ᠮᠠᠨ ᠤ ᠬᠤᠰᠢᠭᠤᠨ ᠤ ᠡᠯ᠎ᠡ ᠰᠤᠷᠭᠠᠭᠤᠯᠢ ᠬᠢᠴᠢᠶᠡᠯ ᠰᠤᠷᠤᠯᠭ᠎ᠠ ᠪᠠᠨ ᠡᠮᠬᠢ ᠵᠢᠷᠤᠮ ᠲᠠᠢ ᠪᠠᠷ ᠰᠡᠷᠭᠦᠭᠡᠨ᠎ᠡ
ᠨᠡᠶᠢᠲᠡᠯᠡᠭᠰᠡᠨ ᠴᠠᠭ᠄
2022/11/28
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠳᠠᠢ ᠰᠠᠶᠢᠲᠦᠷ ᠬᠢᠵᠦ᠂ ᠬᠢᠴᠢᠶᠡᠯ ᠰᠤᠷᠤᠯᠭ᠎ᠠ ᠪᠠᠨ ᠰᠡᠷᠭᠦᠭᠡᠭᠦ ᠶᠢ ᠡᠮᠬᠢ ᠵᠢᠷᠤᠮ ᠲᠠᠢ ᠪᠠᠷ ᠶᠠᠪᠤᠭᠳᠠᠭᠤᠯᠬᠤ ᠶᠢ ᠪᠠᠳᠤᠯᠠᠬᠤ ᠶᠢᠨ ᠲᠤᠰᠠᠳᠠ᠂ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠲᠦᠪ ᠤᠨ ᠱᠠᠭᠠᠷᠳᠠᠯᠭ᠎ᠠ ᠪᠠ ᠬᠤᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶᠠᠨ ᠤ ᠠᠵᠢᠯ ᠤᠨ ᠲᠤᠬᠢᠷᠠᠭᠤᠯᠤᠯᠲᠠ ᠶᠢ ᠦᠨᠳᠤᠰᠤᠯᠡᠨ᠂  ᠪᠠᠶᠢᠴᠠᠭᠠᠯᠲᠠ ᠳᠤ ᠬᠢᠷᠢ ᠲᠡᠩᠴᠡᠭᠰᠡᠨ ᠤᠷᠢᠳᠠᠯ ᠳᠤᠤᠷ᠎ᠠ᠂ ᠬᠤᠰᠢᠭᠤᠨ ᠤ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠨᠢ 11 ᠳ᠋ᠦ᠋ᠭᠡᠷ ᠰᠠᠷ᠎ᠠ ᠶᠢᠨ 24᠎ ᠤ ᠡᠳᠦᠷ ᠬᠢᠴᠢᠶᠡᠯ ᠢᠶᠠᠨ ᠰᠡᠷᠭᠦᠭᠡᠵᠤ᠂ ᠪᠤᠰᠤᠳ ᠰᠤᠷᠭᠠᠭᠤᠯᠢ ᠨᠢ 11 ᠳ᠋ᠦ᠋ᠭᠡᠷ ᠰᠠᠷ᠎ᠠ ᠶᠢᠨ 28᠎ ᠤ ᠡᠳᠦᠷ ᠠᠴᠠ ᠬᠢᠴᠢᠶᠡᠯ ᠎ ᠢᠶᠠᠨ ᠰᠡᠷᠭᠦᠭᠡᠬᠦ ᠪᠤᠯᠤᠨ᠎ᠠ᠃      ᠤᠳᠤᠬᠠᠨ ᠳᠤ᠂ ᠮᠠᠨ ᠤ ᠬᠤᠰᠢᠭᠤᠨ ᠤ ᠡᠯ᠎ᠡ ᠰᠤᠷᠭᠠᠭᠤᠯᠢ ᠤᠯᠠᠨ ᠨᠡᠶᠢᠲᠡ ᠶᠢᠨ ᠲᠠᠯᠪᠤᠷ ᠲᠤ ᠠᠷᠢᠭᠤᠳᠬᠠᠯ ᠬᠢᠵᠦ᠂ ᠰᠤᠷᠭᠠᠭᠤᠯᠢ ᠶᠢᠨ ᠬᠦᠷᠢᠶᠡᠨ ᠤ ᠲᠤᠳᠤᠨ᠎ᠠ ᠭᠠᠳᠠᠨᠠᠬᠢ ᠤᠷᠴᠢᠨ ᠲᠤᠭᠤᠷᠢᠨ ᠢ ᠪᠦᠬᠦ       ᠲᠠᠯ᠎ᠠ ᠪᠠᠷ ᠴᠡᠪᠡᠷᠯᠡᠬᠦ ᠶᠢᠨ ᠬᠠᠮᠲᠤ ᠬᠢᠵᠢᠭ ᠢ ᠰᠡᠷᠭᠡᠶᠢᠯᠡᠬᠦ ᠡᠳ᠋ ᠪᠤᠳᠠᠰ ᠤᠨ ᠨᠦᠭᠡᠴᠡ᠂ ᠤᠷᠤᠵᠤ ᠭᠠᠷᠬᠤ ᠳᠠᠩᠰᠠᠯᠠᠯᠲᠠ ᠶᠢᠨ ᠳᠦᠷᠢᠮ ᠪᠠ ᠪᠡᠶ᠎ᠡ ᠶᠢᠨ ᠬᠠᠯᠠᠭᠤᠨ ᠢ ᠬᠡᠮᠵᠢᠬᠦ᠂ ᠠᠷᠢᠭᠤᠳᠬᠠᠯ ᠤᠨ ᠲᠡᠮᠳᠡᠭᠯᠡᠯ ᠵᠡᠷᠭᠡ ᠠᠵᠢᠯ ᠢ ᠰᠠᠶᠢᠲᠦᠷ ᠬᠢᠵᠡᠢ᠃ ᠮᠦᠨᠴᠤ ᠬᠢᠴᠢᠶᠡᠯ ᠰᠤᠷᠤᠯᠭ᠎ᠠ ᠰᠡᠷᠭᠦᠭᠡᠭᠰᠡᠨ ᠤ ᠳᠠᠷᠠᠭ᠎ᠠ᠂ ᠡᠯ᠎ᠡ ᠰᠤᠷᠭᠠᠭᠤᠯᠢ ᠴᠦ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠬᠦᠶᠢᠴᠡ ᠰᠠᠶᠢᠲᠦᠷ ᠬᠢᠵᠦ᠂ ᠠᠶᠢᠮᠠᠭ᠂ ᠬᠤᠰᠢᠭᠤᠨ ᠤ ᠬᠠᠮᠢᠶ᠎ᠠ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ       ᠵᠢᠷᠤᠮᠯᠠᠨ᠂ ᠡᠮᠬᠢ ᠵᠢᠷᠤᠮ ᠤᠨ ᠬᠠᠮᠠᠭᠠᠯᠠᠯᠲᠠ ᠪᠠᠨ ᠴᠢᠩᠭᠠᠳᠬᠠᠵᠤ᠂ ᠪᠦᠭᠡᠮᠨᠡᠷᠡᠬᠦ ᠠᠴᠠ ᠵᠠᠶᠢᠯᠠᠰᠬᠢᠨ᠂  ᠬᠠᠯᠳᠠᠪᠤᠷᠢᠯᠠᠬᠤ ᠲᠦᠭᠰᠢᠬᠦᠷᠢ ᠶᠢ ᠪᠠᠭᠠᠰᠬᠠᠵᠤ᠂ ᠰᠤᠷᠭᠠᠭᠤᠯᠢ ᠶᠢᠨ ᠬᠢᠴᠢᠶᠡᠯ ᠰᠤᠷᠤᠯᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃      ᠬᠤᠰᠢᠭᠤᠨ ᠤ ᠳᠤᠮᠳᠠᠳᠤ ᠰᠤᠷᠭᠠᠭᠤᠯᠢ ᠶᠢᠨ ᠵᠠᠬᠢᠷᠤᠯ ᠭᠥᠸᠧ ᠲᠢᠶᠧ᠄ ︽ᠪᠢᠳᠠ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠤ᠂ ᠰᠤᠷᠭᠠᠭᠤᠯᠢ ᠳᠤ ᠢᠷᠡᠵᠦ ᠬᠢᠴᠢᠶᠡᠯᠯᠡᠵᠦ ᠴᠢᠳᠠᠬᠤ ᠦᠭᠡᠢ ᠰᠤᠷᠤᠭᠴᠢᠳ ᠲᠤ ᠰᠦᠯᠵᠢᠶᠡᠨ ᠲᠡᠭᠡᠷ᠎ᠡ ᠬᠢᠴᠢᠶᠡᠯᠡᠯᠬᠦ ᠢ ᠲᠤᠬᠢᠷᠠᠭᠤᠯᠵᠤ᠂ ᠬᠢᠴᠢᠶᠡᠯ ᠬᠤᠴᠤᠷᠠᠬᠤ ᠦᠭᠡᠢ ᠪᠠᠷ ᠬᠠᠮᠲᠤ ᠳᠠᠭᠠᠨ       ᠬᠢᠴᠢᠶᠡᠯ ᠤᠨ ᠵᠢᠭᠠᠨ ᠰᠤᠷᠭᠠᠬᠤ ᠡᠭᠦᠷᠭᠡ ᠪᠠᠨ ᠪᠡᠶᠡᠯᠡᠭᠦᠯᠬᠦ ᠶᠢ ᠪᠠᠳᠤᠯᠠᠵᠤ ᠪᠤᠢ᠃ ᠡᠭᠦᠨ ᠤ ᠬᠠᠮᠲᠤ᠂ ᠪᠢᠳᠠ ᠪᠠᠰᠠ ᠲᠤᠰᠬᠠᠢ ᠠᠷᠢᠭᠤᠳᠬᠠᠯ ᠤᠨ ᠠᠩᠭᠢ ᠶᠢ ᠤᠷᠢᠨ ᠰᠤᠷᠭᠠᠭᠤᠯᠢ ᠳᠤ ᠬᠤᠶᠠᠷ ᠤᠳᠠᠭᠠᠨ ᠤ ᠠᠷᠢᠭᠤᠳᠬᠠᠯ ᠢ ᠬᠢᠵᠦ᠂ ᠠᠯᠳᠠᠰᠢ ᠭᠠᠷᠬᠤ ᠦᠭᠡᠢ ᠪᠠᠶᠢᠬᠤ ᠶᠢ ᠪᠠᠳᠤᠯᠠᠵᠡᠢ︾ ᠭᠡᠪᠡ᠃      11 ᠳ᠋ᠦ᠋ᠭᠡᠷ ᠰᠠᠷ᠎ᠠ ᠶᠢᠨ 23—25᠎ ᠤ ᠡᠳᠦᠷ᠂ ᠬᠤᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠎ ᠶᠢᠨ ᠵᠦᠪᠯᠡᠯ᠂ ᠳᠤᠲᠤᠭᠠᠳᠤ ᠶᠢ ᠬᠠᠮᠠᠭᠠᠯᠠᠬᠤ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠤᠯᠪᠤᠭᠠᠯᠠᠨ ᠦᠨᠡᠯᠡᠨ ᠵᠢᠱᠢᠬᠦ ᠳᠤᠭᠤᠶᠢᠯᠠᠩ ᠪᠠᠶᠢᠭᠤᠯᠵᠤ᠂ ᠰᠤᠷᠭᠠᠭᠤᠯᠢ ᠶᠢᠨ ᠬᠠᠮᠢᠶ᠎ᠠ ᠪᠦᠬᠦᠢ ᠳᠦᠷᠢᠮ ᠲᠤᠭᠲᠠᠭᠠᠯ ᠠᠷᠭ᠎ᠠ ᠬᠡᠮᠵᠢᠶ᠎ᠡ ᠶᠢᠨ ᠠᠵᠢᠯ ᠢ ᠬᠡᠷᠡᠭᠵᠢᠭᠦᠯᠦᠭᠰᠡᠨ ᠪᠠᠶᠢᠳᠠᠯ ᠳᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ᠂ ᠡᠯ᠎ᠡ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠭᠤᠯᠢ ᠶᠢᠨ ᠬᠦᠷᠢᠶᠡᠨ ᠤ ᠠᠮᠦᠷ ᠲᠦᠪᠰᠢᠨ ᠵᠡᠷᠭᠡ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢ ᠪᠠᠲᠤᠯᠠᠨ᠎ᠠ᠃ ᠮᠦᠨᠴᠤ ᠰᠤᠷᠤᠭᠴᠢᠳ ᠤᠨ ᠡᠷᠡᠭᠦᠯ       ᠮᠡᠨᠳᠦ ᠶᠢ ᠪᠠᠲᠤᠯᠠᠭᠰᠠᠨ ᠤᠷᠢᠳᠠᠯ ᠳᠤᠤᠷ᠎ᠠ᠂ ᠰᠤᠷᠭᠠᠭᠤᠯᠢ ᠶᠢᠨ ᠬᠢᠴᠢᠶᠡᠯ ᠰᠤᠷᠤᠯᠴᠠᠯᠭ᠎ᠠ ᠶᠢᠨ ᠵᠢᠭᠠᠨ ᠰᠤᠷᠭᠠᠯᠳᠠ ᠪᠠ ᠰᠦᠯᠵᠢᠶᠡᠨ ᠲᠡᠭᠡᠷᠡᠬᠢ ᠬᠢᠴᠢᠶᠡᠯ ᠤᠨ ᠵᠤᠯᠭᠠᠯᠴᠠᠯ ᠢ ᠰᠠᠶᠢᠲᠦᠷ ᠬᠢᠵᠦ᠂  ᠵᠢᠭᠠᠨ ᠰᠤᠷᠭᠠᠯᠲᠠ ᠶᠢᠨ ᠠᠬᠢᠴᠠ ᠎ ᠲᠠᠢ ᠮᠦᠷᠲᠡᠭᠡᠨ ᠶᠠᠰᠤ ᠴᠢᠨᠠᠷ ᠲᠠᠢ ᠪᠠᠶᠢᠬᠤ ᠶᠢ ᠦᠨᠡᠨᠬᠦ ᠪᠠᠲᠤᠯᠠᠵᠤ ᠪᠠᠶᠢᠨ᠎ᠠ ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号