ᠮᠠᠨ ᠤ ᠬᠤᠰᠢᠭᠤ 2022 ᠤᠨ ᠤ ᠬᠠᠭᠤᠴᠢᠨ ᠲᠤᠭᠤᠷᠢᠭ ᠤᠨ ᠥᠭᠡᠷᠡᠴᠢᠯᠡᠯᠲᠡ ᠶᠢᠨ ᠲᠦᠷᠦᠯ ᠵᠦᠢᠯ ᠎ ᠤᠨ ᠠᠵᠢᠯ ᠢᠶᠠᠨ ᠠᠮᠵᠢᠯᠲᠠᠳᠠᠢ ᠳᠠᠭᠤᠰᠬᠠᠪᠠ
ᠨᠡᠶᠢᠲᠡᠯᠡᠭᠰᠡᠨ ᠴᠠᠭ᠄
2022/11/3
      ᠤᠶᠢᠷ᠎ᠠ ᠶᠢᠨ ᠡᠳᠦᠷ᠂ ᠮᠠᠨ ᠤ ᠬᠤᠰᠢᠭᠤ 2022 ᠤᠨ ᠤ ᠬᠠᠭᠤᠴᠢᠨ ᠲᠤᠭᠤᠷᠢᠭ ᠤᠨ       ᠥᠭᠡᠷᠡᠴᠢᠯᠡᠯᠲᠡ ᠶᠢᠨ ᠲᠦᠷᠦᠯ ᠵᠦᠢᠯ ᠤᠨ ᠦᠷᠭᠡᠳᠭᠡᠬᠦ ᠪᠤᠶᠤ ᠳᠠᠬᠢᠨ ᠪᠠᠶᠢᠭᠤᠯᠬᠤ ᠦᠭᠡᠷᠡᠴᠢᠯᠡᠯᠲᠡ ᠶᠢᠨ ᠢᠨᠵᠧᠨ᠋ᠷᠢᠩ ᠤᠨ ᠠᠵᠢᠯ ᠢᠶᠠᠨ ᠠᠮᠵᠢᠯᠲᠠᠳᠠᠢ ᠳᠠᠭᠤᠰᠬᠠᠬᠭᠰᠠᠨ ᠪᠠᠶᠢᠨ᠎ᠠ᠃      ᠮᠠᠨ ᠤ ᠬᠤᠰᠢᠭᠤᠨ ᠤ 2022 ᠤᠨ ᠤ ᠬᠠᠭᠤᠴᠢᠨ ᠲᠤᠭᠤᠷᠢᠭ ᠤᠨ ᠥᠭᠡᠷᠡᠴᠢᠯᠡᠯᠲᠡ ᠶᠢᠨ ᠲᠦᠷᠦᠯ ᠵᠦᠢᠯ ᠤᠨ ᠦᠷᠭᠡᠳᠭᠡᠬᠦ ᠪᠤᠶᠤ ᠳᠠᠬᠢᠨ ᠪᠠᠶᠢᠭᠤᠯᠬᠤ ᠦᠭᠡᠷᠡᠴᠢᠯᠡᠯᠲᠡ ᠶᠢᠨ ᠢᠨᠵᠧᠨ᠋ᠷᠢᠩ ᠪᠤᠯ ᠳᠠᠯᠠᠶᠢᠬᠦ᠋ᠪ       ᠪᠠᠯᠭᠠᠰᠤ ᠶᠢᠨ ᠨᠠᠷᠢᠠᠭᠤᠤᠯ ᠰᠢᠨ᠎ᠡ ᠲᠤᠭᠤᠷᠢᠭ ᠤᠨ 50 ᠭᠡᠷ ᠪᠠᠶᠢᠰᠢᠩ ᠢ ᠦᠷᠭᠡᠳᠭᠡᠬᠦ ᠪᠠ ᠳᠠᠬᠢᠨ ᠪᠠᠶᠢᠭᠤᠯᠬᠤ ᠦᠭᠡᠷᠡᠴᠢᠯᠡᠯᠲᠡ ᠳᠤ ᠴᠢᠭᠯᠡᠭᠦᠯᠦᠭᠰᠡᠨ ᠢᠢᠨᠵᠧᠨ᠋ᠷᠢᠩ ᠪᠤᠯᠤᠨ᠎ᠠ᠃ ᠭᠤᠤᠯᠳᠠᠭᠤ 6917 ᠲᠡᠭᠰᠢ ᠳᠦᠷᠪᠡᠯᠵᠢᠨ       ᠮᠧᠲᠷ ᠤᠨ ᠰᠢᠷᠤᠢ ᠶᠢᠨ ᠵᠠᠮ ᠢ ᠰᠢᠨ᠎ᠡ ᠪᠠᠷ ᠪᠤᠶᠤ ᠦᠭᠡᠷᠡᠴᠢᠯᠠᠨ ᠵᠠᠰᠠᠬᠤ᠂ 470 ᠮᠧᠲᠷ ᠤᠨ ᠬᠡᠷᠡᠮ ᠢ ᠦᠭᠡᠷᠡᠴᠢᠯᠡᠨ ᠵᠠᠰᠠᠬᠤ ᠪᠠ 3060 ᠲᠡᠭᠰᠢ ᠳᠦᠷᠪᠡᠯᠵᠢᠨ ᠮᠧᠲᠷ ᠤᠨ ᠭᠠᠳᠠᠷ ᠬᠡᠷᠡᠮ ᠤᠨ ᠨᠢᠭᠤᠷ ᠢ ᠦᠭᠡᠷᠡᠴᠢᠯᠡᠨ ᠵᠠᠰᠠᠬᠤ ᠵᠡᠷᠭᠡ ᠠᠭᠤᠯᠭ᠎ᠠ ᠶᠢ ᠬᠡᠷᠡᠭᠵᠢᠭᠦᠯᠪᠡ᠃ ᠲᠤᠰ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭ᠎ᠠ ᠨᠢ ᠨᠡᠯᠶᠡᠳ ᠤᠷᠲᠤ ᠪᠠᠶᠢᠵᠤ᠂ ᠰᠠᠭᠤᠷᠢ ᠲᠦᠬᠦᠭᠡᠷᠦᠮᠵᠢ ᠬᠠᠭᠤᠴᠢᠷᠠᠨ ᠡᠯᠡᠭᠳᠡᠭᠰᠡᠨ ᠪᠠᠶᠢᠳᠠᠯ ᠬᠦᠨᠳᠦ ᠨᠤᠴᠢᠲᠠᠢ ᠮᠦᠷᠲᠡᠭᠡᠨ ᠤᠷᠤᠰᠢᠨ ᠰᠠᠭᠤᠷᠢᠰᠢᠬᠤ ᠤᠷᠴᠢᠨ ᠨᠥᠭᠦᠴᠡᠯ ᠰᠠᠭᠤᠭᠠᠯᠢ ᠠᠷᠠᠳ ᠤᠨ ᠠᠮᠢᠳᠤᠷᠠᠯ ᠤᠨ ᠱᠠᠭᠠᠷᠳᠠᠯᠭ᠎ᠠ ᠶᠢ ᠬᠠᠩᠭᠠᠵᠤ ᠴᠢᠳᠠᠬᠤ ᠪᠠᠨ ᠪᠠᠶᠢᠭᠰᠠᠨ ᠪᠠᠶᠢᠨ᠎ᠠ᠃ ᠲᠤᠰ ᠦᠭᠡᠷᠡᠴᠢᠯᠡᠨ ᠵᠠᠰᠠᠬᠤ ᠲᠦᠷᠦᠯ ᠵᠦᠢᠯ ᠬᠡᠷᠡᠭᠵᠢᠭᠦᠯᠦᠭᠳᠡᠬᠦ ᠪᠠᠷ ᠳᠠᠮᠵᠢᠨ᠂ ᠨᠠᠷᠢᠠᠭᠤᠤᠯ ᠲᠤᠭᠤᠷᠢᠭ ᠤᠨ ᠭᠡᠷ ᠪᠠᠶᠢᠰᠢᠩ ᠤᠨ ᠰᠠᠭᠤᠷᠢ ᠲᠦᠬᠦᠭᠡᠷᠦᠮᠵᠢ ᠴᠤ᠋ ᠰᠢᠨ᠎ᠡ ᠪᠠᠷ ᠦᠭᠡᠷᠡᠴᠢᠯᠡᠭᠳᠡᠨ᠂ ᠵᠠᠮ ᠨᠢ ᠤᠯᠠᠮ ᠲᠡᠭᠰᠢ᠂ ᠠᠮᠢᠳᠤᠷᠠᠯ ᠤᠨ ᠣᠷᠴᠢᠨ ᠨᠥᠭᠦᠴᠡᠯ ᠨᠡᠩ ᠰᠠᠶᠢᠨ ᠪᠤᠯᠵᠤ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠪᠦᠬᠦ ᠤᠯᠤᠰ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠬᠤᠰᠢᠭᠤᠨ ᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ       ᠲᠤᠪᠴᠢᠶ᠎ᠠ ᠶᠢᠨ ᠳᠡᠳ᠋ ᠳᠠᠷᠤᠭ᠎ᠠ ᠸᠠᠩ ᠰᠢᠶᠦ᠋ᠩ ᠲᠣᠣ᠄ ︽ᠬᠦᠮᠦᠨ ᠢᠶᠠᠷ ᠦᠨᠳᠦᠰᠦ ᠪᠤᠯᠭᠠᠬᠤ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠷᠭᠦᠯᠵᠢᠯᠠᠨ ᠬᠦᠳᠡᠭᠡ ᠲᠤᠰᠬᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠤᠷᠤᠭᠤᠯᠤᠯᠲᠠ ᠪᠠ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠳᠬᠠᠨ᠎ᠠ᠃ ᠰᠠᠭᠤᠭᠠᠯᠢ ᠠᠷᠠᠳ ᠤᠨ ᠭᠡᠷ ᠪᠠᠶᠢᠰᠢᠩ ᠤᠨ ᠪᠤᠳᠠᠳᠤ ᠬᠦᠴᠢᠷᠳᠠᠯ ᠳᠤ ᠨᠠᠷᠢᠨ ᠪᠠᠶᠢᠴᠠᠭᠠᠨ ᠰᠤᠳᠤᠯᠤᠯᠲᠠ ᠬᠢᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨᠬᠦ ᠳᠡᠭᠡᠭᠰᠢᠯᠡᠭᠦᠯᠬᠦ ᠲᠦᠷᠦᠯ ᠵᠦᠢᠯ ᠢ ᠲᠦᠯᠦᠪᠯᠡᠨ᠂ ᠠᠷᠠᠳ ᠲᠦᠮᠡᠨ ᠤ ᠬᠦᠴᠢᠷ ᠪᠡᠷᠬᠡ ᠲᠠᠢ ᠤᠴᠢᠷ ᠢ ᠦᠨᠡᠨᠬᠦ ᠰᠠᠶᠢᠲᠦᠷ ᠰᠡᠶᠢᠳᠪᠥᠷᠢᠯᠡᠵᠤ᠂ ᠤᠯᠠᠨ ᠲᠦᠮᠡᠨ ᠤ ᠬᠦᠷᠲᠡᠭᠡᠮᠵᠢ ᠶᠢᠨ ᠲᠦᠷᠦᠭᠳᠡᠯ᠂ ᠵᠤᠯ ᠵᠢᠷᠭᠠᠯᠲᠦ ᠲᠦᠷᠦᠭᠳᠡᠯ ᠪᠠ ᠠᠮᠦᠷ ᠲᠦᠪᠰᠢᠨ ᠤ ᠲᠦᠷᠦᠭᠳᠡᠯ ᠢ ᠨᠢ ᠤᠯᠠᠮ ᠨᠡᠮᠡᠭᠳᠡᠭᠦᠯᠬᠦ ᠪᠤᠯᠤᠨ᠎ᠠ︾ ᠭᠡᠪᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号