ᠡᠯ᠎ᠡ ᠰᠤᠮᠤ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠵᠢᠨᠬᠡᠷᠡᠭ ᠡᠷᠬᠢᠯᠡᠬᠦ | ᠭᠠᠵᠠᠷ᠂ ᠬᠤᠰᠢᠭᠤᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠳᠤ᠄ | ︽ᠡᠵᠡᠨ᠎ᠡ ᠬᠤᠰᠢᠭᠤᠨ ᠤ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠲᠤᠤᠱᠯᠠᠭᠤᠯᠤᠨ ᠬᠡᠷᠡᠭᠵᠢᠭᠦᠯᠲᠦᠭᠡᠢ᠃ | ᠳᠠᠭᠠᠯᠳᠤᠭᠤᠯᠤᠯ᠄ ᠡᠵᠡᠨ᠎ᠡ ᠬᠤᠰᠢᠭᠤᠨ ᠤ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠤᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶ | 2022 ᠣᠨ ᠤ 6 ᠰᠠᠷ᠎ᠠ ᠶᠢᠨ 2 ᠤᠨ ᠡᠳᠦᠷ | | | ᠳᠠᠭᠠᠯᠳᠤᠭᠤᠯᠤᠯ᠄ | ᠡᠵᠡᠨ᠎ᠡ ᠬᠤᠰᠢᠭᠤᠨ ᠤ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶ | ᠨᠢᠭᠡᠳᠦᠭᠡᠷ ᠵᠦᠢᠯ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠡᠵᠡᠩᠨᠡᠯᠲᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠡᠵᠡᠩᠨᠡᠯᠲᠡ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠠᠶᠠᠨᠴᠢᠳ ᠪᠠ ᠡᠵᠡᠩᠨᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨᠬᠦ ᠬᠠᠮᠠᠭᠠᠯᠠᠵᠤ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠠᠵᠤ | ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠢᠭᠤᠯᠴᠢᠯᠠᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ | ᠤᠨᠲᠠᠷᠠᠭᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ︽ᠵᠢᠭᠤᠯᠴᠢᠯᠠᠯ ᠤᠨ ᠠᠷᠠᠳ ᠤᠨ ᠪᠠᠶᠢᠷᠢ ᠶᠢᠨ | ᠦᠨᠳᠦᠰᠦᠨ ᠱᠠᠭᠠᠷᠳᠠᠯᠭ᠎ᠠ ᠬᠢᠭᠡᠳ ᠦᠨᠡᠯᠡᠯᠲᠡ︾ ︽ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠠᠷᠭ᠎ᠠ︾ ︽ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ | ᠳᠦᠷᠢᠮ︾ ︽ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠦᠷᠢᠮ ᠢ | ᠬᠡᠷᠡᠭᠵᠢᠭᠦᠯᠬᠦ ᠨᠠᠷᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠢ ᠦᠨᠳᠦᠰᠦᠯᠡᠨ᠂ ᠮᠠᠨ ᠤ | ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠦᠷ ᠬᠡᠷᠡᠭᠵᠢᠭᠦᠯᠬᠦ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ | ᠬᠤᠨᠤᠭ ᠤᠨ ᠭᠠᠵᠠᠷ ᠨᠢ ᠬᠠᠤᠯᠢ ᠶᠣᠰᠣᠭᠠᠷ ᠥᠮᠴᠢᠯᠡᠵᠦ ᠪᠠᠶᠢᠭ᠎ᠠ ᠭᠡᠷ ᠪᠠᠶᠢᠰᠢᠩ ᠢᠶᠠᠷ ᠦᠨᠳᠦᠰᠦᠨ ᠭᠥᠯᠢᠶᠡᠨ | ᠠᠪᠬᠤ ᠨᠢᠭᠡᠴᠢ ᠪᠣᠯᠭᠠᠵᠤ᠂ ᠬᠤᠨᠣᠭᠯᠠᠬᠤ ᠠᠶᠠᠨᠴᠢᠳ ᠢᠶᠠᠷ ᠭᠥᠯᠢᠶᠡᠨ ᠠᠪᠬᠤ ᠡᠲᠡᠭᠡᠳ ᠢᠶᠠᠨ ᠪᠣᠯᠭᠠᠵᠤ᠂ | ᠬᠠᠮᠢᠶᠠᠷᠤᠯᠲᠠ ᠦᠢᠯᠡᠴᠢᠯᠡᠭᠡ ᠪᠠᠷ ᠭᠤᠣᠯ ᠬᠡᠯᠪᠡᠷᠢ ᠪᠣᠯᠭᠠᠭᠰᠠᠨ ᠬᠤᠳᠠ ᠬᠥᠳᠡᠭᠡ ᠶᠢᠨ ᠰᠠᠭᠤᠭᠠᠯᠢ ᠠᠷᠠᠳ ᠪᠠ ᠡᠯ᠎ᠡ | ᠦᠵᠡᠮᠵᠢ ᠶᠢᠨ ᠣᠷᠣᠨ ᠤ ᠥᠪᠡᠷ ᠤᠨ ᠭᠡᠷ ᠪᠠᠶᠢᠰᠢᠩ᠂ ᠮᠣᠩᠭᠤᠯ ᠭᠡᠷ᠂ ᠮᠣᠳᠣᠨ ᠭᠡᠷ᠂ ᠭᠡᠷ ᠲᠡᠷᠭᠡ᠂ ᠬᠢᠰᠤᠭ᠎ᠠ | ᠬᠡᠯᠪᠡᠷᠢ ᠶᠢᠨ ᠭᠡᠷ ᠵᠡᠷᠭᠡ ᠶᠢ ᠪᠠᠭᠲᠠᠭᠠᠭᠰᠠᠨ ᠵᠢᠵᠢᠭ ᠬᠡᠯᠪᠡᠷᠢ ᠶᠢᠨ ᠵᠢᠭᠤᠯᠴᠢᠯᠠᠯ ᠤᠨ ᠬᠤᠨᠣᠭᠯᠠᠬᠤ | ᠲᠥᠬᠦᠭᠡᠷᠦᠮᠵᠢ ᠶᠢ ᠵᠢᠭᠠᠵᠤ ᠪᠠᠶᠢᠨ᠎ᠠ᠃ ᠡᠭᠦᠨ ᠳᠤ ᠬᠤᠳᠠ ᠬᠥᠳᠡᠭᠡ ᠶᠢᠨ ᠰᠠᠭᠤᠭᠠᠯᠢ ᠠᠷᠠᠳ ᠪᠠ ᠡᠯ᠎ᠡ | ᠦᠵᠡᠮᠵᠢ ᠶᠢᠨ ᠣᠷᠣᠨ ᠤ ᠥᠪᠡᠷ ᠤᠨ ᠭᠡᠷ ᠪᠠᠶᠢᠰᠢᠩ᠂ ᠮᠣᠩᠭᠤᠯ ᠭᠡᠷ᠂ ᠮᠣᠳᠣᠨ ᠭᠡᠷ᠂ ᠭᠡᠷ ᠲᠡᠷᠭᠡ᠂ ᠬᠢᠰᠤᠭ᠎ᠠ | ᠬᠡᠯᠪᠡᠷᠢ ᠶᠢᠨ ᠭᠡᠷ ᠵᠡᠷᠭᠡ ᠵᠢᠴᠢ ᠬᠤᠪᠢ ᠪᠠᠷ ᠢᠶᠠᠨ ᠵᠢᠯᠤᠭᠤᠳᠤᠭᠰᠠᠨ ᠮᠠᠰᠢᠨ ᠲᠡᠷᠭᠡ ᠪᠤᠶᠤ ᠭᠡᠷ ᠲᠡᠷᠭᠡ ᠶᠢᠨ | ᠬᠤᠨᠣᠭᠯᠠᠬᠤ ᠳᠤ ᠬᠠᠩᠭᠠᠭᠰᠠᠨ ᠭᠠᠵᠠᠷ ᠪᠠᠭᠲᠠᠨ᠎ᠠ᠃ | ᠭᠤᠷᠪᠠᠳᠤᠭᠠᠷ ᠵᠦᠢᠯ ᠲᠣᠰ ᠠᠷᠭ᠎ᠠ ᠶᠢ ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠪᠠ ᠪᠠᠭᠤᠳᠠᠯᠯᠠᠬᠤ ᠭᠠᠵᠠᠷ ᠢ ᠨᠡᠭᠡᠭᠡᠨ | ᠡᠷᠭᠢᠯᠡᠬᠦ᠂ ᠡᠵᠡᠩᠨᠡᠬᠦ ᠵᠢᠴᠢ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠬᠡᠷᠡᠭᠯᠡᠨ᠎ᠡ᠃ | ᠳᠥᠷᠪᠡᠳᠦᠭᠡᠷ ᠵᠦᠢᠯ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠬᠠᠮᠢᠶᠠᠷᠤᠯᠲᠠ ᠳᠤ ︽ᠬᠠᠷᠢᠶ᠎ᠠ ᠣᠷᠣᠨ ᠠᠴᠠ ᠬᠠᠷᠢᠭᠤᠴᠠᠬᠤ᠂ ᠱᠠᠲᠤ ᠬᠤᠪᠢᠶᠠᠨ ᠬᠠᠮᠢᠶᠠᠷᠬᠤ᠂ ᠠᠵᠢᠯ | ᠲᠥᠷᠥᠯ ᠠᠴᠠ ᠥᠪᠡᠷ ᠢ ᠪᠠᠨ ᠱᠠᠭᠠᠷᠳᠠᠬᠤ᠂ ᠵᠠᠰᠠᠭ ᠵᠠᠬᠢᠷᠭᠠᠨ ᠠᠴᠠ ᠬᠢᠨᠠᠨ ᠬᠠᠮᠢᠶᠠᠷᠬᠤ︾ ᠵᠠᠷᠴᠢᠮ ᠢ | ᠬᠡᠷᠡᠭᠵᠢᠭᠦᠯᠦᠨ᠎ᠡ᠃ | ᠲᠠᠪᠤᠳᠤᠭᠠᠷ ᠵᠦᠢᠯ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠬᠠᠤᠯᠢ ᠶᠢᠨ ᠡᠷᠬᠡᠲᠡᠨ ᠨᠢ ᠡᠵᠡᠩᠨᠡᠯᠲᠡ ᠬᠠᠮᠢᠶᠠᠷᠤᠯᠲᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯ | ᠴᠣᠭᠴᠠ ᠶᠢᠨ ᠬᠠᠷᠢᠭᠤᠴᠠᠯᠭᠠᠲᠠᠨ ᠪᠣᠯᠣᠨ᠎ᠠ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠤᠨ ᠪᠠᠶᠢᠭ᠎ᠠ ᠭᠠᠵᠠᠷ ᠤᠨ ᠰᠤᠮᠤ᠂ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠠᠷᠢᠶ᠎ᠠ ᠣᠷᠣᠨ | ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ | ᠡᠭᠦᠷᠭᠡᠯᠡᠨ᠎ᠡ᠃ | ᠵᠢᠷᠭᠤᠳᠤᠭᠠᠷ ᠵᠦᠢᠯ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠡᠵᠡᠩᠨᠡᠭᠴᠢ ᠨᠢ ᠭᠡᠷ ᠪᠠᠶᠢᠰᠢᠩ ᠤᠨ ᠬᠠᠤᠯᠢ ᠶᠣᠰᠣᠨ ᠤ ᠡᠷᠬᠡ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ | ᠦᠨᠡᠮᠯᠡᠯ᠂ ᠭᠡᠷ ᠪᠠᠶᠢᠰᠢᠩ ᠬᠤᠳᠠᠯᠳᠤᠨ ᠠᠪᠬᠤ ᠭᠡᠷ᠎ᠡ᠂ ᠭᠡᠷ ᠪᠠᠶᠢᠰᠢᠩ ᠲᠦᠷᠢᠶᠡᠰᠦᠯᠡᠬᠦ ᠭᠡᠷ᠎ᠡ︶ ᠲᠠᠢ ᠪᠠᠶᠢᠬᠤ ᠶᠢᠨ | ᠬᠠᠮᠲᠤ ᠠᠶᠠᠨᠴᠢᠳ ᠢ ᠭᠥᠯᠢᠶᠡᠨ ᠠᠪᠬᠤ ᠵᠣᠬᠢᠬᠤ ᠬᠠᠲᠠᠭᠤ ᠲᠤᠨᠤᠭ ᠲᠥᠬᠦᠭᠡᠷᠦᠮᠵᠢ ᠶᠢᠨ ᠪᠡᠯᠡᠳᠬᠡᠮᠵᠢ ᠲᠠᠢ ᠪᠠᠶᠢᠬᠤ | ᠬᠡᠷᠡᠭᠲᠡᠢ᠃ ᠭᠡᠷ ᠪᠠᠶᠢᠰᠢᠩ ᠢ ᠵᠠᠰᠠᠵᠤ ᠴᠢᠮᠡᠭᠯᠡᠭᠰᠡᠨ᠂ ᠰᠠᠯᠬᠢ ᠨᠡᠪᠳᠡᠷᠡᠭᠰᠡᠨ᠂ ᠭᠡᠷᠡᠯᠲᠦᠭᠦᠯᠬᠦ ᠨᠥᠬᠦᠴᠡᠯ ᠢᠶᠠᠷ | ᠰᠠᠶᠢᠨ ᠪᠠᠶᠢᠬᠤ ᠬᠡᠷᠡᠭᠲᠡᠢ᠃ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ᠃ ᠴᠢᠬᠤᠯᠠ ᠪᠦᠬᠦᠢ ᠠᠮᠢᠳᠤᠷᠠᠯ ᠤᠨ ᠬᠡᠷᠡᠭᠰᠡᠯ᠂ ᠠᠮᠢᠳᠤᠷᠠᠯ ᠤᠨ ᠦᠢᠯᠡᠴᠢᠯᠡᠭᠡᠨ ᠤ ᠲᠥᠬᠦᠭᠡᠷᠦᠮᠵᠢ ᠪᠠ | ᠠᠷᠢᠭᠤᠳᠬᠠᠵᠤ ᠠᠷᠢᠯᠭᠠᠬᠤ ᠬᠡᠷᠡᠭᠰᠡᠯ ᠢ ᠲᠣᠬᠢᠷᠠᠭᠤᠯᠤᠭᠰᠠᠨ ᠪᠠᠶᠢᠬᠤ ᠬᠡᠷᠡᠭᠳᠡᠢ᠃ | ᠳᠣᠯᠣᠳᠤᠭᠠᠷ ᠵᠦᠢᠯ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠳᠠᠩᠰᠠᠯᠠᠯᠲᠠ ᠶᠢᠨ ᠶᠠᠪᠤᠴᠠ ᠶᠢ ᠨᠠᠶᠢᠳᠠᠨ | ᠬᠠᠷᠢᠭᠤᠴᠠᠬᠤ ᠶᠢᠨ ᠬᠠᠮᠲᠤ᠂ ᠰᠦᠯᠵᠢᠶ᠎ᠡ᠂ ᠷᠠᠳᠢᠣ᠋᠂ ᠲᠧᠯᠸᠢᠰ ᠵᠡᠷᠭᠡ ᠲᠠᠪᠴᠠᠩ ᠢᠶᠠᠷ ᠳᠠᠮᠵᠢᠭᠤᠯᠤᠨ ᠥᠷᠭᠡᠨ ᠢᠶᠠᠷ | ᠤᠬᠠᠭᠤᠯᠤᠨ᠎ᠠ᠃ | ᠨᠠᠢᠮᠠᠳᠤᠭᠠᠷ ᠵᠦᠢᠯ ᠡᠵᠡᠨ᠎ᠡ ᠬᠤᠰᠢᠭᠤᠨ ᠤ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠢ ᠡᠷᠭᠢᠯᠡᠬᠦ ᠪᠠᠷ ᠭᠤᠶᠤᠴᠢᠯᠠᠭᠰᠠᠳ ᠡᠷᠬᠡᠪᠰᠢ ᠭᠤᠷᠪᠠᠳᠠᠭᠢ ᠡᠲᠡᠭᠡᠳ ᠤᠨ ᠨᠡᠭᠡᠭᠡᠨ ᠦᠢᠯᠡᠳᠦᠭᠰᠡᠨ | ᠬᠤᠨᠤᠭ ᠤᠨ ᠭᠠᠵᠠᠷ ᠢ ᠳᠡᠩᠰᠡᠯᠡᠨ ᠲᠡᠮᠳᠡᠭᠯᠡᠬᠦ ᠲᠠᠪᠴᠠᠩ ᠳᠤ ᠡᠯᠧᠺᠲᠷᠣᠨ ᠳᠠᠩᠰᠠᠯᠠᠯᠲᠠ ᠬᠢᠬᠦ ᠬᠡᠷᠡᠭᠲᠡᠢ︔ | ᠳᠠᠩᠰᠠᠯᠠᠬᠤ ᠠᠭᠤᠯᠭ᠎ᠠ ᠳᠤ᠄ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠨᠡᠷᠡᠶᠢᠳᠦᠯ᠂ ᠬᠠᠶ᠋ᠢᠭ᠂ ᠡᠵᠡᠩᠨᠡᠯᠲᠡ ᠶᠢᠨ ᠬᠡᠪᠴᠢᠶ᠎ᠡ᠂ ᠭᠥᠯᠢᠶᠡᠨ ᠠᠪᠬᠤ ᠴᠢᠳᠠᠪᠤᠷᠢ᠂ ᠡᠵᠡᠩᠨᠡᠭᠴᠢ ᠶᠢᠨ ᠣᠪᠣᠭ | ᠨᠡᠷ᠎ᠡ ᠵᠢᠴᠢ ᠬᠠᠷᠢᠯᠴᠠᠬᠤ ᠠᠷᠭ᠎ᠠ ᠮᠠᠶ᠋ᠢᠭ ᠪᠠᠭᠲᠠᠨ᠎ᠠ᠃ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ | ᠬᠤᠨᠤᠭ ᠤᠨ ᠭᠠᠵᠠᠷ ᠤᠨ ᠪᠠᠷᠢᠯᠭ᠎ᠠ ᠶᠢᠨ ᠲᠠᠯᠠᠪᠠᠶ᠂ ᠪᠠᠷᠢᠯᠭ᠎ᠠ ᠶᠢᠨ ᠳᠠᠪᠬᠤᠷᠭ᠎ᠠ ᠶᠢᠨ ᠲᠤᠭ᠎ᠠ᠂ ᠵᠣᠴᠢᠨ ᠤ | ᠥᠷᠦᠭᠡᠨ ᠤ ᠲᠤᠭ᠎ᠠ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠪᠠᠷᠢᠯᠭ᠎ᠠ ᠶᠢᠨ | ᠡᠷᠬᠡ ᠶᠢᠨ ᠬᠠᠷᠢᠶᠠᠯᠠᠯ ᠵᠢᠴᠢ ᠲᠥᠷᠥᠯ ᠢᠯᠭᠠᠯ ᠪᠠᠭᠲᠠᠨ᠎ᠠ᠃ ᠢᠳᠡᠭᠡᠨ ᠤ ᠪᠣᠷᠤᠯᠠᠭᠤᠯᠭ᠎ᠠ᠂ ᠢᠳᠡᠭᠡᠨ ᠤᠮᠳᠠᠭᠠᠨ ᠤ | ᠦᠢᠯᠡᠴᠢᠯᠡᠭᠡ ᠬᠠᠩᠭᠠᠬᠤ ᠳᠤ ᠪᠠᠰᠠ ᠭᠤᠷᠪᠠᠳᠠᠭᠢ ᠡᠲᠡᠭᠡᠳ ᠤᠨ ᠨᠡᠭᠡᠭᠡᠨ ᠦᠢᠯᠡᠳᠦᠭᠰᠡᠨ ᠬᠤᠨᠤᠭ ᠤᠨ ᠭᠠᠵᠠᠷ ᠢ | ᠳᠠᠩᠰᠠᠯᠠᠬᠤ ᠲᠠᠪᠴᠠᠩ ᠳᠡᠭᠡᠷ᠎ᠡ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠪᠠᠷᠢᠮᠲᠠ ᠶᠢ ᠬᠠᠩᠭᠠᠬᠤ | ᠬᠡᠷᠡᠭᠲᠡᠢ᠃ ᠭᠤᠶᠤᠴᠢᠯᠠᠭᠴᠢ ᠨᠢ ᠳᠠᠩᠰᠠᠯᠠᠭᠤᠯᠤᠭᠰᠠᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ | ᠬᠠᠷᠢᠭᠤᠴᠠᠬᠤ ᠶᠢᠨ ᠬᠠᠮᠲᠤ ᠪᠠᠶᠢᠭ᠎ᠠ ᠰᠤᠮᠤ ᠪᠠᠯᠭᠠᠰᠤᠨ ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠪᠦᠷᠢᠳᠬᠡᠨ ᠳᠠᠩᠰᠠᠯᠠᠭᠰᠠᠨ ᠮᠡᠳᠡᠭᠡ ᠵᠠᠩᠭᠢ ᠶᠢ ᠵᠠᠬ᠎ᠠ ᠳᠡᠯᠭᠡᠭᠦᠷ ᠶᠢ ᠬᠢᠨᠠᠨ ᠪᠠᠶᠢᠴᠠᠭᠠᠬᠤ᠂ ᠳᠣᠲᠣᠭᠠᠳᠤ ᠶᠢ | ᠬᠠᠮᠠᠭᠠᠯᠠᠬᠤ᠂ ᠡᠷᠡᠭᠦᠯ ᠬᠠᠮᠠᠭᠠᠯᠠᠯ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ ᠠᠴᠠ ᠬᠠᠮᠲᠤᠪᠠᠷ ᠡᠳ᠋ᠯᠡᠵᠦ᠂ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠬᠦ ᠶᠢᠨ ᠬᠠᠮᠲᠤ ᠬᠠᠮᠲᠤᠷᠠᠨ ᠬᠢᠨᠠᠨ | ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠬᠤᠰᠢᠭᠤᠨ ᠤ ᠣᠷᠣᠨ ᠰᠠᠭᠤᠴᠠ ᠳᠤ ᠪᠠᠨ | ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠡᠶᠢᠭᠡᠮᠯᠢᠭ ᠠᠴᠠ ᠡᠵᠡᠨ᠎ᠡ ᠬᠤᠰᠢᠭᠤᠨ ᠤ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠢᠭᠡᠳᠦᠯᠲᠡᠢ ᠲᠡᠮᠳᠡᠭ ᠢ ᠲᠠᠷᠬᠠᠭᠠᠨ᠎ᠠ᠃ | ᠶᠢᠰᠦᠳᠦᠭᠡᠷ ᠵᠦᠢᠯ ᠬᠢᠨᠠᠨ ᠬᠠᠷᠭᠤᠭᠤᠯᠤᠭᠠᠳ ᠪᠠᠲᠤᠯᠠᠭᠰᠠᠨ ᠤ ᠳᠠᠷᠠᠭ᠎ᠠ ᠬᠤᠨᠤᠭ ᠤᠨ ᠭᠠᠵᠠᠷ ᠤᠨ | ᠡᠵᠡᠩᠨᠡᠭᠴᠢ ᠡᠷᠬᠡᠪᠰᠢ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠡᠶᠢᠭᠡᠮᠯᠢᠭ ᠲᠤ | ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯᠠᠪᠤᠷ ᠭᠠᠵᠠᠷ ᠤᠨ ᠬᠤᠶᠠᠷ ᠬᠡᠮᠵᠢᠯᠲᠦ ᠺᠣᠳ᠋᠂ | ᠵᠢᠭᠤᠯᠴᠢᠯᠠᠯ ᠤᠨ ᠦᠢᠯᠡᠴᠢᠯᠡᠭᠡᠨ ᠤ ᠠᠵᠢᠯ ᠲᠥᠷᠥᠯ ᠤᠨ ᠪᠠᠷᠢᠮᠵᠢᠶ᠎ᠠ᠂ ᠵᠢᠭᠤᠯᠴᠢᠯᠠᠭᠴᠢᠳ ᠤᠨ ᠪᠣᠯᠪᠠᠰᠤᠨ | ᠵᠢᠭᠤᠯᠴᠢᠯᠠᠯ ᠤᠨ ᠡᠷᠬᠡᠪᠰᠢ ᠮᠡᠳᠡᠬᠦ ᠵᠦᠢᠯ᠂ ᠡᠵᠡᠨ᠎ᠡ ᠬᠤᠰᠢᠭᠤᠨ ᠤ ᠵᠢᠭᠤᠯᠴᠢᠯᠠᠯ ᠤᠨ ᠤᠬᠠᠭᠤᠯᠭ᠎ᠠ ᠶᠢᠨ ᠳᠡᠪᠲᠡᠷ ᠢ | ᠭᠤᠶᠤᠴᠢᠯᠠᠨ ᠠᠪᠤᠪᠠᠯ ᠰᠠᠶ᠋ᠢ ᠵᠢᠭᠤᠯᠴᠢᠯᠠᠭᠴᠢᠳ ᠢ ᠭᠥᠯᠢᠶᠡᠨ ᠠᠪᠴᠤ ᠪᠣᠯᠬᠤ ᠵᠡᠷᠭᠡ ᠡᠵᠡᠩᠨᠡᠯᠲᠡ ᠶᠢᠨ | ᠠᠵᠢᠯᠯᠠᠭ᠎ᠠ ᠶᠢ ᠬᠢᠵᠦ ᠪᠣᠯᠣᠨ᠎ᠠ᠃ | ᠠᠷᠪᠠᠳᠤᠭᠠᠷ ᠵᠦᠢᠯ ᠡᠯ᠎ᠡ ᠰᠤᠮᠤ ᠪᠠᠯᠭᠠᠰᠤ ᠨᠢ ᠬᠠᠷᠢᠶᠠᠲᠤ ᠣᠷᠣᠨ ᠤ ᠳᠣᠲᠣᠷᠠᠬᠢ ᠬᠤᠨᠤᠭ ᠤᠨ ᠭᠠᠵᠠᠷ ᠤᠨ | ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾ ᠲᠠᠯᠠᠪᠤᠷ ᠭᠠᠵᠠᠷ ᠤᠨ ᠺᠣᠳ᠋᠂ ᠡᠷᠡᠭᠦᠯ ᠮᠡᠨᠳᠦ ᠶᠢᠨ ᠺᠣᠳ᠋᠂ | ᠠᠶᠠᠯᠠᠯ ᠤᠨ ᠺᠣᠳ᠋ ᠢ ᠰᠢᠷᠪᠢᠵᠦ ᠳᠠᠩᠰᠠᠯᠠᠬᠤ ᠠᠵᠢᠯ ᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠷᠢᠭᠤᠴᠠᠨ᠎ᠠ᠃ ᠨᠡᠶᠢᠭᠡᠮ ᠲᠣᠭᠤᠷᠢᠭ ᠤᠨ ᠲᠤᠤᠷᠵᠢᠯ ᠤᠨ ᠠᠵᠢᠯᠲᠠᠨ ᠪᠠ ᠳᠠᠭᠠᠭᠠᠴᠢᠯᠠᠨ | ᠬᠤᠯᠪᠣᠭᠠᠯᠠᠭᠰᠠᠨ ᠨᠢᠭᠡᠴᠡ ᠨᠢ ᠬᠠᠷᠢᠶᠠᠲᠤ ᠣᠷᠣᠨ ᠤ ᠳᠣᠲᠣᠷᠠᠬᠢ ᠬᠤᠨᠤᠭ ᠤᠨ ᠭᠠᠵᠠᠷ ᠤᠨ ︽ᠠᠯᠠᠱᠠ ᠶᠢᠨ | ᠡᠷᠡᠭᠦᠯ ᠮᠡᠨᠳᠦ ᠶᠢᠨ ᠡᠷᠳᠡᠨᠢ︾ ᠲᠠᠯᠠᠪᠤᠷ ᠭᠠᠵᠠᠷ ᠤᠨ ᠺᠣᠳ᠋᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ | ᠰᠢᠷᠪᠢᠵᠦ ᠳᠠᠩᠰᠠᠯᠠᠬᠤ ᠠᠵᠢᠯ ᠢ ᠤᠬᠠᠭᠤᠯᠤᠨ ᠰᠢᠮᠳᠠᠭᠤᠯᠬᠤ ᠶᠢ ᠬᠠᠷᠢᠭᠤᠴᠠᠨ᠎ᠠ᠃ | ᠠᠷᠪᠠᠨ ᠨᠢᠭᠡᠳᠦᠭᠡᠷ ᠵᠦᠢᠯ ᠪᠣᠶ ᠪᠦᠬᠦᠢ ᠭᠠᠷᠳᠠᠮ ᠢ ᠭᠦᠢᠴᠡᠳᠬᠡᠵᠦ ᠳᠠᠭᠤᠰᠤᠭᠰᠠᠨ ᠤ ᠳᠠᠷᠠᠭ᠎ᠠ᠂ | ᠭᠤᠶᠤᠴᠢᠯᠠᠨ ᠭᠦᠢᠴᠡᠳᠭᠡᠭᠴᠢ ᠠᠴᠠ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠨᠡᠶᠢᠭᠡᠮᠯᠢᠭ ᠲᠤ ᠳᠡᠩᠰᠡᠯᠡᠵᠦ ᠬᠢᠨᠠᠨ ᠵᠥᠪᠰᠢᠶᠡᠷᠡᠭᠦᠯᠵᠦ ᠨᠡᠶᠢᠭᠡᠮᠯᠢᠭ ᠲᠤ ᠣᠷᠣᠬᠤ ᠶᠢᠨ ᠬᠠᠮᠲᠤ ︽ᠲᠣᠣᠷᠠᠢ ᠶᠢᠨ | ᠬᠤᠨᠤᠭ ᠤᠨ ᠭᠠᠵᠠᠷ︾ ᠲᠠᠪᠴᠠᠩ ᠳᠤ ᠣᠷᠣᠬᠤ ᠶᠢ ᠵᠣᠷᠢᠭᠵᠢᠭᠤᠯᠤᠨ᠎ᠠ᠃ | ᠠᠷᠪᠠᠨ ᠬᠤᠶᠠᠳᠤᠭᠠᠷ ᠵᠦᠢᠯ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠡᠵᠡᠩᠨᠡᠭᠴᠢ ᠡᠷᠬᠡᠪᠰᠢ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠬᠠᠮᠢᠶ᠎ᠠ ᠪᠦᠬᠦᠢ ᠲᠣᠭᠲᠠᠭᠠᠯ ᠢ | ᠴᠢᠩᠭ᠎ᠠ ᠵᠢᠷᠤᠮᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ | ᠬᠦᠯᠢᠶᠡᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠡᠵᠡᠩᠨᠡᠭᠴᠢ ᠡᠷᠬᠡᠪᠰᠢ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ | ᠬᠤᠨᠤᠭ ᠤᠨ ᠭᠠᠵᠠᠷ ᠤᠨ ᠲᠡᠮᠳᠡᠭ ᠫᠠᠶᠢᠰᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯᠠᠪᠤᠷ ᠭᠠᠵᠠᠷ ᠤᠨ | ᠺᠣᠳ᠋᠂ ᠡᠯ᠎ᠡ ᠲᠦᠷᠦᠯ ᠤᠨ ᠵᠥᠪᠰᠢᠶᠡᠷᠡᠯ ᠤᠨ ᠦᠨᠡᠮᠯᠡᠯ ᠤᠨ ᠪᠢᠴᠢᠭ᠂ ︽ᠠᠶᠠᠨᠴᠢᠳ ᠤᠨ ᠪᠣᠯᠪᠠᠰᠤᠨ | ᠵᠢᠭᠤᠯᠴᠢᠯᠠᠯ ᠤᠨ ᠡᠷᠬᠡᠪᠰᠢ ᠮᠡᠳᠡᠬᠦ ᠵᠦᠢᠯᠡᠰ︾ ᠵᠡᠷᠭᠡ ᠶᠢ ᠥᠷᠦᠭᠡᠨ ᠤ ᠢᠯᠡ ᠭᠠᠵᠠᠷ ᠲᠠᠯᠪᠢᠵᠤ᠂ ᠠᠶᠠᠨᠴᠢᠳ ᠤᠨ | ᠢᠯᠭᠠᠨ ᠲᠠᠨᠢᠬᠤ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠲᠤ ᠳᠦᠭᠦᠮ | ᠦᠵᠡᠭᠦᠯᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠡᠵᠡᠩᠨᠡᠭᠴᠢ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠷ ᠬᠠᠤᠯᠢ ᠶᠣᠰᠣᠭᠠᠷ | ᠡᠵᠡᠩᠨᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠤᠯᠢ ᠶᠣᠰᠣᠭᠠᠷ | ᠤᠭᠰᠠᠷᠠᠨ ᠬᠡᠷᠡᠭᠯᠡᠬᠦ ᠪᠤᠶᠤ ᠲᠤᠭᠳᠠᠭᠠᠭᠰᠠᠨ ᠣᠷᠣᠵᠤ ᠰᠠᠭᠤᠬᠤ ᠳᠠᠩᠰᠠᠯᠠᠯᠲᠠ ᠶᠢᠨ ᠡᠬᠡ ᠲᠠᠩᠰᠠ ᠶᠢ ᠬᠡᠷᠡᠭᠯᠡᠬᠦ | ᠬᠡᠷᠡᠭᠲᠡᠢ᠃ ᠬᠤᠨᠤᠭ ᠤᠨ ᠭᠠᠵᠠᠷ ᠤᠨ ᠡᠵᠡᠩᠨᠡᠭᠴᠢ ᠣᠷᠣᠨ ᠰᠠᠭᠤᠴᠠ ᠶᠢᠨ ᠠᠶᠤᠯ ᠦᠭᠡᠢ ᠦᠢᠯᠡᠳᠪᠦᠷᠢᠯᠡᠯ ᠪᠠ | ᠭᠠᠯ ᠰᠡᠷᠭᠡᠶᠢᠯᠡᠯᠲᠡ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃ | ᠠᠷᠪᠠᠨ ᠲᠠᠪᠤᠳᠤᠭᠠᠷ ᠵᠦᠢᠯ ᠡᠵᠡᠩᠨᠡᠭᠴᠢ ᠵᠦᠢ ᠵᠣᠬᠢᠰᠲᠠᠢ ᠪᠠᠷ ᠦᠨ᠎ᠡ ᠲᠣᠭᠲᠠᠭᠠᠬᠤ ᠬᠡᠷᠡᠭᠲᠡᠢ᠃ ᠵᠣᠴᠢᠨ ᠤ | ᠦᠷᠦᠭᠡ ᠶᠢᠨ ᠦᠨ᠎ᠡ ᠬᠠᠩᠰᠢ ᠶᠢ ᠨᠡᠶᠢᠳᠡᠯᠡᠭᠰᠡᠨ ᠢᠯᠡ ᠫᠠᠶᠢᠰᠠ ᠭᠠᠷᠭᠠᠵᠤ᠂ ᠵᠢᠭᠤᠯᠴᠢᠯᠠᠭᠴᠢᠳ ᠲᠤ ᠦᠨ᠎ᠡ | ᠬᠠᠩᠰᠢ ᠶᠢ ᠢᠯᠡ ᠪᠣᠯᠭᠠᠵᠤ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ | ᠦᠭᠡᠢ᠃ | ᠠᠷᠪᠠᠨ ᠵᠢᠷᠭᠤᠳᠤᠭᠠᠷ ᠵᠦᠢᠯ ᠠᠶᠤᠯ ᠲᠦᠭᠰᠢᠭᠦᠷᠢ ᠭᠠᠷᠴᠤ ᠮᠡᠳᠡᠬᠦ ᠣᠷᠣᠨ ᠪᠦᠰᠡ ᠪᠠ ᠲᠥᠷᠥᠯ | ᠵᠦᠢᠯᠡᠰ ᠲᠤ ᠰᠡᠷᠡᠮᠵᠢ ᠶᠢᠨ ᠢᠯᠡᠳᠬᠡᠮᠵᠢ ᠲᠡᠮᠳᠡᠭ ᠲᠠᠯᠪᠢᠬᠤ ᠪᠥᠭᠡᠳ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ | ᠠᠷᠭ᠎ᠠ ᠬᠡᠮᠵᠢᠶ᠎ᠡ ᠠᠪᠬᠤ ᠬᠡᠷᠡᠭᠲᠡᠢ᠃ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠡᠵᠡᠩᠨᠡᠭᠴᠢᠳ ᠤᠨ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠭᠠᠯ ᠤᠨ ᠭᠠᠮᠰᠢᠭ ᠠᠳᠡᠯ ᠤᠨ | ᠳᠠᠭᠠᠳᠬᠠᠯ᠂ ᠬᠥᠯᠥᠰᠦᠯᠡᠭᠰᠡᠨ ᠬᠥᠮᠥᠨ ᠤ ᠪᠡᠶ᠎ᠡ ᠮᠠᠬᠠᠪᠤᠳ ᠤᠨ ᠭᠡᠮᠲᠦᠯ ᠤᠨ ᠭᠡᠨᠡᠳᠲᠡ ᠶᠢᠨ ᠳᠠᠭᠠᠳᠬᠠᠯ ᠵᠡᠷᠭᠡ | ᠬᠤᠳᠠᠯᠳᠤᠭᠠᠨ ᠤ ᠳᠠᠭᠠᠳᠬᠠᠯ ᠳᠤ ᠣᠷᠤᠯᠴᠠᠬᠤ ᠶᠢ ᠵᠣᠷᠢᠭᠵᠢᠭᠤᠯᠵᠤ᠂ ᠡᠵᠡᠩᠨᠡᠯᠲᠡ ᠶᠢᠨ ᠳᠤᠮᠳᠠᠬᠢ ᠠᠶᠤᠯ | ᠲᠥᠭᠰᠢᠭᠦᠷᠢ ᠶᠢ ᠰᠡᠷᠭᠡᠶᠢᠯᠡᠨ᠎ᠡ᠃ | ᠠᠷᠪᠠᠨ ᠳᠣᠯᠣᠳᠤᠭᠠᠷ ᠵᠦᠢᠯ ᠡᠵᠡᠩᠨᠡᠭᠴᠢ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ᠂ ᠳᠣᠲᠣᠭᠠᠳᠤ ᠶᠢ | ᠬᠠᠮᠠᠭᠠᠯᠠᠬᠤ᠂ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ ᠬᠥᠭᠵᠢᠭᠦᠯᠦᠯᠲᠡ ᠥᠭᠡᠷᠡᠴᠢᠯᠡᠯᠲᠡ᠂ ᠰᠣᠶᠣᠯ ᠪᠣᠯᠪᠠᠰᠤᠷᠠᠯ | ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠬᠤᠯᠪᠣᠭᠳᠠᠯ ᠪᠦᠬᠦᠢ ᠮᠡᠳᠡᠯᠭᠡ | ᠴᠢᠳᠠᠪᠤᠷᠢ ᠶᠢᠨ ᠪᠣᠯᠪᠠᠰᠤᠷᠠᠯ ᠳᠤ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠣᠷᠤᠯᠴᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠨᠤᠭ ᠤᠨ ᠭᠠᠵᠠᠷ ᠤᠨ ᠡᠵᠡᠩᠨᠡᠭᠴᠢ ᠵᠢᠭᠤᠯᠴᠢᠯᠠᠭᠴᠢᠳ ᠤᠨ ᠲᠠᠯᠠᠪᠤᠷ | ᠭᠠᠵᠠᠷ ᠤᠨ ᠺᠣᠳ᠋ ᠢ ᠰᠢᠷᠪᠢᠨ ᠳᠠᠩᠰᠠᠯᠠᠭᠤᠯᠬᠤ ᠶᠢ ᠱᠠᠭᠠᠷᠳᠠᠬᠤ ᠶᠢᠨ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢ ᠵᠢᠷᠤᠮᠯᠠᠵᠤ᠂ ᠡᠷᠡᠭᠦᠯ | ᠬᠠᠮᠠᠭᠠᠯᠠᠯ ᠬᠢᠵᠢᠭ ᠢ ᠰᠡᠷᠭᠡᠶᠢᠯᠡᠬᠦ ᠡᠵᠡᠮᠳᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠬᠠᠯᠳᠠᠪᠤᠷᠢᠲᠤ ᠡᠪᠡᠳᠴᠢᠨ ᠤ | ᠲᠠᠷᠬᠠᠬᠤ ᠪᠠ ᠳᠡᠯᠭᠡᠷᠡᠬᠦ ᠶᠢ ᠰᠡᠷᠭᠡᠶᠢᠯᠡᠵᠦ᠂ ᠬᠡᠷᠡᠭᠯᠡᠭᠴᠢᠳ ᠤᠨ ᠡᠷᠡᠭᠦᠯ ᠮᠡᠨᠳᠦ ᠶᠢ ᠪᠠᠲᠤᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠮᠡᠳᠡᠭᠡ ᠵᠠᠩᠭᠢ ᠶᠢ ᠴᠥᠮ ᠬᠠᠮᠢᠶ᠎ᠠ ᠪᠦᠬᠦᠢ ᠰᠦᠯᠵᠢᠶᠡᠨ ᠲᠠᠪᠴᠠᠩ ᠳᠤ ᠨᠡᠶᠢᠲᠡᠯᠡᠵᠦ᠂ ᠵᠢᠭᠤᠯᠴᠢᠯᠠᠭᠴᠢᠳ ᠤᠨ | ᠵᠠᠬᠢᠶᠠᠯᠠᠭ᠎ᠠ ᠶᠢ ᠭᠥᠯᠢᠶᠡᠨ ᠠᠪᠤᠨ᠎ᠠ᠃ | ᠬᠤᠷᠢᠳᠤᠭᠠᠷ ᠵᠦᠢᠯ ᠡᠵᠡᠨ᠎ᠡ ᠬᠤᠰᠢᠭᠤᠨ ᠤ ᠬᠤᠨᠤᠭ ᠤᠨ ᠭᠠᠵᠠᠷ ᠤᠨ ᠬᠠᠮᠢᠶᠠᠷᠤᠯᠲᠠ ᠶᠢᠨ ᠠᠵᠢᠯ ᠤᠨ | ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ | ᠠᠷᠠᠳ ᠤᠨ ᠣᠷᠣᠨ ᠰᠠᠭᠤᠴᠠ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠵᠡᠬᠡᠭ ᠳᠡᠯᠭᠡᠬᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠰᠣᠶᠣᠯ ᠵᠢᠭᠤᠯᠴᠢᠯᠠᠯ ᠤᠨ ᠲᠣᠪᠴᠢᠶ᠎ᠠ ᠨᠢ ᠬᠤᠨᠤᠭ ᠤᠨ ᠭᠠᠵᠠᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ | ᠪᠠᠶᠢᠵᠤ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠠᠮᠤᠷ ᠲᠦᠪᠰᠢᠨ᠂ | ᠡᠷᠡᠭᠦᠯ ᠬᠠᠮᠠᠭᠠᠯᠠᠯ ᠬᠢᠭᠡᠳ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠳᠤ ᠡᠳᠦᠷ | ᠲᠤᠲᠤᠮ ᠤᠨ ᠪᠠᠶᠢᠴᠠᠭᠠᠯᠲᠠ ᠶᠢ ᠬᠡᠷᠡᠭᠵᠢᠭᠦᠯᠵᠦ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠤᠨ ᠡᠷᠡᠭᠦᠯ ᠢᠶᠠᠷ ᠬᠥᠭᠵᠢᠬᠦ ᠶᠢ ᠵᠢᠷᠤᠮᠵᠢᠭᠤᠯᠬᠤ ᠪᠠ ᠬᠥᠲᠥᠯᠥᠨ ᠵᠢᠯᠣᠭᠤᠳᠤᠨ᠎ᠠ᠃ | ᠬᠤᠷᠢᠨ ᠨᠢᠭᠡᠳᠦᠭᠡᠷ ᠵᠦᠢᠯ ᠡᠯ᠎ᠡ ᠰᠤᠮᠤ ᠪᠠᠯᠭᠠᠰᠤ᠂ ᠭᠠᠴᠠᠭ᠎ᠠ᠂ ᠨᠡᠶᠢᠭᠡᠮ ᠲᠣᠭᠤᠷᠢᠭ ᠤᠨ ᠬᠢᠨ ᠬᠠᠷᠢᠶ᠎ᠠ | ᠭᠠᠵᠠᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠶᠠᠲᠤ ᠣᠷᠣᠨ ᠳᠠᠬᠢ ᠣᠷᠣᠨ ᠰᠠᠭᠤᠴᠠ ᠳᠤ ᠪᠠᠨ | ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠳᠠᠩᠰᠠᠯᠠᠭᠤᠯᠤᠨ ᠡᠵᠡᠩᠨᠡᠭᠦᠯᠦᠭᠰᠡᠨ ᠦᠭᠡᠢ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠢ᠂ ᠺᠣᠳ᠋ | ᠰᠢᠷᠪᠢᠵᠦ ᠳᠡᠩᠰᠡᠯᠡᠨ ᠲᠡᠮᠳᠡᠭᠯᠡᠭᠦᠯᠦᠭᠰᠡᠨ ᠨᠢ ᠵᠢᠷᠤᠮᠵᠢᠯ ᠦᠭᠡᠢ ᠵᠡᠷᠭᠡ ᠪᠠᠶᠢᠳᠠᠯ ᠢ ᠣᠯᠵᠤ ᠮᠡᠳᠡᠪᠡᠯ᠂ ᠳᠠᠷᠤᠶᠢᠬᠠᠨ | ᠬᠠᠮᠢᠶ᠎ᠠ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠵᠦ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠠᠴᠠ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ | ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠬᠤᠶᠠᠳᠤᠭᠠᠷ ᠵᠦᠢᠯ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠶᠢ | ᠵᠢᠷᠤᠮᠵᠢᠭᠤᠯᠬᠤ ᠶᠢ ᠬᠠᠷᠢᠭᠤᠴᠠᠵᠤ᠂ ᠬᠤᠨᠤᠭ ᠤᠨ ᠭᠠᠵᠠᠷ ᠤᠨ ᠵᠠᠭᠠᠯᠳᠤᠭᠳᠠᠭᠰᠠᠨ ᠵᠦᠢᠯᠡᠰ ᠢ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠷᠢᠭᠤᠯᠲᠠ ᠥᠭᠭᠦᠨ᠎ᠡ᠃ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠦᠨ᠎ᠡ ᠬᠠᠩᠰᠢ ᠶᠢ ᠵᠣᠬᠢᠰᠲᠠᠢ ᠲᠣᠭᠲᠠᠭᠠᠵᠤ᠂ | ᠦᠨ᠎ᠡ ᠬᠠᠩᠰᠢ ᠶᠢ ᠢᠯᠡ ᠲᠡᠮᠳᠡᠭᠯᠡᠬᠦ ᠳᠤ ᠬᠢᠨᠠᠯᠲᠠ ᠲᠠᠯᠪᠢᠨ᠎ᠠ᠃ | ᠬᠤᠷᠢᠨ ᠭᠤᠷᠪᠠᠳᠤᠭᠠᠷ ᠵᠦᠢᠯ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢᠳ ᠲᠤ ᠴᠢᠬᠤᠯᠠ ᠪᠦᠬᠦᠢ ᠠᠮᠤᠷ | ᠲᠦᠪᠰᠢᠨ ᠤ ᠮᠡᠷᠭᠡᠵᠢᠯ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠤᠭᠰᠠᠷᠠᠬᠤ ᠶᠢ ᠵᠢᠯᠤᠭᠤᠳᠴᠤ᠂ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠳᠦᠷ ᠲᠤᠲᠤᠮ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠲᠣᠭᠤᠷᠢᠨ ᠪᠠᠶᠢᠴᠠᠭᠠᠬᠤ ᠠᠵᠢᠯ ᠢ ᠬᠠᠷᠢᠭᠤᠴᠠᠨ᠂ ᠣᠷᠣᠨ ᠰᠠᠭᠤᠴᠠ ᠳᠤ ᠪᠠᠨ ᠡᠷᠬᠢᠯᠡᠭᠰᠡᠨ | ᠪᠠᠭᠤᠳᠠᠯ ᠬᠤᠨᠤᠭ ᠤᠨ ᠭᠠᠵᠠᠷ ᠤᠨ ᠠᠮᠤᠷ ᠲᠥᠪᠰᠢᠨ ᠢ ᠪᠠᠶᠢᠴᠠᠭᠠᠬᠤ ᠪᠠ ᠠᠵᠢᠯᠲᠠᠨ ᠤ ᠮᠡᠳᠡᠭᠡ ᠵᠠᠩᠭᠢ ᠶᠢᠨ | ᠪᠦᠷᠢᠳᠬᠡᠯ ᠬᠢᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠭᠠᠯ ᠰᠡᠷᠭᠡᠶᠢᠯᠡᠬᠦ | ᠪᠠ ᠬᠤᠯᠠᠭᠠᠢ ᠶᠢ ᠰᠡᠷᠭᠡᠶᠢᠯᠡᠬᠦ ᠵᠡᠷᠭᠡ ᠠᠵᠢᠯ ᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠷᠡᠭᠦᠯ ᠬᠠᠮᠠᠭᠠᠯᠠᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠡᠵᠡᠩᠨᠡᠯᠲᠡ ᠶᠢᠨ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠵᠢᠯᠤᠭᠤᠳᠤᠨ᠎ᠠ᠃ | ᠬᠤᠷᠢᠨ ᠲᠠᠪᠤᠳᠤᠭᠠᠷ ᠵᠦᠢᠯ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠬᠠᠮᠢᠶ᠎ᠠ ᠪᠦᠬᠦᠢ ᠦᠢᠯᠡᠴᠢᠯᠡᠭᠡᠨ ᠤ | ᠪᠠᠷᠢᠮᠵᠢᠶ᠎ᠠ ᠶᠢ ᠲᠦᠷᠦᠭᠦᠯᠡᠨ ᠲᠣᠭᠲᠠᠭᠠᠬᠤ ᠶᠢ ᠬᠠᠷᠢᠭᠤᠴᠠᠵᠤ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ | ᠬᠤᠨᠤᠭ ᠤᠨ ᠭᠠᠵᠠᠷ ᠤᠨ ᠡᠵᠡᠩᠨᠡᠯᠲᠡ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ | ᠵᠢᠯᠣᠭᠤᠳᠤᠨ ᠥᠷᠨᠢᠭᠦᠯᠵᠦ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠲᠠᠰ ᠢ | ᠦᠨᠡᠯᠡᠨ ᠲᠣᠭᠲᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠣᠷᠣᠨ ᠰᠠᠭᠤᠴᠠ ᠳᠤ ᠪᠠᠨ ᠡᠷᠬᠢᠯᠡᠭᠰᠡᠨ | ᠪᠠᠭᠤᠳᠠᠯ ᠬᠤᠨᠤᠭ ᠤᠨ ᠭᠠᠵᠠᠷ ᠤᠨ ᠪᠦᠲᠦᠭᠡᠭᠳᠡᠬᠦᠨ ᠢ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠦᠨ᠂ ᠲᠠᠯᠠᠪᠤᠷ | ᠭᠠᠵᠠᠷ ᠤᠨ ᠺᠣᠳ᠋ ᠢ ᠰᠢᠷᠪᠢᠭᠰᠡᠨ ᠤ ᠳᠠᠷᠠᠭ᠎ᠠ ᠮᠡᠳᠡᠭᠡ ᠵᠠᠩᠭᠢ ᠶᠢᠨ ᠠᠷᠤ ᠲᠠᠪᠴᠠᠩ ᠤᠨ ᠲᠤᠭ᠎ᠠ ᠪᠠᠷᠢᠮᠲᠠ ᠶᠢ | ᠦᠨᠳᠦᠰᠦᠯᠡᠨ ᠪᠠᠭᠤᠳᠠᠯ ᠬᠤᠨᠤᠭ ᠤᠨ ᠭᠠᠵᠠᠷ ᠤᠨ ᠵᠢᠭᠤᠯᠴᠢᠯᠠᠭᠴᠢᠳ ᠤᠨ ᠲᠤᠭ᠎ᠠ ᠬᠡᠮᠵᠢᠶ᠎ᠠ ᠶᠢ ᠡᠵᠡᠮᠰᠢᠨ᠎ᠡ᠃ | ᠬᠤᠷᠢᠨ ᠵᠢᠷᠭᠤᠳᠤᠭᠠᠷ ᠵᠦᠢᠯ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠨᠢ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠵᠢᠷᠤᠭ ᠲᠥᠯᠥᠪᠯᠡᠭᠡ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠱᠠᠭᠠᠷᠳᠠᠯᠭ᠎ᠠ ᠶᠢ | ᠲᠣᠭᠲᠠᠭᠠᠬᠤ ᠶᠢ ᠲᠦᠷᠦᠭᠦᠯᠡᠨ ᠵᠢᠯᠤᠭᠤᠳᠬᠤ ᠪᠠ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ | ᠬᠤᠷᠢᠨ ᠳᠣᠯᠣᠳᠤᠭᠠᠷ ᠵᠦᠢᠯ ᠬᠤᠰᠢᠭᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠪᠠᠷ ᠲᠦᠷᠦᠭᠦᠯᠡᠭᠦᠯᠦᠭᠰᠡᠨ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ | ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠤᠨ ᠡᠵᠡᠩᠨᠡᠭᠴᠢ ᠶᠢᠨ ᠬᠠᠤᠯᠢ ᠪᠠᠷ ᠲᠣᠭᠲᠠᠭᠠᠭᠰᠠᠨ ᠭᠠᠯ ᠰᠡᠷᠭᠡᠶᠢᠯᠡᠯᠲᠡ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠬᠢᠵᠦ᠂ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠭᠡᠷ ᠪᠦᠯᠢ ᠶᠢᠨ ᠵᠣᠴᠢᠳ ᠤᠨ ᠪᠠᠭᠤᠳᠠᠯ ᠤᠨ | ᠠᠷᠠᠳ ᠤᠨ ᠪᠠᠶᠢᠷᠢ ᠶᠢᠨ ᠭᠠᠯ ᠡᠷᠭᠡᠶᠢᠯᠡᠯᠲᠡ ᠳᠤ ᠣᠷᠣᠰᠢᠵᠤ ᠪᠠᠶᠢᠭ᠎ᠠ ᠳᠠᠯᠳᠠ ᠬᠡᠮ ᠢ ᠴᠡᠭᠴᠡᠯᠡᠨ ᠵᠠᠰᠠᠬᠤ ᠪᠠ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠭᠠᠯ ᠤᠨᠲᠠᠷᠠᠭᠠᠵᠤ ᠰᠡᠷᠭᠡᠶᠢᠯᠡᠬᠦ | ᠪᠣᠯᠪᠠᠰᠤᠷᠠᠭᠤᠯᠤᠯ ᠪᠠ ᠤᠬᠠᠭᠤᠯᠭ᠎ᠠ ᠬᠥᠮᠦᠵᠢᠯ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ | ᠬᠤᠷᠢᠨ ᠨᠠᠢᠮᠠᠳᠤᠭᠠᠷ ᠵᠦᠢᠯ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠪᠣᠷᠣᠯᠠᠭᠤᠯᠬᠤ ᠲᠠᠸᠠᠷ ᠪᠤᠶᠤ ᠦᠨ᠎ᠡ | ᠲᠥᠯᠥᠪᠦᠷᠢ ᠲᠠᠢ ᠦᠢᠯᠡᠴᠢᠯᠡᠭᠡᠨ ᠤ ᠦᠨ᠎ᠡ ᠬᠠᠩᠰᠢ ᠶᠢ ᠬᠢᠨᠠᠨ ᠰᠢᠯᠭᠠᠬᠤ ᠶᠢ ᠬᠠᠷᠢᠭᠤᠴᠠᠨ᠎ᠠ᠃ | ᠬᠤᠷᠢ ᠶᠢᠰᠦᠳᠦᠭᠡᠷ ᠵᠦᠢᠯ ᠬᠤᠰᠢᠭᠤᠨ ᠤ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ | ᠨᠢ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠡᠶᠢᠭᠡᠮᠯᠢᠭ ᠢ ᠬᠠᠷᠢᠭᠤᠴᠠᠨ | ᠪᠠᠶᠢᠭᠤᠯᠵᠤ᠂ ᠭᠡᠰᠢᠭᠦᠳ ᠤᠨ ᠳᠠᠩᠰᠠᠯᠠᠯᠲᠠ ᠶᠢ ᠰᠠᠶᠢᠲᠤᠷ ᠬᠢᠵᠦ᠂ ᠬᠤᠨᠤᠭ ᠤᠨ ᠭᠠᠵᠠᠷ ᠤᠨ ᠠᠵᠢᠯ ᠲᠥᠷᠥᠯ ᠤᠨ | ᠥᠪᠡᠷ ᠢ ᠪᠠᠨ ᠱᠠᠭᠠᠷᠳᠠᠬᠤ ᠶᠢ ᠵᠢᠷᠤᠮᠵᠢᠭᠤᠯᠤᠨ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠤᠨ ᠡᠵᠡᠩᠨᠡᠭᠴᠢᠳ ᠤᠨ ︽ᠲᠣᠣᠷᠠᠢ ᠵᠢᠨᠬᠤᠨᠤᠭ ᠤᠨ ᠭᠠᠵᠠᠷ︾ ᠣᠶᠤᠨᠲᠤ ᠲᠠᠪᠴᠠᠩ ᠳᠤ ᠣᠷᠤᠯᠴᠠᠬᠤ ᠶᠢ | ᠵᠣᠷᠢᠭᠵᠢᠭᠤᠯᠵᠤ᠂ ᠣᠷᠣᠯᠴᠠᠭᠰᠠᠳ ᠢ ᠲᠡᠷᠢᠬᠦᠨ ᠳᠤ ᠲᠠᠪᠴᠠᠩ ᠢᠶᠠᠷ ᠳᠠᠮᠵᠢᠭᠤᠯᠤᠨ ᠤᠬᠠᠭᠤᠯᠬᠤ ᠪᠠ ᠡᠵᠡᠩᠨᠡᠨ | ᠪᠣᠷᠣᠯᠠᠭᠤᠯᠤᠨ᠎ᠠ︔ ᠢᠯᠡᠷᠬᠡᠶᠢᠯᠡᠯ ᠤᠨ ᠫᠠᠶᠢᠰᠠ ᠠᠪᠤᠭᠰᠠᠨ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ | ᠬᠤᠨᠤᠭ ᠤᠨ ᠭᠠᠵᠠᠷ ᠤᠨ ᠡᠵᠡᠩᠨᠡᠭᠴᠢ ᠶᠢᠨ ᠣᠪᠣᠭ ᠨᠡᠷ᠎ᠡ᠂ ᠡᠵᠡᠩᠨᠡᠯᠲᠡ ᠶᠢᠨ ᠨᠠᠷᠢᠨ ᠬᠠᠶ᠋ᠢᠭ᠂ ᠡᠵᠡᠩᠨᠡᠯᠲᠡ ᠶᠢᠨ | ᠲᠠᠯᠠᠪᠤᠷ ᠭᠠᠵᠠᠷ ᠤᠨ ᠲᠠᠯᠠᠪᠠᠶ ᠵᠡᠷᠭᠡ ᠮᠡᠳᠡᠭᠡ ᠵᠠᠩᠭᠢ ᠶᠢ ᠬᠠᠮᠢᠶ᠎ᠠ ᠪᠦᠬᠦᠢ ᠰᠦᠯᠵᠢᠶ᠎ᠡ ᠪᠠᠷ ᠳᠠᠮᠵᠢᠭᠤᠯᠤᠨ ᠲᠣᠭᠲᠠᠮᠠᠯ | ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ᠭᠤᠴᠢᠳᠤᠭᠠᠷ ᠵᠦᠢᠯ ᠬᠤᠰᠢᠭᠤᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠴᠠᠭᠠᠬᠤ ᠳᠦᠷᠢᠮ ᠢ | ᠪᠠᠶᠢᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠵᠡᠷᠭᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠬᠠᠮᠵᠢᠯᠴᠠᠨ᠂ ᠲᠣᠰ ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ᠂ ᠭᠡᠷ ᠪᠦᠯᠢ ᠶᠢᠨ ᠵᠣᠴᠢᠳ ᠤᠨ ᠪᠠᠭᠤᠳᠠᠯ ᠠᠷᠠᠳ ᠤᠨ ᠣᠷᠣᠨ ᠰᠠᠭᠤᠴᠠ ᠶᠢᠨ ᠬᠢᠨᠠᠯᠲᠠ ᠬᠠᠮᠢᠶᠠᠷᠤᠯᠲᠠ | ᠪᠠ ᠬᠠᠤᠯᠢ ᠬᠡᠷᠡᠭᠵᠢᠭᠦᠯᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃ ᠵᠢᠯ ᠪᠦᠷᠢ ᠶᠢᠨ ᠵᠢᠭᠤᠯᠴᠢᠯᠠᠯ ᠤᠨ | ᠬᠥᠭᠵᠢᠯᠲᠡᠢ ᠤᠯᠠᠷᠢᠯ ᠠᠴᠠ ᠡᠮᠦᠨ᠎ᠡ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠲᠤᠰᠬᠠᠢ ᠵᠦᠢᠯ ᠤᠨ ᠪᠠᠶᠢᠴᠠᠭᠠᠯᠲᠠ ᠬᠢᠵᠦ᠂ ᠬᠡᠷᠪᠡ ᠪᠠᠶᠢᠴᠠᠭᠠᠯᠲᠠ ᠶᠢᠨ ᠳᠤᠮᠳᠠ ᠠᠰᠠᠭᠤᠳᠠᠯ ᠪᠠᠶᠢᠬᠤ ᠶᠢ ᠣᠯᠵᠤ | ᠮᠡᠳᠡᠪᠡᠯ᠂ ᠴᠠᠭ ᠲᠤᠬᠠᠢ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠤᠨ᠎ᠠ᠃ | ᠭᠤᠴᠢᠨ ᠨᠢᠭᠡᠳᠦᠭᠡᠷ ᠵᠦᠢᠯ ᠬᠠᠮᠢᠶ᠎ᠠ ᠪᠦᠬᠦᠢ ᠨᠢᠭᠡᠴᠡ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ | ᠬᠤᠨᠤᠭ ᠤᠨ ᠭᠠᠵᠠᠷ ᠲᠤ ᠳᠣᠣᠷᠠᠬᠢ ᠪᠠᠶᠢᠳᠠᠯ ᠣᠷᠣᠰᠢᠬᠤ ᠶᠢ ᠣᠯᠵᠤ ᠮᠡᠳᠡᠪᠡᠯ᠂ ᠬᠤᠰᠢᠭᠤᠨ ᠤ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠪᠠᠷ ᠪᠠᠶᠢᠴᠠᠭᠠᠨ ᠬᠠᠷᠭᠤᠭᠤᠯᠤᠭᠰᠠᠨ ᠤ ᠳᠠᠷᠠᠭ᠎ᠠ᠂ ᠨᠡᠶᠢᠲᠡᠯᠡᠭᠰᠡᠨ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠡᠷᠡᠰ ᠤᠨ ᠵᠢᠭᠰᠠᠭᠠᠯᠲᠠ ᠠᠴᠠ | ᠬᠠᠰᠤᠵᠤ ᠭᠠᠷᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ︵ᠨᠢᠭᠡ︶ ᠠᠮᠤᠷ ᠲᠦᠪᠰᠢᠨ ᠤ ᠲᠠᠯ᠎ᠠ ᠪᠠᠷ ᠬᠦᠨᠳᠦ ᠶᠡᠭᠡ ᠲᠠᠯᠳᠠ ᠭᠡᠮ ᠣᠷᠣᠰᠢᠵᠤ ᠪᠠᠶᠢᠭᠠᠳ ᠲᠣᠭᠲᠠᠭᠠᠯ | ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ | ︵ᠬᠤᠶᠠᠷ︶ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠵᠠᠷᠴᠢᠮ ᠢ ᠵᠥᠷᠢᠴᠡᠭᠰᠡᠨ ᠪᠥᠭᠡᠳ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ | ︵ᠭᠤᠷᠪᠠ︶ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠥᠭᠡᠳ ᠴᠡᠭᠴᠡᠯᠡᠨ ᠰᠠᠶᠢᠵᠢᠷᠠᠭᠤᠯᠬᠤ ᠶᠢ | ᠲᠡᠪᠴᠢᠭᠰᠡᠨ | ᠭᠤᠴᠢᠨ ᠬᠤᠶᠠᠳᠤᠭᠠᠷ ᠵᠦᠢᠯ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠡᠵᠡᠩᠨᠡᠭᠴᠢ ᠨᠢ ᠵᠢᠭᠤᠯᠴᠢᠯᠠᠭᠴᠢᠳ ᠤᠨ ᠠᠵᠢᠯᠯᠠᠭ᠎ᠠ ᠶᠢᠨ ᠳᠤᠮᠳᠠ ᠠᠶᠤᠯ ᠭᠠᠷᠴᠤ ᠮᠡᠳᠡᠬᠦ ᠪᠠᠶᠢᠳᠠᠯ ᠢ ᠰᠠᠨᠠᠭᠤᠯᠤᠨ | ᠮᠡᠳᠡᠭᠳᠡᠬᠦ ᠡᠭᠦᠷᠭᠡ ᠲᠠᠢ ᠪᠥᠭᠡᠳ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠡᠭᠦᠰᠬᠦ ᠦᠶ᠎ᠡ ᠳᠤ᠂ ᠣᠷᠣᠨ ᠰᠠᠭᠤᠴᠠ ᠳᠤ ᠪᠠᠨ ᠡᠷᠬᠢᠯᠡᠭᠰᠡᠨ | ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠡᠷᠬᠡᠪᠰᠢ ᠳᠠᠷᠤᠢ ᠲᠦᠷᠭᠡᠨ ᠪᠦᠲᠦᠮᠵᠢᠲᠡᠶ ᠠᠷᠭ᠎ᠠ ᠬᠡᠮᠵᠢᠶ᠎ᠡ | ᠠᠪᠴᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠬᠠᠮᠲᠤ᠂ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠳᠠᠷᠤᠢ ᠲᠦᠷᠭᠡᠨ ᠦᠨᠡᠨ ᠮᠥᠨ ᠢᠶᠠᠷ ᠨᠢ ᠮᠡᠳᠡᠭᠦᠯᠬᠦ | ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠬᠦᠨᠳᠦ ᠶᠡᠭᠡ ᠪᠠᠶᠢᠭᠠᠯᠢ ᠶᠢᠨ ᠭᠠᠮᠰᠢᠭ ᠪᠤᠶᠤ ᠭᠡᠨᠡᠳᠲᠡ ᠡᠭᠦᠰᠦᠭᠰᠡᠨ | ᠬᠢᠵᠢᠭ ᠵᠡᠷᠭᠡ ᠪᠠᠶᠢᠳᠠᠯ ᠭᠠᠷᠬᠤ ᠦᠶ᠎ᠡ ᠲᠤ᠂ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠤᠨ ᠡᠵᠡᠩᠨᠡᠭᠴᠢ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠬᠠᠮᠵᠢᠨ ᠵᠢᠭᠤᠯᠴᠢᠯᠠᠭᠴᠢᠳ ᠢ | ᠢᠳᠬᠠᠵᠤ ᠪᠤᠴᠠᠭᠠᠯᠭᠠᠬᠤ ᠪᠤᠶᠤ ᠰᠢᠯᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠵᠠᠰᠠᠭ ᠤᠨ ᠣᠷᠳᠣᠨ ᠪᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠡᠶᠢᠲᠡᠯᠡᠭᠰᠡᠨ ᠲᠣᠭᠲᠠᠭᠠᠯ᠂ ᠵᠠᠷᠯᠢᠭ ︵ᠵᠠᠷᠯᠢᠭ︶ ᠪᠠ ᠪᠤᠰᠤᠳ ᠪᠠᠴᠢᠮ | ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠬᠡᠷᠡᠭᠵᠢᠭᠦᠯᠬᠦ ᠦᠭᠡᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢ | ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠳᠭᠡᠵᠦ᠂ ᠶᠠᠯ᠎ᠠ ᠪᠣᠯᠵᠤ | ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠭᠤᠴᠢᠨ ᠳᠥᠷᠪᠡᠳᠦᠭᠡᠷ ᠵᠦᠢᠯ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠤᠨ ᠡᠵᠡᠩᠨᠡᠭᠴᠢ ᠳᠤ ᠳᠣᠣᠷᠠᠬᠢ ᠦᠶᠯᠡ ᠠᠵᠢᠯᠯᠠᠭ᠎ᠠ ᠣᠷᠣᠰᠢᠵᠣ ᠪᠠᠶᠢᠪᠠᠯ᠂ ᠬᠠᠮᠢᠶ᠎ᠠ ᠪᠦᠬᠦᠢ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠭᠦᠷᠭᠡ ᠴᠢᠳᠠᠪᠤᠷᠢ ᠶᠢᠨ ᠬᠠᠷᠢᠭᠤᠴᠠᠯᠭ᠎ᠠ ᠨᠡᠬᠡᠮᠵᠢᠯᠡᠨ᠂ | ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠦᠨ᠎ᠡ᠃ | ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠤᠨ ᠨᠡᠷᠡᠰ ᠤᠨ ᠵᠢᠭᠰᠠᠭᠠᠯᠲᠠ ᠳᠤ ᠲᠠᠶᠢᠯᠪᠤᠷᠢ ᠬᠢᠵᠦ᠂ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ︵ᠨᠢᠭᠡ︶ ᠣᠷᠣᠵᠤ ᠰᠠᠭᠤᠭᠰᠠᠨ ᠵᠤᠭᠠᠴᠠᠭᠰᠠᠳ ᠤᠨ ᠲᠣᠭᠲᠠᠭᠠᠯ ᠶᠣᠰᠣᠭᠠᠷ ᠦᠨᠡᠨ ᠨᠡᠷ᠎ᠡ ᠪᠠᠷ ᠢᠶᠠᠨ | ᠲᠡᠮᠳᠡᠭᠯᠡᠭᠰᠡᠨ ᠦᠭᠡᠢ ᠪᠤᠶᠤ ᠺᠣᠳ᠋ ᠰᠢᠷᠪᠢᠵᠦ ᠲᠡᠮᠳᠡᠭᠯᠡᠭᠰᠡᠨ ᠦᠭᠡᠢ ᠪᠠᠶᠢᠳᠠᠯ ᠢ ᠣᠯᠵᠤ ᠮᠡᠳᠡᠭᠡᠳ ᠴᠠᠭ ᠲᠤᠬᠠᠢ | ᠳᠤᠨᠢ ᠮᠡᠳᠡᠭᠦᠯᠦᠭᠰᠡᠨ ᠦᠭᠡᠢ | ︵ᠬᠤᠶᠠᠷ︶ ᠵᠦᠢ ᠪᠤᠰᠤ ᠥᠷᠢᠰᠦᠯᠳᠦᠭᠡᠨ ᠤ ᠦᠶᠯᠡ ᠠᠵᠢᠯᠯᠠᠭ᠎ᠠ ᠪᠠ ᠡᠵᠡᠩᠨᠡᠨ ᠪᠣᠷᠣᠯᠠᠭᠤᠯᠬᠤ ᠦᠶᠯᠡ | ᠠᠵᠢᠯᠯᠠᠭ᠎ᠠ ᠲᠠᠢ ᠪᠠᠶᠢᠵᠤ᠂ ᠵᠠᠯᠭᠠᠭ᠎ᠠ ᠪᠠᠷ ᠵᠢᠭᠤᠯᠴᠢᠯᠠᠭᠴᠢᠳ ᠤᠨ ᠵᠠᠭᠠᠯᠳᠤᠯᠭ᠎ᠠ ᠶᠢ ᠡᠭᠦᠰᠬᠡᠵᠦ᠂ ᠮᠠᠭᠤ ᠨᠥᠯᠥᠭᠡ | ᠭᠠᠷᠭᠠᠭᠰᠠᠨ | ︵ᠭᠤᠷᠪᠠ︶ ᠪᠠᠶᠢᠴᠠᠭᠠᠯᠲᠠ ᠪᠠᠷ ᠳᠡᠮᠵᠢᠨ ᠦᠢᠯᠡᠴᠢᠯᠡᠭᠡᠨ ᠤ ᠶᠠᠰᠤ ᠴᠢᠨᠠᠷ᠂ ᠠᠮᠤᠷ ᠲᠦᠪᠰᠢᠨ᠂ ᠡᠷᠡᠭᠦᠯ | ᠬᠠᠮᠠᠭᠠᠯᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠠᠰᠠᠭᠤᠳᠠᠯ ᠲᠠᠢ ᠪᠠᠶᠢᠬᠤ ᠶᠢ ᠣᠯᠵᠤ | ᠮᠡᠳᠡᠭᠡᠳ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠭᠰᠠᠨ ᠦᠭᠡᠢ | ︵ᠳᠥᠷᠪᠡ︶ ᠠᠶᠠᠨᠴᠢᠳ ᠤᠨ ᠬᠤᠪᠢ ᠶᠢᠨ ᠨᠢᠭᠤᠴᠠ ᠳᠤ ᠬᠠᠯᠳᠠᠬᠤ ᠲᠤᠨᠤᠭ ᠲᠥᠬᠦᠭᠡᠷᠦᠮᠵᠢ ᠭᠠᠷᠭᠠᠬᠤ | ᠪᠤᠶᠤ ᠠᠶᠠᠨᠴᠢᠳ ᠤᠨ ᠠᠮᠤᠷ ᠲᠦᠪᠰᠢᠨ ᠢ ᠨᠥᠯᠥᠭᠡᠯᠡᠬᠦ ᠦᠢᠯᠡ ᠠᠵᠢᠯᠯᠠᠭ᠎ᠠ ᠬᠢᠬᠦ | ︵ᠲᠠᠪᠤ︶ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ | ᠬᠦᠯᠢᠶᠡᠬᠦ ᠦᠭᠡᠢ᠂ ᠬᠤᠳᠠᠯ ᠬᠠᠭᠤᠷᠮᠠᠭ ᠢᠶᠠᠷ ᠵᠣᠬᠢᠶᠠᠵᠤ᠂ ᠪᠠᠶᠢᠴᠠᠭᠠᠬᠤ ᠠᠵᠢᠯᠲᠠᠨ ᠢ ᠮᠡᠬᠡᠯᠡᠭᠰᠡᠨ | ︵ᠵᠢᠷᠭᠤᠭ᠎ᠠ︶ ᠣᠷᠴᠢᠨ ᠠᠬᠤᠢ ᠶᠢ ᠪᠣᠬᠢᠷᠲᠤᠭᠤᠯᠤᠭᠰᠠᠨ᠂ ᠳᠤᠷ᠎ᠠ ᠪᠠᠷ ᠢᠶᠠᠨ ᠪᠠᠷᠢᠵᠤ ᠪᠠᠶᠢᠭᠤᠯᠤᠭᠰᠠᠨ᠂ | ᠭᠠᠵᠠᠷ ᠰᠢᠷᠣᠢ ᠶᠢ ᠳᠤᠷ᠎ᠠ ᠪᠠᠷ ᠢᠶᠠᠨ ᠡᠵᠡᠯᠡᠵᠦ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠬᠤ | ︵ᠲᠤᠯᠤᠭ᠎ᠠ︶ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ | ᠡᠵᠡᠩᠨᠡᠯᠲᠡ ᠶᠢᠨ ᠠᠵᠢᠯᠯᠠᠭ᠎ᠠ | ᠭᠤᠴᠢᠨ ᠲᠠᠪᠤᠳᠤᠭᠠᠷ ᠵᠦᠢᠯ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠡᠵᠡᠩᠨᠡᠭᠴᠢ ᠠᠴᠠ ᠵᠢᠭᠤᠯᠴᠢᠯᠠᠭᠴᠢᠳ ᠲᠤ ᠳᠣᠣᠷᠠᠬᠢ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠲᠡᠷᠡ | ᠳᠠᠷᠤᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ ᠰᠢᠢᠳᠪᠦᠷᠢᠯᠡᠭᠦᠯᠬᠦ ᠬᠡᠷᠡᠭᠲᠡᠢ᠄ | ︵ᠨᠢᠭᠡ︶ ᠤᠯᠤᠰ ᠣᠷᠣᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠰᠡᠵᠢᠭᠯᠡᠯᠲᠡᠢ | ᠪᠠᠶᠢᠬᠤ | ︵ᠬᠤᠶᠠᠷ︶ ᠫᠤᠤ ᠵᠡᠪᠰᠡᠭ᠂ ᠠᠶᠤᠯᠲᠠᠢ ᠡᠳ᠋ ᠪᠣᠳᠠᠰ ᠪᠤᠶᠤ ᠴᠠᠭᠠᠵᠠᠲᠠᠢ ᠪᠤᠰᠤᠳ ᠡᠳ᠋ ᠪᠣᠳᠠᠰ ᠢ | ᠪᠡᠶ᠎ᠡ ᠳᠡᠭᠡᠨ ᠠᠪᠴᠤ ᠶᠠᠪᠤᠭᠰᠠᠳ | ︵ᠭᠤᠷᠪᠠ︶ ︽ᠱᠠᠯᠢᠭ ᠵᠠᠪᠬᠠᠢ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠬᠤ︾ ᠵᠡᠷᠭᠡ ᠬᠠᠤᠯᠢ ᠶᠢ | ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠢ ᠪᠠᠶᠢᠬᠤ | ︵ᠳᠥᠷᠪᠡ︶ ᠪᠡᠶ᠎ᠡ ᠪᠠᠨ ᠬᠤᠣᠷᠯᠠᠭᠰᠠᠨ ᠪᠠᠶᠢᠳᠠᠯ ᠲᠠᠢ ᠪᠤᠶᠤ ᠦᠬᠦᠭᠰᠡᠨ | ︵ᠲᠠᠪᠤ︶ ᠦᠢᠮᠡᠯᠳᠦᠨ ᠱᠤᠤᠭᠢᠯᠳᠤᠬᠤ᠂ ᠪᠥᠭᠡᠮᠨᠡᠷᠡᠨ ᠵᠣᠭᠤᠰ ᠨᠠᠭᠠᠳᠬᠤ ᠪᠤᠶᠤ ᠤᠯᠡᠠ ᠨᠡᠶᠢᠲᠡ ᠶᠢᠨ | ᠠᠮᠤᠷ ᠲᠦᠪᠰᠢᠨ᠂ ᠤᠯᠡᠠ ᠨᠡᠶᠢᠲᠡ ᠶᠢᠨ ᠡᠮᠬᠢ ᠵᠢᠷᠤᠮ ᠵᠢᠴᠢ ᠰᠠᠶᠢᠨ ᠰᠠᠶᠢᠬᠠᠨ ᠵᠠᠩ ᠳᠠᠳᠬᠠᠯ ᠢ ᠬᠠᠷᠰᠢᠯᠠᠬᠤ | ᠪᠤᠰᠤᠳ ᠤᠢᠢᠯᠠ ᠠᠵᠢᠯᠯᠠᠭ᠎ᠠ ᠲᠠᠢ ᠪᠠᠶᠢᠵᠤ᠂ ᠢᠳᠬᠠᠨ ᠬᠤᠷᠢᠭᠯᠠᠬᠤ ᠶᠢ ᠤᠶᠢᠯᠦ ᠰᠣᠨᠣᠰᠤᠭᠰᠠᠨ | ︵ᠵᠢᠷᠭᠤᠭ᠎ᠠ︶ ᠪᠡᠶ᠎ᠡ ᠶᠢᠨ ᠭᠡᠷᠡᠴᠢ ᠮᠡᠲ᠋ᠧᠷᠢᠶᠠᠯ ᠢ ᠪᠡᠶ᠎ᠡ ᠳᠡᠭᠡᠨ ᠠᠪᠴᠤ ᠶᠠᠪᠤᠭᠰᠠᠨ ᠦᠭᠡᠢ ᠪᠤᠶᠤ | ᠬᠤᠨᠤᠭ ᠤᠨ ᠳᠠᠩᠰᠠᠯᠠᠯᠲᠠ ᠬᠢᠬᠦ ᠶᠢ ᠲᠡᠪᠴᠢᠭᠰᠡᠨ ᠪᠦᠭᠡᠳ ᠠᠯᠪᠠᠳᠠᠯᠭ᠎ᠠ ᠪᠠᠷ ᠬᠤᠨᠤᠭ ᠠᠪᠬᠤ ᠪᠠᠷ | ᠱᠠᠭᠠᠷᠳᠠᠭᠰᠠᠨ | ︵ᠲᠤᠯᠤᠭ᠎ᠠ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠤᠰᠤᠳ ᠦᠢᠯᠡ | ᠠᠵᠢᠯᠯᠠᠭ᠎ᠠ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠳᠡᠬᠦ ᠶᠣᠰᠣᠲᠠᠢ ᠵᠦᠢᠯᠡᠰ | ᠭᠤᠴᠢᠨ ᠵᠢᠷᠭᠤᠳᠤᠭᠠᠷ ᠵᠦᠢᠯ ᠳᠠᠩᠰᠠᠯᠠᠭᠤᠯᠬᠤ ᠪᠠᠷ ᠭᠤᠶᠤᠴᠢᠯᠠᠭᠰᠠᠨ ᠪᠡᠯᠡᠳᠬᠡᠯ ᠲᠠᠩᠰᠠ ᠦᠭᠡᠢ ᠪᠠᠷ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠢ ᠳᠤᠷ᠎ᠠ ᠪᠠᠷ ᠢᠶᠠᠨ ᠡᠵᠡᠩᠨᠡᠬᠦ ᠦᠶᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠵᠤ ᠮᠡᠳᠡᠪᠡᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠢᠶᠠᠷ ᠰᠢᠳᠬᠡᠨ ᠲᠣᠷᠭᠠᠨ᠎ᠠ᠃ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ ᠠᠷᠭ᠎ᠠ ᠵᠠᠮ ᠢ | ᠰᠠᠭᠠᠳ ᠦᠭᠡᠢ ᠨᠠᠪᠲᠠᠷᠡᠭᠦᠯᠵᠦ᠂ ᠢᠯᠡᠴᠢᠯᠡᠨ ᠮᠡᠳᠡᠭᠦᠯᠦᠭᠰᠡᠳ ᠢ ᠪᠠᠶᠢᠴᠠᠭᠠᠨ ᠲᠣᠳᠣᠯᠠᠭᠰᠠᠨ ᠤ ᠳᠠᠷᠠᠭ᠎ᠠ ᠱᠠᠩᠨᠠᠨ | ᠬᠥᠬᠢᠭᠦᠯᠬᠦ ᠬᠡᠷᠡᠭᠲᠡᠢ᠃ ᠠᠯᠪᠠᠨ ᠲᠤᠰᠢᠶᠠᠯᠲᠠᠨ ᠳᠤ ᠬᠤᠯᠪᠣᠭᠳᠠᠭᠰᠠᠳ ᠢ ᠴᠥᠮ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠲᠤᠰᠢᠶᠠᠵᠤ ᠴᠢᠩᠭ᠎ᠠ ᠰᠢᠢᠳᠪᠦᠷᠢᠯᠡᠭᠦᠯᠦᠨ᠎ᠡ᠃ | ᠭᠤᠴᠢᠨ ᠳᠣᠯᠣᠳᠤᠭᠠᠷ ᠵᠦᠢᠯ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠬᠢᠨᠠᠯᠲᠠ ᠬᠠᠮᠢᠶᠠᠷᠤᠯᠲᠠ ᠳᠤᠲᠠᠭᠳᠠᠭᠰᠠᠨ | ᠪᠤᠶᠤ ᠲᠤᠰᠢᠶᠠᠯ ᠢᠶᠠᠨ ᠭᠦᠢᠴᠡᠳ ᠭᠦᠢᠴᠡᠳᠬᠡᠭᠰᠡᠨ ᠦᠭᠡᠢ ᠪᠣᠯ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ | ᠰᠢᠢᠳᠪᠦᠷᠢᠯᠡᠨ᠎ᠡ᠃ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠣᠯ ᠬᠠᠮᠢᠶ᠎ᠠ ᠪᠦᠬᠦᠢ ᠬᠠᠤᠯᠢ ᠲᠤᠭᠳᠠᠭᠠᠯ | ᠶᠤᠰᠤᠭᠠᠷ ᠰᠢᠢᠳᠪᠦᠷᠢᠯᠡᠨ᠎ᠡ᠃ | ᠭᠤᠴᠢᠨ ᠨᠠᠢᠮᠠᠳᠤᠭᠠᠷ ᠵᠦᠢᠯ ᠲᠤᠰ ᠠᠷᠭ᠎ᠠ ᠶᠢ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠤᠪᠴᠢᠶᠠᠨ ᠠᠴᠠ | ᠬᠠᠷᠢᠭᠤᠴᠠᠨ ᠲᠠᠶᠢᠯᠪᠤᠷᠢᠯᠠᠨ᠎ᠠ᠃ | ᠭᠤᠴᠢ ᠶᠢᠰᠦᠳᠦᠭᠡᠷ ᠵᠦᠢᠯ ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠯᠲᠡ ᠶᠢ ᠥᠷᠨᠢᠭᠦᠯᠦᠭᠰᠡᠨ ᠪᠠᠶᠢᠪᠠᠯ᠂ | ᠲᠣᠰ ᠠᠷᠭ᠎ᠠ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠲᠣᠰ ᠠᠷᠭ᠎ᠠ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ | ᠭᠠᠵᠠᠷ ᠢ ᠳᠠᠩᠰᠠᠯᠠᠭᠤᠯᠬᠤ ᠪᠠᠷ ᠭᠤᠶᠤᠴᠢᠯᠠᠬᠤ ᠬᠡᠷᠡᠭᠲᠡᠢ᠂ ᠬᠤᠭᠤᠴᠠᠭ᠎ᠠ ᠬᠡᠲᠦᠷᠡᠲᠡᠯ᠎ᠡ ᠳᠠᠩᠰᠠᠯᠠᠭᠤᠯᠬᠤ ᠦᠭᠡᠢ ᠪᠣᠯ | ᠬᠠᠤᠯᠢ ᠪᠤᠰᠤ ᠪᠠᠷ ᠡᠵᠡᠩᠨᠡᠭᠰᠡᠨ ᠢᠶᠠᠷ ᠦᠵᠡᠨ᠎ᠡ᠃ | ᠳᠥᠴᠢᠳᠦᠭᠡᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ | ᠬᠦᠴᠦᠨ ᠲᠠᠢ ᠬᠤᠭᠤᠴᠠᠭ᠎ᠠ ᠨᠢ 2 ᠵᠢᠯ ᠪᠣᠯᠣᠨ᠎ᠠ᠃ | |