11 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠠᠶᠢᠮᠠᠭ ᠤᠨ ᠳᠠᠷᠤᠭ᠎ᠠ ᠯᠢ ᠵᠦᠩ ᠽᠧᠩ ᠮᠠᠨ ᠤ ᠬᠤᠰᠢᠭᠤᠨ ᠤ ᠪᠧᠢ ᠱᠠᠨ ᠠᠭᠤᠷᠬᠠᠢ ᠶᠢᠨ | ᠪᠦᠰᠡ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠳᠤ | ᠪᠠᠶᠢᠴᠠᠭᠠᠨ ᠰᠤᠳᠤᠯᠤᠯᠲᠠ ᠬᠢᠵᠦ᠂ ᠬᠤᠰᠢᠭᠤ ᠤᠳᠤᠷᠢᠳᠤᠯᠭ᠎ᠠ ᠸᠠᠩ ᠯᠢ ᠵᠢᠶᠦ᠋ᠨ᠂ ᠪᠦᠬᠡ᠂ ᠸᠠᠩ ᠶᠦᠩ ᠪᠢᠨ | ᠪᠠᠶᠢᠴᠠᠭᠠᠨ ᠰᠤᠳᠤᠯᠤᠯᠲᠠ ᠳᠤ ᠤᠷᠤᠯᠴᠠᠪᠠ᠃ | ᠵᠠᠭ ᠤᠨ ᠬᠤᠳᠳᠤᠭ ᠠᠭᠤᠷᠬᠠᠢ ᠶᠢᠨ ᠤᠷᠤᠨ ᠤ ᠴᠠᠭᠠᠨ ᠭᠢᠯᠲᠠᠭᠠᠨᠠᠭᠤᠷ ᠤᠨ ᠭᠠᠨᠳᠢᠭ ᠴᠢᠯᠠᠭᠤᠯᠭ ᠤᠨ | ᠬᠦᠳᠡᠷ ᠤᠨ ᠠᠭᠤᠷᠬᠠᠢ ᠳᠤ᠂ ᠯᠢ ᠵᠦᠩ ᠽᠧᠩ ᠠᠭᠤᠷᠬᠠᠢ ᠶᠢᠨ ᠬᠦᠳᠡᠷ ᠤᠨ ᠦᠯᠢᠭᠡᠷ ᠶᠠᠩᠵᠤ ᠶᠢ ᠨᠠᠷᠢᠨ | ᠪᠠᠶᠢᠴᠠᠭᠠᠨ ᠦᠵᠡᠬᠦ ᠶᠢᠨ ᠬᠠᠮᠲᠤ᠂ ᠠᠭᠤᠷᠬᠠᠢ ᠶᠢᠨ ᠨᠦᠬᠡᠴᠡ ᠶᠢᠨ ᠬᠡᠮᠵᠢᠶ᠎ᠡ᠂ ᠠᠭᠤᠷᠬᠠᠢ ᠶᠢᠨ ᠡᠷᠬᠡ ᠶᠢᠨ | ᠬᠡᠪᠴᠢᠶ᠎ᠡ᠂ ᠬᠠᠶᠢᠬᠤ ᠰᠢᠯᠵᠢᠬᠦᠯᠬᠦ ᠮᠠᠯᠲᠠᠬᠤ ᠵᠡᠷᠭᠡ ᠪᠠᠶᠢᠳᠠᠯ ᠢ ᠨᠠᠷᠢᠨ ᠤᠶᠢᠯᠠᠭᠠᠨ ᠵᠢᠭᠠᠵᠤ ᠭᠠᠷᠭᠠᠬᠤ ᠳᠠᠭᠠᠨ᠂ | ᠪᠧᠢ ᠱᠠᠨ ᠠᠭᠤᠷᠬᠠᠢ ᠶᠢᠨ ᠤᠷᠤᠨ ᠤ ᠡᠬᠢ ᠪᠠᠶᠠᠯᠢᠭ ᠰᠠᠶᠢᠨ᠂ ᠨᠡᠭᠡᠭᠡᠨ ᠬᠥᠭᠵᠢᠭᠦᠯᠬᠦ ᠳᠠᠯᠳᠠ ᠬᠦᠴᠦᠨ ᠶᠡᠭᠡ | ᠪᠠᠶᠢᠨ᠎ᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠠᠭᠤᠷᠬᠠᠢ ᠡᠷᠢᠬᠦ᠂ ᠡᠬᠢ ᠪᠠᠶᠠᠯᠢᠭ ᠢ ᠨᠠᠷᠢᠨ ᠪᠠᠶᠢᠴᠠᠭᠠᠬᠤ᠂ ᠨᠡᠭᠡᠭᠡᠨ ᠠᠰᠢᠭᠯᠠᠬᠤ ᠵᠡᠷᠭᠡ ᠠᠵᠢᠯ ᠢ ᠰᠠᠶᠢᠲᠤᠷ ᠬᠢᠬᠦ | ᠬᠡᠷᠡᠭᠲᠡᠢ᠃ ᠡᠬᠢ ᠪᠠᠶᠠᠯᠢᠭ ᠢ ᠨᠠᠨᠳᠢᠩᠨᠠᠨ᠂ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠵᠦ᠂ ᠠᠪᠤᠨ ᠳᠣᠣᠷ᠎ᠠ ᠪᠠᠨ | ᠠᠰᠢᠭ ᠤᠯᠬᠤ ᠶᠢ ᠬᠥᠭᠡᠭᠡᠴᠡᠯᠳᠦᠬᠦ᠂ ᠡᠬᠢ ᠪᠠᠶᠠᠯᠢᠭ ᠢ ᠪᠦᠷᠢᠯᠭᠡᠬᠦ ᠶᠢ ᠰᠡᠷᠭᠡᠶᠢᠯᠡᠬᠦ ᠬᠡᠷᠡᠭᠲᠡᠢ᠃ ᠳᠡᠭᠡᠳᠦ | ᠳᠡᠰ ᠤᠨ᠂ ᠨᠡᠷᠡᠳᠤ ᠳᠡᠮᠳᠡᠭ ᠢ ᠪᠤᠢ ᠪᠣᠯᠭᠠᠵᠤ᠂ ᠡᠬᠢ ᠪᠠᠶᠠᠯᠢᠭ ᠤᠨ ᠦᠷ᠎ᠡ ᠠᠰᠢᠭ ᠢ ᠬᠠᠮᠤᠭ ᠤᠨ ᠶᠡᠭᠡ | ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠪᠠᠷ | ᠬᠥᠭᠵᠢᠭᠦᠯᠬᠦ ᠶᠢ ᠪᠠᠷᠢᠮᠲᠠᠯᠠᠵᠤ᠂ ᠪᠣᠬᠢᠷᠲᠤᠯ ᠦᠭᠡᠢ ᠠᠭᠤᠷᠬᠠᠢ ᠶᠢ ᠪᠦᠳᠦᠬᠡᠨ ᠪᠠᠶᠢᠭᠤᠯᠵᠤ᠂ ᠣᠷᠴᠢᠨ | ᠲᠣᠭᠤᠷᠢᠨ ᠤ ᠵᠠᠰᠠᠯᠲᠠ ᠶᠢ ᠰᠠᠶᠢᠲᠤᠷ ᠬᠢᠵᠦ᠂ ︽ᠤᠷᠢᠳ ᠢᠶᠠᠷ ᠡᠪᠳᠡᠵᠦ᠂ ᠲᠠᠷᠠᠭ᠎ᠠ ᠨᠢ ᠵᠠᠰᠠᠬᠤ︾ ᠠᠴᠠ ᠡᠷᠡᠰ | ᠵᠠᠶᠢᠯᠠᠰᠬᠢᠬᠦ ᠬᠡᠷᠡᠭᠲᠡᠢ᠃ | ᠶᠤᠸᠠᠨ ᠲᠦᠩ ᠠᠭᠤᠷᠬᠠᠢ ᠶᠢᠨ ᠦᠢᠯᠡᠰ ᠤᠨ ᠯᠣᠣ ᠳ᠋ᠦᠩ ᠭᠸᠤ ᠶᠢᠨ ᠠᠯᠳᠠᠨ ᠤ ᠠᠭᠤᠷᠬᠠᠢ ᠳᠤ᠂ ᠯᠢ | ᠵᠦᠩ ᠽᠧᠩ ᠬᠤᠳᠳᠤᠭ ᠤᠨ ᠠᠮᠠᠰᠠᠷ ᠲᠤ ᠣᠷᠣᠵᠤ ᠠᠦ᠋ᠲ᠋ᠣᠴᠢᠯᠠᠭᠰᠠᠨ ᠬᠢᠨᠠᠨ ᠡᠵᠡᠮᠳᠡᠬᠦ ᠰᠢᠰᠲ᠋ᠧᠮ ᠢ ᠪᠠᠶᠢᠴᠠᠭᠠᠨ | ᠦᠵᠡᠵᠦ᠂ ᠬᠤᠳᠳᠤᠭ ᠳᠣᠣᠷᠠᠬᠢ ᠪᠠᠷᠢᠯᠭ᠎ᠠ ᠶᠢᠨ ᠠᠵᠢᠯ ᠤᠨ ᠪᠠᠶᠢᠳᠠᠯ ᠢ ᠣᠶᠢᠯᠠᠭᠠᠪᠠ᠃ ᠲᠡᠷᠡ ᠴᠢᠬᠤᠯᠠᠴᠢᠯᠠᠬᠤ | ᠳᠠᠭᠠᠨ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ ᠨᠢᠭᠲᠠ ᠴᠢᠩᠭ᠎ᠠ ᠬᠢᠨᠠᠨ ᠬᠠᠮᠢᠶᠠᠷᠴᠤ᠂ ᠠᠭᠤᠷᠬᠠᠢ ᠮᠠᠯᠲᠠᠬᠤ | ᠪᠠᠷᠢᠯᠭ᠎ᠠ ᠶᠢᠨ ᠠᠵᠢᠯ ᠢ ᠨᠢᠮᠪᠠᠢ ᠵᠣᠬᠢᠶᠠᠨ ᠪᠠᠶᠢᠭᠤᠯᠵᠤ᠂ ᠠᠮᠢ ᠠᠬᠤᠢ ᠶᠢᠨ ᠰᠡᠷᠡᠮᠵᠢ ᠶᠢᠨ ᠱᠤᠭᠤᠮ᠂ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ | ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠲᠦᠭᠵᠢᠷᠡᠯ ᠬᠦᠴᠢᠷ ᠠᠰᠠᠭᠤᠳᠠᠯ ᠢ | ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ᠃ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠠ ᠡᠵᠡᠨ᠎ᠡ ᠬᠤᠰᠢᠭᠤᠨ ᠤ ᠭᠤᠤᠯ ᠬᠠᠷᠢᠭᠤᠴᠠᠯᠭᠠᠲᠠᠨ ᠨᠠᠷ ᠪᠠᠶᠢᠴᠠᠭᠠᠯᠲᠠ ᠳᠤ ᠣᠷᠣᠯᠴᠠᠪᠠ᠃ |