ᠬᠤᠰᠢᠭᠤᠨ ᠤ ᠬᠤᠷᠢᠶᠠᠨ ᠤ ᠨᠠᠮ ᠤᠨ ᠰᠤᠷᠭᠠᠭᠤᠯᠢ ᠨᠢ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠬᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠰᠬᠠᠢ ᠰᠡᠳᠤᠪᠳᠤ ᠰᠤᠳᠤᠯᠤᠨ ᠰᠤᠷᠤᠯᠴᠠᠬᠤ ᠠᠩᠭᠢ︾᠎ ᠳᠤ ᠤᠷᠤᠯᠴᠠᠪᠠ᠃
ᠨᠡᠶᠢᠲᠡᠯᠡᠭᠰᠡᠨ ᠴᠠᠭ᠄
2022/11/4
      ᠤᠶᠢᠷ᠎ᠠ ᠶᠢᠨ ᠡᠳᠤᠷ᠂ ᠬᠤᠰᠢᠭᠤᠨ ᠤ ᠬᠤᠷᠢᠶᠠᠨ ᠤ ᠨᠠᠮ ᠤᠨ ᠰᠤᠷᠭᠠᠭᠤᠯᠢ ᠨᠢ ᠪᠦᠬᠦ ᠪᠠᠭᠰᠢ ᠪᠣᠯᠣᠨ ᠭᠠᠳᠠᠨ᠎ᠠ ᠠᠴᠠ ᠤᠷᠢᠭᠰᠠᠨ ᠯᠧᠺᠲ᠋ᠤᠷ ᠢ ᠵᠤᠬᠢᠶᠠᠨ ᠪᠠᠶᠢᠭᠤᠯᠵᠤ᠂ ᠰᠦᠯᠵᠢᠶᠡᠨ ᠲᠡᠭᠡᠷ᠎ᠡ ᠰᠤᠷᠤᠯᠴᠠᠬᠤ ᠬᠡᠯᠪᠡᠷᠢ ᠪᠠᠷ ᠲᠦᠪ ᠤᠨ ᠤᠬᠠᠭᠤᠯᠬᠤ ᠬᠡᠯᠳᠡᠰ ᠤᠨ ᠶᠠᠷᠢᠶᠠᠨ ᠤ ᠲᠠᠪᠴᠠᠩ ᠠᠴᠠ ᠡᠷᠬᠢᠯᠡᠭᠰᠡᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠬᠡᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠰᠬᠠᠢ ᠰᠡᠳᠤᠪᠳᠤ ᠰᠤᠳᠤᠯᠤᠨ ᠰᠤᠷᠤᠯᠴᠠᠬᠤ ᠠᠩᠭᠢ︾᠎ ᠳᠤ ᠤᠷᠤᠯᠴᠠᠪᠠ᠃      ᠲᠤᠰ ᠤᠳᠠᠭᠠᠨ ᠤ ᠰᠤᠳᠤᠯᠤᠨ ᠰᠤᠷᠤᠯᠴᠠᠬᠤ ᠠᠩᠭᠢ ᠨᠢ 6 ᠡᠳᠤᠷ ᠤᠨ ᠬᠤᠭᠤᠴᠠᠭ᠎ᠠ ᠲᠠᠢ ᠶᠠᠪᠤᠭᠳᠠᠵᠤ᠂ ᠨᠡᠶᠢᠳᠡ 13 ᠲᠤᠰᠬᠠᠢ ᠰᠡᠳᠤᠪ ᠲᠤᠬᠢᠷᠠᠭᠤᠯᠤᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ       ᠬᠤᠷᠢᠶᠠᠨ ᠤ ᠨᠠᠮ ᠤᠨ ᠰᠤᠷᠭᠠᠭᠤᠯᠢ᠂ ᠪᠡᠭᠡᠵᠢᠩ ᠤᠨ ᠶᠡᠭᠡ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ       ᠰᠤᠷᠭᠠᠭᠤᠯᠢ ᠤᠨ ᠨᠡᠷᠡᠳᠤ ᠫᠷᠤᠹᠧᠰᠰᠤᠷ ᠰᠦᠯᠵᠢᠶᠡᠨ ᠲᠡᠭᠡᠷᠡᠬᠢ ᠲᠤᠰᠬᠠᠢ ᠰᠡᠳᠤᠪᠳᠤ ᠲᠠᠶᠢᠯᠤᠮᠵᠢ ᠶᠢᠨ ᠬᠡᠯᠪᠡᠷᠢ ᠪᠠᠷ ᠪᠦᠬᠦ ᠪᠠᠭᠰᠢ ᠨᠠᠷ ᠲᠤ ᠨᠠᠷᠢᠨ ᠨᠢᠮᠪᠡᠢ᠂ ᠪᠦᠬᠦ ᠲᠠᠯ᠎ᠠ ᠶᠢᠨ ᠲᠠᠶᠢᠯᠤᠮᠵᠢ ᠬᠢᠭᠰᠡᠨ ᠪᠠᠶᠢᠨ᠎ᠠ᠃ ᠡᠶᠢᠨᠬᠦ ᠤᠷᠢᠳ ᠢᠶᠠᠷ ᠰᠤᠷᠤᠯᠴᠠᠬᠤ  ᠪᠤᠯᠪᠠᠰᠤᠷᠠᠯ ᠢᠶᠠᠷ ᠲᠠᠮᠵᠢᠨ᠂ ᠪᠦᠬᠦ ᠪᠠᠭᠰᠢ ᠨᠠᠷ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠡᠵᠡᠮᠰᠢᠬᠦᠯᠵᠤ᠂ ᠪᠦᠬᠦ ᠬᠤᠰᠢᠭᠤᠨ ᠤ ᠬᠡᠪᠴᠢᠶᠡᠨ ᠳᠤ ᠬᠤᠷᠢᠳᠤᠭᠠᠷ ᠶᠡᠭᠡ       ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠡᠯ᠎ᠡ ᠱᠠᠳᠤᠨ ᠤ ᠡᠯ᠎ᠡ ᠲᠦᠷᠦᠯ ᠤᠨ ᠪᠤᠯᠪᠠᠰᠤᠷᠠᠯ ᠢ ᠦᠷᠨᠢᠬᠦᠯᠬᠦ ᠳᠤ ᠤᠨᠤᠯ ᠤᠨ ᠰᠤᠷᠤᠯᠴᠠᠯᠭ᠎ᠠ ᠶᠢᠨ ᠪᠡᠯᠡᠳᠬᠡᠯ ᠢ ᠰᠠᠶᠢᠳᠤᠷ ᠬᠢᠪᠡ᠃      ᠬᠤᠰᠢᠭᠤᠨ ᠤ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠲᠡᠳ᠋ ᠵᠠᠬᠢᠷᠤᠯ  ᠯᠢ ᠴᠢᠨ ᠹᠧᠩ᠄ ︽ᠶᠡᠷᠤᠩᠭᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠤᠷᠠᠳᠤᠭᠰᠠᠨ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠦᠪᠯᠡᠷᠡᠬᠦᠯᠵᠤ᠂ ᠵᠢᠭᠠᠨ ᠰᠤᠷᠭᠠᠯᠳᠠ ᠶᠢᠨ ᠨᠢᠭᠡᠴᠡ ᠶᠢ ᠰᠢᠨᠵᠢᠯᠡᠬᠦ ᠤᠬᠠᠭᠠᠨᠴᠢ ᠪᠠᠷ ᠵᠤᠬᠢᠰᠲᠠᠢ ᠲᠤᠬᠢᠷᠠᠭᠤᠯᠤᠨ᠂ ᠬᠢᠴᠢᠶᠡᠯ ᠤᠨ ᠰᠢᠰᠲ᠋ᠧᠮ ᠢ ᠲᠡᠭᠦᠯᠳᠡᠷᠵᠢᠬᠦᠯᠵᠤ᠂  ᠰᠤᠷᠤᠯᠴᠠᠯᠭ᠎ᠠ ᠰᠤᠳᠤᠯᠭᠠᠨ ᠤ ᠶᠠᠷᠢᠶᠠᠨ ᠤ ᠨᠤᠤᠷᠠᠭ᠂ ᠬᠠᠮᠳᠤᠪᠡᠷ ᠬᠢᠴᠢᠶᠡᠯ ᠪᠡᠯᠡᠳᠬᠡᠬᠦ ᠲᠤᠰᠬᠠᠢ ᠰᠡᠳᠤᠪᠳᠤ ᠪᠤᠯᠪᠠᠰᠤᠷᠠᠯ ᠢ ᠦᠷᠨᠢᠬᠦᠯᠬᠦ ᠬᠠᠯᠠᠭᠤᠨ       ᠦᠷᠨᠢᠯᠳᠡ ᠶᠢ ᠦᠳᠳᠤᠷ ᠲᠦᠷᠭᠡᠨ ᠪᠤᠢ ᠪᠤᠯᠭᠠᠵᠤ᠂ ᠤᠳᠠᠯ ᠦᠭᠡᠢ ᠦᠷᠨᠢᠬᠦᠯᠬᠦ ᠭᠡᠵᠤ ᠪᠠᠶᠢᠭ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠲᠦᠪᠯᠡᠷᠡᠬᠦᠯᠦᠨ ᠪᠤᠯᠪᠠᠰᠤᠷᠠᠭᠤᠯᠬᠤ ᠪᠠ ᠦᠨᠳᠤᠰᠤᠨ ᠱᠠᠳᠤᠨ ᠳᠤ ᠤᠬᠠᠭᠤᠯᠤᠨ ᠲᠠᠶᠢᠯᠪᠤᠷᠢᠯᠠᠬᠤ ᠠᠵᠢᠯ ᠳᠤ ᠰᠠᠶᠢᠳᠤᠷ ᠪᠡᠯᠡᠳᠬᠡᠯ ᠬᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠨᠳᠤᠰᠤᠨ ᠱᠠᠳᠤᠨ ᠳᠤ ᠭᠦᠨᠵᠡᠭᠡᠶᠢᠷᠡᠬᠦᠯᠬᠦ᠂ ᠬᠢᠴᠢᠶᠡᠯ ᠤᠨ ᠲᠢᠩᠭᠢᠮ ᠳᠤ ᠭᠦᠨᠵᠡᠭᠡᠶᠢᠷᠡᠬᠦᠯᠬᠦ᠂ ᠬᠦᠮᠦᠰ ᠤᠨ ᠰᠡᠳᠬᠢᠯ ᠳᠤ ᠬᠠᠳᠠᠩᠰᠢᠭᠤᠯᠬᠤ᠂ ᠡᠷᠤᠬᠡ ᠪᠦᠷᠢ ᠳᠤ  ᠬᠦᠷᠭᠡᠬᠦ ᠶᠢ ᠠᠬᠢᠭᠤᠯᠬᠤ ᠪᠤᠯᠤᠨ᠎ᠠ︾       ᠭᠡᠪᠡ᠃      ᠲᠤᠰ ᠤᠳᠠᠭᠠᠨ ᠤ ᠰᠦᠯᠵᠢᠶᠡᠨ ᠲᠡᠭᠡᠷᠡᠬᠢ ᠲᠤᠰᠬᠠᠢ ᠰᠡᠳᠤᠪᠳᠤ ᠰᠤᠳᠤᠯᠤᠨ ᠰᠤᠷᠤᠯᠴᠠᠬᠤ ᠠᠩᠭᠢ ᠪᠠᠷ ᠲᠠᠮᠵᠢᠨ᠂ ᠪᠦᠬᠦ ᠪᠠᠭᠰᠢ ᠨᠠᠷ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠤᠯ ᠬᠦᠰᠢᠶ᠎ᠡ ᠲᠤᠷᠠᠰᠬᠠᠯ ᠤᠨ ᠴᠢᠨᠠᠷᠳᠠᠢ ᠪᠦᠭᠡᠳ ᠴᠠᠭ ᠦᠶ᠎ᠡ ᠶᠢ ᠵᠠᠭᠠᠭᠯᠠᠭᠰᠠᠨ ᠠᠴᠢ ᠬᠤᠯᠪᠤᠭᠳᠠᠯ ᠲᠠᠢ ᠪᠠᠶᠢᠵᠤ᠂       ᠬᠤᠶᠢᠰᠢᠳᠠ ᠶᠢᠨ ᠰᠤᠷᠤᠯᠴᠠᠭ᠎ᠠ ᠠᠵᠢᠯ ᠎ ᠤᠨ ᠲᠤᠮᠳᠠ ᠪᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠢᠴᠢᠶᠡᠯ ᠤᠨ ᠲᠢᠩᠭᠢᠮ ᠳᠤ ᠤᠷᠤᠭᠤᠯᠬᠤ᠂ ᠲᠤᠰᠬᠠᠢ ᠰᠡᠳᠤᠪ ᠲᠤ ᠤᠷᠤᠭᠤᠯᠬᠤ᠂ ᠭᠦᠨᠵᠡᠬᠡᠢ ᠡᠵᠡᠮᠰᠢᠬᠦ ᠶᠢ ᠲᠠᠰᠤᠷᠠᠯᠳᠠ ᠦᠭᠡᠢ ᠠᠬᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠵᠤ ᠰᠠᠶᠢᠳᠤᠷ ᠬᠡᠷᠡᠭᠯᠡᠨ ᠰᠠᠶᠢᠳᠤᠷ ᠲᠠᠶᠢᠯᠪᠤᠷᠢᠯᠠᠬᠤ ᠲᠡᠭᠡᠷ᠎ᠡ ᠬᠦᠴᠤ ᠲᠠᠯᠪᠢᠵᠤ᠂ ᠨᠠᠮ ᠤᠨ ᠰᠤᠷᠭᠠᠭᠤᠯᠢ ᠶᠢᠨ ᠬᠦᠮᠦᠵᠢᠯ ᠤᠨ ᠪᠤᠯᠪᠠᠰᠤᠷᠠᠯ ᠤᠨ ᠭᠤᠤᠯ ᠠᠷᠭ᠎ᠠ ᠵᠠᠮ ᠤᠨ ᠦᠢᠯᠡᠳᠦᠯ᠂ ᠰᠤᠳᠤᠯᠤᠨ ᠲᠠᠶᠢᠯᠪᠤᠷᠢᠯᠠᠬᠤ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠰᠠᠶᠢᠳᠤᠷ ᠪᠠᠳᠠᠷᠠᠭᠤᠯᠤᠨ᠎ᠠ ᠭᠡᠵᠤ ᠢᠯᠡᠷᠬᠡᠶᠢᠯᠡᠴᠡᠭᠡᠪᠡ᠃      ᠬᠤᠰᠢᠭᠤᠨ ᠤ  ᠨᠠᠮ ᠤᠨ ᠬᠤᠷᠢᠶᠠᠨ ᠤ  ᠨᠠᠮ ᠤᠨ ᠰᠤᠷᠭᠠᠭᠤᠯᠢ ᠶᠢᠨ ᠪᠠᠭᠰᠢ ᠸᠠᠩ ᠳ᠋ᠦᠩ ᠮᠧᠢ᠄           ︽ᠨᠠᠮ ᠤᠨ ᠰᠤᠷᠭᠠᠭᠤᠯᠢ ᠶᠢᠨ ᠪᠠᠭᠰᠢ ᠪᠤᠯᠤᠭᠰᠠᠨ ᠤ ᠬᠤᠪᠢ ᠳᠤ᠂ ᠪᠢᠳᠠ ᠬᠠᠮᠤᠭ ᠲᠡᠷᠢᠭᠦᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠡᠷᠡ ᠬᠡᠪ ᠢᠶᠠᠷ ᠨᠢ ᠭᠦᠨᠵᠡᠭᠡᠢ ᠡᠵᠡᠮᠰᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠠᠭᠤᠯᠤᠭᠳᠠᠬᠤᠨ ᠪᠠ ᠭᠤᠤᠯ ᠠᠭᠤᠯᠭ᠎ᠠ ᠶᠢ ᠰᠠᠶᠢᠳᠤᠷ ᠤᠶᠢᠯᠠᠭᠠᠭᠰᠠᠨ ᠰᠠᠭᠤᠷᠢᠨ ᠲᠡᠭᠡᠷ᠎ᠡ ᠰᠠᠶ᠋ᠢ ᠨᠠᠮ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ       ᠲᠠᠯ᠎ᠠ ᠪᠠᠷ᠂ ᠤᠨᠤᠪᠴᠢᠲᠠᠢ᠂  ᠭᠦᠨᠵᠡᠭᠡᠢ ᠪᠠᠷ ᠪᠦᠷᠢᠨ ᠭᠦᠢᠴᠡᠳ ᠪᠤᠳᠠᠳᠢ ᠲᠠᠶᠢᠯᠪᠤᠷᠢᠯᠠᠵᠤ ᠴᠢᠳᠠᠬᠤ ᠪᠤᠯᠤᠨ᠎ᠠ︾ ᠭᠡᠪᠡ᠃      ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠲᠤᠰᠢᠶᠠᠯ ᠬᠠᠪᠰᠤᠷᠭᠠᠭᠰᠠᠨ ᠯᠧᠺᠲ᠋ᠤᠷ ᠸᠠᠩ ᠵᠢᠶᠠ᠄ ︽ᠪᠤᠯᠪᠠᠰᠤᠷᠠᠯ ᠲᠠᠭᠤᠰᠤᠭᠰᠠᠨ ᠤ ᠲᠠᠷᠠᠭ᠎ᠠ᠂ ᠪᠢ ᠲᠤᠰ ᠰᠢᠰᠲ᠋ᠧᠮ ᠤᠨ ᠢᠶᠠᠨ ᠤᠬᠠᠭᠤᠯᠭ᠎ᠠ ᠶᠢᠨ ᠪᠤᠯᠪᠠᠰᠤᠷᠠᠯ ᠤᠨ ᠠᠵᠢᠯ ᠢᠶᠠᠨ ᠰᠠᠶᠢᠳᠤᠷ ᠬᠢᠵᠤ᠂ ᠨᠠᠮ ᠤᠨ ᠲᠠᠭᠤᠨ ᠬᠤᠭᠤᠯᠠᠢ ᠶᠢ ᠨᠡᠩ ᠤᠯᠠᠨ ᠺᠠᠳ᠋ᠷ ᠠᠵᠢᠯᠳᠠᠨ ᠤᠯᠠᠨ ᠲᠦᠮᠡᠨ ᠤ ᠲᠤᠮᠳᠠ ᠬᠦᠷᠭᠡᠨ᠎ᠡ︾ ᠭᠡᠵᠡᠢ ᠪᠠᠶᠢᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号