢᠱᠢᠶ᠎ᠡ ᠦᠵᠡᠬᠦᠯᠬᠦ ᠲᠦᠷᠦᠯ ᠵᠦᠢᠯ ᠤᠨ ᠦᠮᠴᠢᠳᠡᠨ ᠤ | ᠨᠢᠭᠡᠴᠡ ᠪᠤᠯᠤᠭᠰᠠᠨ ᠤ ᠬᠤᠪᠢ ᠳᠤ᠂ 9 ᠳ᠋ᠦ᠋ᠭᠡᠷ ᠰᠠᠷ᠎ᠠ ᠶᠢᠨ ᠡᠬᠢ ᠪᠠᠷ ᠠᠵᠢᠯ ᠢᠶᠠᠨ ᠡᠬᠢᠯᠡᠬᠦᠯᠦᠭᠰᠡᠨ ᠠᠴᠠ ᠨᠠᠰᠢ᠂ | ᠬᠠᠷᠢᠶᠠᠳᠤ ᠭᠠᠵᠠᠷ ᠤᠨ ᠬᠠᠷᠢᠭᠤᠴᠠᠯᠭ᠎ᠠ ᠪᠠᠨ ᠭᠥᠢᠴᠡᠳᠬᠡᠵᠤ᠂ 8 ᠪᠠᠷᠢᠯᠭ᠎ᠠ ᠶᠢᠨ ᠮᠠᠰᠢᠨ᠂ 102 ᠲᠤᠨ | ᠮᠠᠲ᠋ᠧᠷᠢᠶᠠᠯ᠂ 60 ᠭᠠᠷᠦᠢ ᠬᠦᠮᠦᠨ ᠤᠳᠠᠭ᠎ᠠ ᠶᠢᠨ ᠪᠠᠷᠢᠯᠭ᠎ᠠ ᠶᠢᠨ ᠠᠵᠢᠯ ᠢ ᠵᠤᠬᠢᠴᠠᠭᠤᠯᠤᠨ᠂ ᠪᠠᠷᠢᠯᠭ᠎ᠠ ᠶᠢᠨ | ᠡᠷᠴᠢᠮᠳᠠᠢ ᠶᠠᠪᠤᠭᠳᠠᠬᠤ ᠶᠢ ᠪᠠᠳᠤᠯᠠᠭᠰᠠᠨ ᠪᠠᠶᠢᠨ᠎ᠠ᠃ | ᠡᠵᠡᠨ᠎ᠡ ᠴᠠᠬᠢᠯᠭᠠᠨ ᠬᠠᠩᠭᠠᠬᠤ ᠺᠤᠮᠫᠠᠨᠢ ᠶᠢᠨ ᠲᠡᠳ᠋ ᠲᠠᠭᠠᠭᠠᠮᠠᠯ ᠶᠠᠩ ᠰᠢᠤᠸᠠᠢ ᠯᠢᠨ᠄ ︽ᠲᠥᠷᠥᠯ ᠵᠦᠢᠯ ᠢ | ᠲᠦᠯᠬᠢᠨ ᠠᠬᠢᠭᠤᠯᠬᠤ ᠶᠢᠨ ᠲᠥᠯᠥᠭᠡ᠂ ᠪᠢᠳᠡ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠢᠳᠡᠬᠦᠮᠵᠢᠯᠡᠬᠦ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠶᠢᠨ ᠵᠣᠷᠢᠯᠭ᠎ᠠ ᠪᠣᠯ ᠳᠠᠷᠤᠢ ︽ᠲᠦᠷᠭᠡᠨ | ᠪᠦᠲᠦᠭᠡᠨ ᠪᠠᠶᠢᠭᠤᠯᠵᠤ᠂ ᠡᠷᠲᠡ ᠨᠢᠭᠡ ᠡᠳᠤᠷ ᠦᠷ᠎ᠡ ᠪᠦᠲᠦᠮᠵᠢ ᠣᠯᠬᠤ︾ ᠶᠢ ᠪᠡᠶᠡᠯᠡᠭᠦᠯᠬᠦ ᠶᠢᠨ ᠲᠥᠯᠥᠭᠡ ᠶᠤᠮ᠃ | ᠡᠨᠠᠬᠦ ᠲᠦᠷᠦᠯ ᠵᠦᠢᠯ ᠢ ᠪᠠᠶᠢᠭᠤᠯᠤᠭᠰᠠᠨ ᠤ ᠲᠠᠷᠠᠭ᠎ᠠ᠂ ᠳᠠᠯᠠᠶᠢᠬᠥ᠋ᠪ ᠪᠠᠯᠭᠠᠰᠣᠨ ᠤ ᠤᠯᠠᠨ ᠴᠠᠬᠢᠯᠭᠠᠨ | ᠡᠭᠦᠰᠬᠡᠭᠴᠢ ᠪᠠᠷ ᠴᠠᠬᠢᠯᠭᠠᠨ ᠬᠠᠩᠭᠠᠬᠤ ᠵᠠᠭᠪᠤᠷ ᠢ ᠪᠡᠶᠡᠯᠡᠭᠦᠯᠵᠦ᠂ ᠴᠠᠬᠢᠯᠭᠠᠨ ᠬᠠᠩᠭᠠᠯᠭ᠎ᠠ ᠶᠢᠨ ᠨᠠᠶᠢᠳᠠᠪᠤᠷᠢᠲᠤ | ᠴᠢᠨᠠᠷ ᠢ ᠶᠡᠬᠡᠪᠡᠷ ᠳᠡᠭᠡᠭᠰᠢᠯᠡᠬᠦᠯᠬᠦ ᠪᠣᠯᠣᠨ᠎ᠠ︾ ᠭᠡᠪᠡ᠃ |