Q᠄ | ︽ᠠᠷᠭ᠎ᠠ︾ ᠳᠠᠬᠢ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠪᠣᠳᠠᠲᠠᠢ | ᠬᠦᠷᠢᠶ᠎ᠡ ᠬᠡᠪᠴᠢᠶ᠎ᠡ ᠳᠤ ᠶᠠᠭᠤ ᠶᠠᠭᠤ ᠪᠠᠶᠢᠬᠤ ᠪᠣᠶ︖ | ᠠᠷᠭ᠎ᠠ ᠳᠤ ᠬᠡᠯᠡᠵᠦ ᠪᠠᠶᠢᠭ᠎ᠠ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ | ᠭᠡᠳᠡᠭ ᠨᠢ ᠬᠠᠤᠯᠢ ᠶᠣᠰᠣᠨ ᠤ ᠭᠡᠷ ᠪᠠᠶᠢᠰᠢᠩ ᠢᠶᠠᠷ ᠦᠨᠳᠦᠰᠦᠨ ᠭᠥᠯᠢᠶᠡᠨ ᠠᠪᠬᠤ ᠨᠢᠭᠡᠴᠡ ᠪᠣᠯᠭᠠᠵᠤ᠂ | ᠬᠤᠨᠣᠭᠯᠠᠬᠤ ᠠᠶᠠᠨᠴᠢᠳ ᠢᠶᠠᠷ ᠭᠥᠯᠢᠶᠡᠨ ᠠᠪᠬᠤ ᠡᠲᠡᠭᠡᠳ ᠢᠶᠠᠨ ᠪᠣᠯᠭᠠᠵᠤ᠂ ᠬᠠᠮᠢᠶᠠᠷᠤᠯᠲᠠ ᠦᠢᠯᠡᠴᠢᠯᠡᠭᠡ ᠪᠠᠷ | ᠭᠤᠣᠯ ᠬᠡᠯᠪᠡᠷᠢ ᠪᠣᠯᠭᠠᠭᠰᠠᠨ ᠵᠢᠵᠢᠭ ᠬᠡᠯᠪᠡᠷᠢ ᠶᠢᠨ ᠵᠢᠭᠤᠯᠴᠢᠯᠠᠭᠴᠢᠳ ᠢ ᠬᠦᠯᠢᠶᠡᠨ ᠠᠪᠴᠤ ᠬᠤᠨᠤᠭᠯᠠᠭᠤᠯᠬᠤ | ᠪᠡᠯᠡᠳᠬᠡᠮᠵᠢ ᠶᠢ ᠵᠢᠭᠠᠵᠤ ᠪᠣᠶ᠂ ᠡᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠪᠣᠯᠣᠨ ᠡᠯ᠎ᠡ ᠦᠵᠡᠮᠵᠢ ᠶᠢᠨ | ᠣᠷᠣᠨ ᠤ ᠥᠪᠡᠷ ᠤᠨ ᠭᠡᠷ ᠪᠠᠶᠢᠰᠢᠩ᠂ ᠮᠣᠩᠭᠤᠯ ᠭᠡᠷ᠂ ᠮᠣᠳᠣᠨ ᠭᠡᠷ᠂ ᠭᠡᠷ ᠲᠡᠷᠭᠡ᠂ ᠬᠢᠰᠤᠭ᠎ᠠ ᠬᠡᠯᠪᠡᠷᠢ ᠶᠢᠨ ᠭᠡᠷ | ᠵᠡᠷᠭᠡ ᠵᠢᠴᠢ ᠬᠤᠪᠢ ᠶᠢᠨ ᠵᠢᠯᠤᠭᠤᠳᠤᠭᠰᠠᠨ ᠮᠠᠰᠢᠨ ᠲᠡᠷᠭᠡ ᠪᠤᠶᠤ ᠭᠡᠷ ᠲᠡᠷᠭᠡ ᠶᠢᠨ ᠪᠠᠭᠤᠳᠠᠯᠯᠠᠬᠤ ᠳᠤ | ᠬᠠᠩᠭᠠᠭᠰᠠᠨ ᠭᠠᠵᠠᠷ ᠪᠠᠭᠲᠠᠨ᠎ᠠ᠃ | Q᠄ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠨᠢ ᠶᠠᠮᠠᠷ ᠶᠠᠮᠠᠷ | ᠨᠥᠬᠦᠴᠡᠯ ᠢ ᠪᠦᠷᠢᠯᠳᠦᠭᠦᠯᠬᠦ ᠬᠡᠷᠡᠭᠲᠡᠢ ᠪᠣᠶ︖ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠭᠡᠷ | ᠪᠠᠶᠢᠰᠢᠩ ᠤᠨ ᠬᠠᠤᠯᠢ ᠶᠣᠰᠣᠨ ᠤ ᠡᠷᠬᠡ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ᠂ ᠭᠡᠷ ᠪᠠᠶᠢᠰᠢᠩ | ᠬᠤᠳᠠᠯᠳᠤᠨ ᠠᠪᠬᠤ ᠭᠡᠷ᠎ᠡ᠂ ᠭᠡᠷ ᠪᠠᠶᠢᠰᠢᠩ ᠲᠦᠷᠢᠶᠡᠰᠦᠯᠡᠬᠦ ᠭᠡᠷ᠎ᠡ︶ ᠲᠠᠢ ᠪᠠᠶᠢᠬᠤ ᠶᠢᠨ ᠬᠠᠮᠲᠤ ᠠᠶᠠᠨᠴᠢᠳ ᠢ | ᠭᠥᠯᠢᠶᠡᠨ ᠠᠪᠬᠤ ᠵᠣᠬᠢᠬᠤ ᠬᠠᠲᠠᠭᠤ ᠲᠤᠨᠤᠭ ᠲᠥᠬᠦᠭᠡᠷᠦᠮᠵᠢ ᠶᠢᠨ ᠪᠡᠯᠡᠳᠬᠡᠮᠵᠢ ᠲᠠᠢ ᠪᠠᠶᠢᠬᠤ ᠬᠡᠷᠡᠭᠲᠡᠢ᠃ ᠭᠡᠷ | ᠪᠠᠶᠢᠰᠢᠩ ᠢ ᠵᠠᠰᠠᠵᠤ ᠴᠢᠮᠡᠭᠯᠡᠭᠰᠡᠨ ᠢᠶᠠᠷ ᠰᠠᠶᠢᠨ᠂ ᠰᠠᠯᠬᠢ ᠨᠡᠪᠲᠡᠷᠡᠭᠰᠡᠨ᠂ ᠭᠡᠷᠡᠯᠲᠦᠭᠦᠯᠬᠦ ᠨᠥᠬᠦᠴᠡᠯ ᠨᠢ ᠰᠠᠶᠢᠨ | ᠪᠠᠶᠢᠬᠤ ᠬᠡᠷᠡᠭᠲᠡᠢ᠃ ᠡᠷᠡᠭᠦᠯ ᠢ ᠬᠠᠮᠠᠭᠠᠯᠠᠬᠤ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ᠃ ᠴᠢᠬᠤᠯᠠ ᠪᠦᠬᠦᠢ ᠠᠮᠢᠳᠤᠷᠠᠯ ᠤᠨ ᠬᠡᠷᠡᠭᠰᠡᠯ᠂ ᠠᠮᠢᠳᠤᠷᠠᠯ ᠤᠨ ᠦᠢᠯᠡᠴᠢᠯᠡᠭᠡᠨ ᠤ ᠲᠥᠬᠦᠭᠡᠷᠦᠮᠵᠢ ᠪᠠ | ᠠᠷᠢᠭᠤᠳᠬᠠᠵᠤ ᠠᠷᠢᠯᠭᠠᠬᠤ ᠬᠡᠷᠡᠭᠰᠡᠯ ᠢ ᠲᠣᠬᠢᠷᠠᠭᠤᠯᠬᠤ ᠭᠡᠷᠡᠭᠳᠡᠢ᠃ | Q᠄ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠢ ᠡᠷᠭᠢᠯᠡᠬᠦ ᠳᠤ ᠶᠠᠮᠠᠷ ᠶᠠᠮᠠᠷ | ᠶᠠᠪᠤᠴᠠ ᠪᠠᠶᠢᠬᠤ ᠪᠣᠶ︖ | ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠷᠣᠨ ᠰᠠᠭᠤᠴᠠ ᠳᠤ ᠪᠠᠨ | ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠠᠶᠢᠳᠠᠨ ᠳᠠᠩᠰᠠᠯᠠᠭᠤᠯᠬᠤ ᠶᠠᠪᠤᠴᠠ ᠶᠢ ᠬᠠᠷᠢᠭᠤᠴᠠᠨ᠎ᠠ᠃ | ᠡᠵᠡᠨ᠎ᠡ ᠬᠤᠰᠢᠭᠤᠨ ᠤ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠢ ᠭᠤᠶᠤᠴᠢᠯᠠᠨ | ᠬᠢᠭᠴᠢ ᠡᠷᠬᠡᠪᠰᠢ ᠭᠤᠷᠪᠠᠳᠠᠭᠢ ᠡᠲᠡᠭᠡᠳ ᠤᠨ ᠨᠡᠭᠡᠭᠡᠨ ᠬᠦᠭᠵᠢᠭᠦᠯᠦᠭᠰᠡᠨ ᠬᠤᠨᠤᠭ ᠤᠨ ᠭᠠᠵᠠᠷ ᠢ ᠳᠡᠩᠰᠡᠯᠡᠨ | ᠲᠡᠮᠳᠡᠭᠯᠡᠬᠦ ᠡᠯᠧᠺᠲᠷᠣᠨ ᠲᠠᠪᠴᠠᠩ ᠳᠤ ᠳᠡᠩᠰᠡᠯᠡᠨ ᠲᠡᠮᠳᠡᠭᠯᠡᠭᠦᠯᠬᠦ ᠬᠡᠷᠡᠭᠲᠡᠢ︔ ᠳᠠᠩᠰᠠᠯᠠᠬᠤ ᠠᠭᠤᠯᠭ᠎ᠠ ᠳᠤ᠄ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠡᠷᠡᠶᠢᠳᠦᠯ᠂ ᠬᠠᠶ᠋ᠢᠭ᠂ | ᠡᠵᠡᠩᠨᠡᠯᠲᠡ ᠶᠢᠨ ᠬᠡᠪᠴᠢᠶ᠎ᠡ᠂ ᠭᠥᠯᠢᠶᠡᠨ ᠠᠪᠬᠤ ᠴᠢᠳᠠᠪᠤᠷᠢ᠂ ᠡᠵᠡᠩᠨᠡᠭᠴᠢ ᠶᠢᠨ ᠣᠪᠣᠭ ᠨᠡᠷ᠎ᠡ ᠵᠢᠴᠢ ᠬᠠᠷᠢᠯᠴᠠᠬᠤ | ᠠᠷᠭ᠎ᠠ ᠮᠠᠶ᠋ᠢᠭ︔ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠪᠠᠷᠢᠯᠭ᠎ᠠ ᠶᠢᠨ | ᠲᠠᠯᠠᠪᠠᠶ᠂ ᠪᠠᠷᠢᠯᠭ᠎ᠠ ᠶᠢᠨ ᠳᠠᠪᠬᠤᠷᠭ᠎ᠠ ᠶᠢᠨ ᠲᠤᠭ᠎ᠠ᠂ ᠵᠣᠴᠢᠨ ᠤ ᠦᠷᠦᠭᠡᠨ ᠤ ᠲᠤᠭ᠎ᠠ᠂ ᠣᠷᠣᠨ ᠰᠠᠭᠤᠴᠠ ᠳᠤ ᠪᠠᠨ | ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠪᠠᠷᠢᠯᠭ᠎ᠠ ᠶᠢᠨ ᠡᠷᠬᠡ ᠶᠢᠨ ᠬᠠᠷᠢᠶᠠᠯᠠᠯ ᠵᠢᠴᠢ ᠲᠥᠷᠥᠯ ᠢᠯᠭᠠᠯ᠃ | ᠢᠳᠡᠭᠡᠨ ᠤ ᠪᠣᠷᠤᠯᠠᠭᠤᠯᠭ᠎ᠠ᠂ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠬᠤ ᠳᠤ ᠪᠠᠰᠠ ᠭᠤᠷᠪᠠᠳᠠᠭᠢ | ᠡᠲᠡᠭᠡᠳ ᠤᠨ ᠨᠡᠭᠡᠭᠡᠨ ᠬᠦᠭᠵᠢᠭᠦᠯᠦᠭᠰᠡᠨ ᠬᠤᠨᠤᠭ ᠤᠨ ᠭᠠᠵᠠᠷ ᠢ ᠳᠠᠩᠰᠠᠯᠠᠬᠤ ᠲᠠᠪᠴᠠᠩ ᠳᠡᠭᠡᠷ᠎ᠡ ᠢᠳᠡᠭᠡᠨ ᠤ | ᠡᠵᠡᠩᠨᠡᠯᠲᠡ ᠶᠢᠨ ᠵᠥᠪᠰᠢᠶᠡᠷᠡᠯ ᠤᠨ ᠭᠡᠷᠡᠴᠢ ᠪᠠᠷᠢᠮᠲᠠ ᠶᠢ ᠬᠠᠩᠭᠠᠬᠤ ᠬᠡᠷᠡᠭᠲᠡᠢ᠃ ᠭᠤᠶᠤᠴᠢᠯᠠᠭᠴᠢ ᠨᠢ | ᠳᠠᠩᠰᠠᠯᠠᠭᠤᠯᠤᠭᠰᠠᠨ ᠠᠭᠤᠯᠭ᠎ᠠ ᠶᠢᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠶᠢᠨ ᠬᠠᠮᠲᠤ ᠪᠠᠶᠢᠭ᠎ᠠ ᠰᠤᠮᠤ | ᠪᠠᠯᠭᠠᠰᠤᠨ ᠳᠠᠭᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠵᠠᠬ᠎ᠠ | ᠳᠡᠯᠭᠡᠭᠦᠷ ᠤᠨ ᠬᠢᠨᠠᠨ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠰᠣᠶᠣᠯ ᠵᠢᠭᠤᠯᠴᠢᠯᠠᠯ | ᠵᠡᠷᠭᠡ ᠰᠠᠯᠠᠭ᠎ᠠ ᠮᠥᠴᠢᠷ ᠬᠠᠮᠲᠤ ᠪᠠᠷ ᠡᠳ᠋ᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠷ | ᠲᠦᠷᠦᠭᠦᠯᠡᠭᠦᠯᠦᠨ ᠬᠠᠮᠲᠤᠷᠠᠨ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ | ᠬᠤᠰᠢᠭᠤᠨ ᠤ ᠬᠤᠨᠤᠭ ᠤᠨ ᠭᠠᠵᠠᠷ ᠤᠨ ᠨᠡᠶᠢᠭᠡᠮᠯᠢᠭ ᠠᠴᠠ ᠡᠵᠡᠨ᠎ᠡ ᠬᠤᠰᠢᠭᠤᠨ ᠤ ᠬᠤᠨᠤᠭ ᠤᠨ ᠭᠠᠵᠠᠷ ᠤᠨ | ᠨᠢᠭᠡᠳᠦᠯᠲᠡᠢ ᠲᠡᠮᠳᠡᠭ ᠢ ᠲᠠᠷᠬᠠᠭᠠᠵᠤ᠂ ᠬᠤᠨᠤᠭ ᠤᠨ ᠭᠠᠵᠠᠷ ᠤᠨ ᠡᠵᠡᠩᠨᠡᠭᠴᠢ ᠡᠷᠬᠡᠪᠰᠢ ᠣᠷᠣᠨ ᠰᠠᠭᠤᠴᠠ ᠳᠤ ᠪᠠᠨ | ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠡᠶᠢᠭᠡᠮᠯᠢᠭ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠠᠯᠠᠪᠤᠷ ᠤᠨ ᠬᠤᠶᠠᠷ ᠬᠡᠮᠵᠢᠯᠲᠦ ᠺᠣᠳ᠋᠂ ᠵᠢᠭᠤᠯᠴᠢᠯᠠᠯ ᠤᠨ ᠦᠢᠯᠡᠴᠢᠯᠡᠭᠡᠨ ᠤ ᠠᠵᠢᠯ ᠲᠥᠷᠥᠯ ᠤᠨ | ᠪᠠᠷᠢᠮᠵᠢᠶ᠎ᠠ᠂ ᠵᠤᠭᠠᠴᠠᠭᠰᠠᠳ ᠤᠨ ᠪᠣᠯᠪᠠᠰᠤᠨ ᠵᠢᠭᠤᠯᠴᠢᠯᠠᠯ ᠤᠨ ᠡᠷᠬᠡᠪᠰᠢ ᠮᠡᠳᠡᠬᠦ ᠵᠦᠢᠯᠡᠰ᠂ ᠡᠵᠡᠨ᠎ᠡ ᠬᠤᠰᠢᠭᠤᠨ ᠤ | ᠵᠢᠭᠤᠯᠴᠢᠯᠠᠯ ᠤᠨ ᠤᠬᠠᠭᠤᠯᠭ᠎ᠠ ᠶᠢᠨ ᠳᠡᠪᠲᠡᠷ ᠢ ᠭᠤᠶᠤᠴᠢᠯᠠᠨ ᠠᠪᠤᠪᠠᠯ ᠰᠠᠶ᠋ᠢ ᠵᠤᠭᠠᠴᠠᠭᠰᠠᠳ ᠢ ᠭᠥᠯᠢᠶᠡᠨ ᠠᠪᠴᠤ | ᠪᠣᠯᠣᠨ᠎ᠠ᠃ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠯᠴᠠᠬᠤ ᠠᠰᠠᠭᠤᠨ ᠯᠠᠪᠯᠠᠬᠤ ᠤᠲᠠᠰᠤ᠄ | ᠰᠣᠶᠤᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ ᠯᠢ ᠴᠦᠨ 13514831057 | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠯᠢ ᠸᠠᠨ ᠷᠦ 18204831389 | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠠᠯᠳᠠᠭᠠᠳᠠᠰᠤ 18704835657 | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠰᠧ ᠬᠠᠢ ᠵᠢᠶᠦ᠋ᠨ 13514838871 | Q᠄ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠶᠠᠮᠠᠷ ᠶᠠᠮᠠᠷ | ᠬᠠᠷᠢᠭᠤᠴᠠᠯᠭ᠎ᠠ ᠪᠠ ᠡᠭᠦᠷᠭᠡ ᠶᠢ ᠭᠦᠢᠴᠡᠳᠬᠡᠬᠦ ᠴᠢᠬᠤᠯᠠᠲᠠᠢ ᠪᠣᠶ︖ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠡᠷᠬᠡᠪᠰᠢ | ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ | ᠡᠵᠡᠩᠨᠡᠭᠴᠢᠳ ᠡᠷᠬᠡᠪᠰᠢ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠲᠡᠮᠳᠡᠭ | ᠫᠠᠶᠢᠰᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯᠠᠪᠤᠷ ᠤᠨ ᠺᠣᠳ᠋᠂ ᠡᠯ᠎ᠡ ᠲᠥᠷᠥᠯ ᠤᠨ | ᠵᠥᠪᠰᠢᠶᠡᠷᠡᠯ ᠤᠨ ᠦᠨᠡᠮᠯᠡᠯ᠂ ︽ᠠᠶᠠᠨᠴᠢᠳ ᠤᠨ ᠪᠣᠯᠪᠠᠰᠤᠨ ᠢᠶᠠᠷ ᠵᠢᠭᠤᠯᠴᠢᠯᠠᠬᠤ ᠳᠤ ᠡᠷᠬᠡᠪᠰᠢ ᠮᠡᠳᠡᠬᠦ ᠵᠦᠢᠯᠡᠰ︾ | ᠵᠡᠷᠭᠡ ᠶᠢ ᠭᠡᠷ ᠤᠨ ᠢᠯᠡ ᠪᠠᠶᠢᠷᠢᠨ ᠳᠤ ᠲᠠᠯᠪᠢᠵᠤ᠂ ᠠᠶᠠᠨᠴᠢᠳ ᠤᠨ ᠢᠯᠭᠠᠨ ᠲᠠᠨᠢᠬᠤ ᠪᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠳᠤ ᠲᠥᠬᠦᠮ ᠦᠵᠡᠭᠦᠯᠬᠦ ᠬᠡᠷᠡᠭᠲᠡᠢ᠃ ᠡᠵᠡᠩᠨᠡᠭᠴᠢᠳ | ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠷ ᠢᠶᠠᠨ ᠬᠠᠤᠯᠢ ᠶᠣᠰᠣᠭᠠᠷ ᠡᠵᠡᠩᠨᠡᠵᠦ᠂ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠬᠠᠤᠯᠢ ᠶᠣᠰᠣᠭᠠᠷ ᠤᠭᠰᠠᠷᠠᠨ ᠬᠡᠷᠡᠭᠯᠡᠬᠦ ᠪᠤᠶᠤ | ᠲᠤᠭᠲᠠᠭᠠᠭᠰᠠᠨ ᠣᠷᠣᠵᠤ ᠰᠠᠭᠤᠬᠤ ᠳᠠᠩᠰᠠᠯᠠᠯᠲᠠ ᠶᠢᠨ ᠡᠬᠡ ᠳᠠᠩᠰᠠ ᠶᠢ ᠤᠭᠰᠠᠷᠠᠨ ᠬᠡᠷᠡᠭᠯᠡᠬᠦ ᠬᠡᠷᠡᠭᠲᠡᠢ᠃ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠬᠤᠨᠤᠭ ᠤᠨ ᠭᠠᠵᠠᠷ ᠤᠨ ᠠᠶᠤᠯ | ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠪᠣᠯᠣᠨ᠎ᠠ᠃ | ᠡᠵᠡᠩᠨᠡᠭᠴᠢᠳ ᠵᠣᠬᠢᠰᠲᠠᠢ ᠦᠨ᠎ᠡ ᠲᠣᠭᠲᠠᠭᠠᠵᠤ᠂ ᠵᠣᠴᠢᠨ ᠤ ᠥᠷᠥᠭᠡᠨ ᠤ ᠦᠨ᠎ᠡ ᠬᠠᠩᠰᠢ ᠶᠢ ᠢᠯᠡ ᠭᠠᠵᠠᠷ | ᠬᠠᠳᠠᠵᠤ᠂ ᠵᠢᠭᠤᠯᠴᠢᠯᠠᠭᠴᠢᠳ ᠲᠤ ᠦᠨ᠎ᠡ ᠬᠠᠩᠰᠢ ᠶᠢ ᠢᠯᠡ ᠨᠡᠶᠢᠲᠡᠯᠡᠵᠦ᠂ ᠵᠢᠭᠤᠯᠴᠢᠯᠠᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ︔ ᠠᠶᠤᠯ ᠭᠠᠷᠴᠤ ᠮᠡᠳᠡᠬᠦ ᠣᠷᠣᠨ ᠪᠦᠰᠡ ᠪᠠ | ᠵᠦᠢᠯᠡᠰ ᠲᠤ ᠰᠡᠷᠡᠮᠵᠢ ᠶᠢᠨ ᠲᠡᠮᠳᠡᠭ ᠲᠠᠯᠪᠢᠬᠤ ᠪᠥᠭᠡᠳ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ | ᠬᠡᠮᠵᠢᠶ᠎ᠡ ᠠᠪᠬᠤ ᠬᠡᠷᠡᠭᠲᠡᠢ᠃ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠡᠵᠡᠩᠨᠡᠭᠴᠢᠳ ᠤᠨ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠳᠠᠭᠠᠳᠬᠠᠯ᠂ ᠭᠠᠯ ᠤᠨ ᠠᠳᠡᠯ ᠤᠨ ᠳᠠᠭᠠᠳᠬᠠᠯ᠂ | ᠬᠥᠯᠥᠰᠦᠯᠡᠭᠰᠡᠨ ᠬᠥᠮᠥᠨ ᠤ ᠪᠡᠶ᠎ᠡ ᠮᠠᠬᠠᠪᠤᠳ ᠤᠨ ᠭᠡᠮᠲᠦᠯ ᠤᠨ ᠭᠡᠨᠡᠳᠲᠡ ᠶᠢᠨ ᠳᠠᠭᠠᠳᠬᠠᠯ ᠵᠡᠷᠭᠡ ᠬᠤᠳᠠᠯᠳᠤᠭᠠᠨ ᠤ | ᠳᠠᠭᠠᠳᠬᠠᠯ ᠳᠤ ᠣᠷᠣᠬᠤ ᠶᠢ ᠵᠣᠷᠢᠭᠵᠢᠭᠤᠯᠵᠤ᠂ ᠡᠵᠡᠩᠨᠡᠯᠲᠡ ᠵᠢᠨᠡᠵᠡᠩᠨᠡᠭᠴᠢᠳ ᠵᠠᠬ᠎ᠠ ᠳᠡᠯᠭᠡᠭᠦᠷ ᠤᠨ ᠬᠢᠨᠠᠨ | ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ ᠬᠥᠭᠵᠢᠭᠦᠯᠦᠯᠲᠡ | ᠥᠭᠡᠷᠡᠴᠢᠯᠡᠯᠲᠡ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠬᠤᠯᠪᠣᠭᠳᠠᠯ | ᠪᠦᠬᠦᠢ ᠮᠡᠳᠡᠯᠭᠡ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠤ ᠵᠢᠯ ᠪᠦᠷᠢ ᠠᠳᠠᠭ ᠲᠠᠭᠠᠨ ᠨᠢᠭᠡ ᠤᠳᠠᠭ᠎ᠠ | ᠣᠷᠤᠯᠴᠠᠬᠤ ᠬᠡᠷᠡᠭᠲᠡᠢ᠃ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ | ᠵᠢᠭᠤᠯᠴᠢᠯᠠᠭᠴᠢᠳ ᠲᠠᠯᠠᠪᠤᠷ ᠤᠨ ᠺᠣᠳ᠋ ᠢ ᠰᠢᠷᠪᠢᠨ ᠲᠠᠩᠰᠠᠯᠠᠭᠤᠯᠬᠤ ᠶᠢ ᠱᠠᠭᠠᠷᠳᠠᠬᠤ ᠶᠢᠨ ᠬᠠᠮᠲᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢ | ᠵᠢᠷᠤᠮᠯᠠᠨ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ | ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ᠪᠠ ᠳᠡᠯᠭᠡᠷᠡᠬᠦ ᠶᠢ ᠰᠡᠷᠭᠡᠶᠢᠯᠡᠨ᠂ ᠬᠡᠷᠡᠭᠯᠡᠭᠴᠢᠳ ᠤᠨ ᠡᠷᠡᠭᠦᠯ | ᠮᠡᠨᠳᠦ ᠶᠢ ᠪᠠᠲᠤᠯᠠᠬᠤ ᠬᠡᠷᠡᠭᠲᠡᠢ᠃ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠮᠡᠳᠡᠭᠡ ᠵᠠᠩᠭᠢ ᠶᠢ ᠴᠥᠮ ᠬᠠᠮᠢᠶ᠎ᠠ ᠪᠦᠬᠦᠢ ᠰᠦᠯᠵᠢᠶᠡᠨ ᠤ ᠲᠠᠪᠴᠠᠩ ᠳᠤ ᠨᠡᠶᠢᠲᠡᠯᠡᠵᠦ᠂ ᠵᠢᠭᠤᠯᠴᠢᠯᠠᠭᠴᠢᠳ ᠤᠨ | ᠵᠠᠬᠢᠶᠠᠯᠠᠭ᠎ᠠ ᠶᠢ ᠬᠦᠯᠢᠶᠡᠨ᠎ᠡ︔ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ | ᠡᠵᠡᠩᠨᠡᠭᠴᠢ ᠵᠢᠭᠤᠯᠴᠢᠯᠠᠭᠴᠢᠳ ᠤᠨ ᠠᠵᠢᠯᠯᠠᠭᠠᠨ ᠤ ᠳᠤᠮᠳᠠ ᠠᠶᠤᠯ ᠲᠦᠭᠰᠢᠭᠦᠷᠢ ᠭᠠᠷᠴᠤ ᠮᠡᠳᠡᠬᠦ ᠪᠠᠶᠢᠳᠠᠯ ᠢ | ᠰᠠᠨᠠᠭᠤᠯᠤᠨ ᠮᠡᠳᠡᠭᠳᠡᠬᠦ ᠡᠭᠦᠷᠭᠡ ᠲᠠᠢ ᠪᠥᠭᠡᠳ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ | ᠠᠪᠤᠨ᠎ᠠ᠃ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠡᠭᠦᠰᠬᠦ ᠦᠶ᠎ᠡ ᠳᠤ᠂ ᠣᠷᠣᠨ ᠰᠠᠭᠤᠴᠠ ᠳᠤ ᠪᠠᠨ | ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠡᠷᠬᠡᠪᠰᠢ ᠳᠠᠷᠤᠢ ᠲᠦᠷᠭᠡᠨ ᠪᠦᠲᠦᠮᠵᠢᠲᠡᠶ ᠠᠷᠭ᠎ᠠ | ᠬᠡᠮᠵᠢᠶ᠎ᠡ ᠠᠪᠴᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠬᠠᠮᠲᠤ᠂ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠳᠠᠷᠤᠢ ᠲᠦᠷᠭᠡᠨ ᠦᠨᠡᠨ ᠮᠥᠨ ᠢᠶᠠᠷ ᠨᠢ ᠮᠡᠳᠡᠭᠦᠯᠬᠦ | ᠬᠡᠷᠡᠭᠲᠡᠢ᠃ ᠬᠦᠨᠳᠦ ᠶᠡᠭᠡ ᠪᠠᠶᠢᠭᠠᠯᠢ ᠶᠢᠨ ᠭᠠᠮᠰᠢᠭ ᠪᠤᠶᠤ ᠭᠡᠨᠡᠳᠲᠡ ᠡᠭᠦᠰᠦᠭᠰᠡᠨ ᠬᠢᠵᠢᠭ ᠵᠡᠷᠭᠡ ᠪᠠᠶᠢᠳᠠᠯ ᠭᠠᠷᠪᠠᠯ᠂ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠠᠴᠠ ᠵᠠᠰᠠᠭ ᠤᠨ | ᠣᠷᠳᠣᠨ ᠤ ᠰᠠᠯᠠᠭ᠎ᠠ ᠮᠥᠴᠢᠷ ᠢ ᠬᠠᠮᠵᠢᠨ ᠵᠤᠭᠠᠴᠠᠭᠰᠠᠳ ᠢ ᠢᠳᠬᠠᠨ ᠪᠤᠴᠠᠭᠠᠬᠤ ᠪᠤᠶᠤ ᠰᠢᠯᠵᠢᠭᠦᠯᠬᠦ ᠠᠵᠢᠯ ᠢ | ᠰᠠᠶᠢᠲᠤᠷ ᠬᠢᠬᠦ ᠬᠡᠷᠡᠭᠲᠡᠢ᠃ | Q᠄ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠶᠢᠨ ᠶᠠᠮᠠᠷ ᠶᠠᠮᠠᠷ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠬᠤᠷᠢᠭᠯᠠᠬᠤ ᠪᠤᠢ | ᠬᠠᠮᠢᠶ᠎ᠠ ᠪᠦᠬᠦᠢ ᠨᠢᠭᠡᠴᠡ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠲᠤ | ᠳᠣᠣᠷᠠᠬᠢ ᠪᠠᠶᠢᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠪᠠᠷ ᠪᠠᠶᠢᠴᠠᠭᠠᠨ ᠬᠠᠷᠭᠤᠭᠤᠯᠤᠭᠰᠠᠨ ᠤ ᠳᠠᠷᠠᠭ᠎ᠠ᠂ ᠨᠡᠶᠢᠲᠡᠯᠡᠭᠰᠡᠨ ᠣᠷᠣᠨ | ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠡᠷᠡᠰ ᠤᠨ ᠵᠢᠭᠰᠠᠭᠠᠯᠲᠠ ᠠᠴᠠ ᠬᠠᠰᠣᠵᠣ | ᠭᠠᠷᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ︵ᠨᠢᠭᠡ︶ ᠠᠮᠤᠷ ᠲᠦᠪᠰᠢᠨ ᠤ ᠬᠦᠨᠳᠦ ᠶᠡᠭᠡ ᠲᠠᠯᠳᠠ ᠭᠡᠮ ᠣᠷᠣᠰᠢᠵᠤ ᠪᠠᠶᠢᠭᠠᠳ ᠲᠣᠭᠲᠠᠭᠠᠯ ᠶᠣᠰᠣᠭᠠᠷ | ᠴᠡᠭᠴᠡᠯᠡᠨ ᠰᠠᠶᠢᠵᠢᠷᠠᠭᠤᠯᠤᠭᠰᠠᠨ ᠦᠭᠡᠢ | ︵ᠬᠤᠶᠠᠷ︶ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠵᠠᠷᠴᠢᠮ ᠢ ᠵᠥᠷᠢᠴᠡᠭᠰᠡᠨ ᠪᠥᠭᠡᠳ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ | ︵ᠭᠤᠷᠪᠠ︶ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠥᠭᠡᠳ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ | Q᠄ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢᠳ ᠤᠨ | ᠲᠣᠭᠲᠠᠭᠠᠯ ᠠᠴᠠ ᠵᠥᠷᠢᠴᠡᠭᠰᠡᠨ ᠶᠠᠮᠠᠷ ᠶᠠᠮᠠᠷ ᠦᠶᠯᠡ ᠠᠵᠢᠯᠯᠠᠭ᠎ᠠ ᠶᠢ ᠰᠢᠢᠳᠪᠦᠷᠢᠯᠡᠬᠦ ᠪᠤᠢ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠡᠵᠡᠩᠨᠡᠭᠴᠢ ᠳᠤ ᠳᠣᠣᠷᠠᠬᠢ | ᠦᠶᠯᠡ ᠠᠵᠢᠯᠯᠠᠭ᠎ᠠ ᠣᠷᠣᠰᠢᠵᠤ ᠪᠠᠶᠢᠪᠠᠯ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠦᠨ᠎ᠡ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ | ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ | ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ ᠬᠤᠨᠤᠭ ᠤᠨ ᠭᠠᠵᠠᠷ ᠤᠨ ᠨᠡᠷᠡᠰ ᠤᠨ ᠵᠢᠭᠰᠠᠭᠠᠯᠲᠠ ᠳᠤ | ᠲᠠᠶᠢᠯᠪᠤᠷᠢ ᠬᠢᠵᠦ᠂ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ︵ᠨᠢᠭᠡ︶ ᠣᠷᠣᠵᠤ ᠰᠠᠭᠤᠭᠰᠠᠨ ᠵᠤᠭᠠᠴᠠᠭᠰᠠᠳ ᠲᠣᠭᠲᠠᠭᠠᠯ ᠶᠣᠰᠣᠭᠠᠷ ᠦᠨᠡᠨ ᠨᠡᠷ᠎ᠡ ᠪᠠᠷ ᠢᠶᠠᠨ | ᠲᠡᠮᠳᠡᠭᠯᠡᠭᠰᠡᠨ ᠦᠭᠡᠢ ᠪᠤᠶᠤ ᠺᠣᠳ᠋ ᠰᠢᠷᠪᠢᠵᠦ ᠲᠡᠮᠳᠡᠭᠯᠡᠭᠰᠡᠨ ᠦᠭᠡᠢ᠂ ᠪᠠᠶᠢᠳᠠᠯ ᠢ ᠣᠯᠵᠤ ᠮᠡᠳᠡᠭᠡᠳ ᠴᠠᠭ ᠲᠤᠬᠠᠢ | ᠳᠤᠨᠢ ᠮᠡᠳᠡᠭᠦᠯᠦᠭᠰᠡᠨ ᠦᠭᠡᠢ | ︵ᠬᠤᠶᠠᠷ︶ ᠵᠦᠢ ᠪᠤᠰᠤ ᠥᠷᠢᠰᠦᠯᠳᠦᠭᠡᠨ ᠤ ᠦᠶᠯᠡ ᠠᠵᠢᠯᠯᠠᠭ᠎ᠠ ᠪᠠ ᠡᠵᠡᠩᠨᠡᠨ ᠪᠣᠷᠣᠯᠠᠭᠤᠯᠬᠤ ᠦᠶᠯᠡ | ᠠᠵᠢᠯᠯᠠᠭ᠎ᠠ ᠲᠠᠢ ᠪᠠᠶᠢᠵᠤ᠂ ᠵᠠᠯᠭᠠᠭ᠎ᠠ ᠪᠠᠷ ᠵᠢᠭᠤᠯᠴᠢᠯᠠᠭᠴᠢᠳ ᠤᠨ ᠵᠠᠭᠠᠯᠳᠤᠯᠭ᠎ᠠ ᠶᠢ ᠡᠭᠦᠰᠬᠡᠵᠦ᠂ ᠮᠠᠭᠤ ᠨᠥᠯᠥᠭᠡ | ᠭᠠᠷᠭᠠᠭᠰᠠᠨ | ︵ᠭᠤᠷᠪᠠ︶ ᠪᠠᠶᠢᠴᠠᠭᠠᠯᠲᠠ ᠪᠠᠷ ᠳᠡᠮᠵᠢᠨ ᠦᠢᠯᠡᠴᠢᠯᠡᠭᠡᠨ ᠤ ᠶᠠᠰᠤ ᠴᠢᠨᠠᠷ᠂ ᠠᠮᠤᠷ ᠲᠦᠪᠰᠢᠨ᠂ ᠡᠷᠡᠭᠦᠯ | ᠬᠠᠮᠠᠭᠠᠯᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠠᠰᠠᠭᠤᠳᠠᠯ ᠲᠠᠢ ᠪᠠᠶᠢᠬᠤ ᠶᠢ ᠣᠯᠵᠤ | ᠮᠡᠳᠡᠭᠡᠳ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠤᠭᠰᠠᠨ ᠦᠭᠡᠢ | ︵ᠳᠥᠷᠪᠡ︶ ᠠᠶᠠᠨᠴᠢᠳ ᠤᠨ ᠬᠤᠪᠢ ᠶᠢᠨ ᠨᠢᠭᠤᠴᠠ ᠳᠤ ᠬᠠᠯᠳᠠᠬᠤ ᠲᠤᠨᠤᠭ ᠲᠥᠬᠦᠭᠡᠷᠦᠮᠵᠢ ᠭᠠᠷᠭᠠᠬᠤ | ᠪᠤᠶᠤ ᠠᠶᠠᠨᠴᠢᠳ ᠤᠨ ᠠᠮᠤᠷ ᠲᠦᠪᠰᠢᠨ ᠢ ᠨᠥᠯᠥᠭᠡᠯᠡᠬᠦ ᠦᠢᠯᠡ ᠠᠵᠢᠯᠯᠠᠭ᠎ᠠ ᠬᠢᠬᠦ | ︵ᠲᠠᠪᠤ︶ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ | ᠬᠦᠯᠢᠶᠡᠬᠦ ᠦᠭᠡᠢ᠂ ᠬᠤᠳᠠᠯ ᠬᠠᠭᠤᠷᠮᠠᠭ ᠢᠶᠠᠷ ᠵᠣᠬᠢᠶᠠᠵᠤ᠂ ᠪᠠᠶᠢᠴᠠᠭᠠᠬᠤ ᠠᠵᠢᠯᠲᠠᠨ ᠢ ᠮᠡᠬᠡᠯᠡᠭᠰᠡᠨᠦᠢᠯᠡ ᠠᠵᠢᠯᠯᠠᠭ᠎ᠠ | ︵ᠵᠢᠷᠭᠤᠭ᠎ᠠ︶ ᠣᠷᠴᠢᠨ ᠠᠬᠤᠢ ᠶᠢ ᠪᠣᠬᠢᠷᠲᠤᠭᠤᠯᠤᠭᠰᠠᠨ᠂ ᠳᠤᠷ᠎ᠠ ᠪᠠᠷ ᠢᠶᠠᠨ ᠪᠠᠷᠢᠵᠤ ᠪᠠᠶᠢᠭᠤᠯᠤᠭᠰᠠᠨ᠂ | ᠭᠠᠵᠠᠷ ᠰᠢᠷᠣᠢ ᠶᠢ ᠳᠤᠷ᠎ᠠ ᠪᠠᠷ ᠢᠶᠠᠨ ᠡᠵᠡᠯᠡᠵᠦ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠲᠠᠢ ᠪᠠᠶᠢᠬᠤ | ︵ᠲᠤᠯᠤᠭ᠎ᠠ︶ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ | ᠡᠵᠡᠩᠨᠡᠯᠲᠡ ᠶᠢᠨ ᠠᠵᠢᠯᠯᠠᠭ᠎ᠠ᠃ | ᠳᠠᠩᠰᠠᠯᠠᠭᠤᠯᠬᠤ ᠪᠠᠷ ᠭᠤᠶᠤᠴᠢᠯᠠᠭᠰᠠᠨ ᠦᠭᠡᠢ ᠣᠷᠣᠨ ᠰᠠᠭᠤᠴᠠ ᠳᠤ ᠪᠠᠨ ᠡᠷᠬᠢᠯᠡᠭᠰᠡᠨ ᠪᠠᠭᠤᠳᠠᠯ | ᠬᠤᠨᠤᠭ ᠤᠨ ᠭᠠᠵᠠᠷ ᠢ ᠳᠤᠷ᠎ᠠ ᠪᠠᠷ ᠢᠶᠠᠨ ᠡᠵᠡᠩᠨᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠰᠢᠳᠬᠡᠨ ᠲᠣᠷᠭᠠᠨ᠎ᠠ᠃ ᠢᠯᠡᠴᠢᠯᠡᠨ ᠮᠡᠳᠡᠭᠦᠯᠦᠭᠰᠡᠳ ᠢ ᠱᠠᠩᠨᠠᠨ | ᠬᠥᠬᠢᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ ᠱᠠᠩᠨᠠᠨ | ᠬᠥᠬᠢᠭᠦᠯᠬᠦ ᠬᠡᠷᠡᠭᠲᠡᠢ᠃ ᠠᠯᠪᠠᠨ ᠲᠤᠰᠢᠶᠠᠯᠲᠠᠨ ᠳᠤ ᠬᠤᠯᠪᠣᠭᠳᠠᠭᠰᠠᠳ ᠢ ᠴᠥᠮ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠲᠤᠰᠢᠶᠠᠵᠤ ᠴᠢᠩᠭ᠎ᠠ ᠰᠢᠢᠳᠪᠦᠷᠢᠯᠡᠭᠦᠯᠦᠨ᠎ᠡ᠃ | | | |