ᠨᠠᠮ ᠤᠨ ᠬᠤᠷᠢᠳᠤᠭᠠᠷ ᠶᠡᠭᠡ ᠬᠤᠷᠠᠯ ᠳᠤ᠂ ︽ᠬᠦᠬᠡ ᠠᠭᠤᠯᠠ ᠬᠥᠬᠡᠮᠳᠦᠭ ᠤᠰᠤ ᠪᠣᠯ ᠲᠡᠷᠦᠢ ᠠᠯᠳᠠ | ᠮᠦᠩᠭᠦᠨ ᠬᠠᠶᠢᠷᠬᠠᠨ ᠬᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠦᠨ | ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠨᠳᠦᠷᠴᠡ ᠠᠴᠠ ᠬᠥᠭᠵᠢᠯᠲᠡ ᠶᠢ ᠰᠦᠪᠡᠭᠴᠢᠯᠡᠬᠦ | ᠬᠡᠷᠡᠭᠲᠡᠢ︾ ᠭᠡᠵᠦ ᠵᠢᠭᠠᠵᠤ ᠭᠠᠷᠭᠠᠪᠠ᠃ ᠡᠵᠡᠨ᠎ᠡ ᠬᠤᠰᠢᠭᠤ ᠨᠢ ︽ᠤᠰᠤ ᠠᠷᠪᠢᠯᠠᠬᠤ ᠶᠢ ᠲᠡᠷᠢᠭᠦᠨ ᠳᠤ | ᠲᠠᠯᠪᠢᠵᠤ᠂ ᠣᠷᠣᠨ ᠪᠥᠰᠡ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠠᠮᠢ ᠠᠬᠤᠶ ᠪᠠᠷ ᠤᠰᠤ | ᠲᠣᠬᠢᠷᠠᠭᠤᠯᠬᠤ︾ ᠰᠢᠨ᠎ᠡ ᠴᠠᠭ ᠦᠶ᠎ᠡ ᠶᠢᠨ ᠤᠰᠤ ᠵᠠᠰᠠᠬᠤ ᠰᠡᠳᠬᠢᠴᠡ ᠶᠣᠰᠣᠭᠠᠷ᠂ ᠤᠰᠤ ᠪᠠᠷ ︽ᠪᠢᠷ︾ | ᠪᠣᠯᠭᠠᠵᠤ᠂ ︽ᠭᠤᠤᠯ ᠮᠥᠷᠡᠨ ᠨᠢ ᠤᠷᠤᠰᠬᠠᠯ ᠲᠠᠢ᠂ ᠨᠠᠭᠤᠷ ᠴᠥᠭᠦᠷᠥᠮ ᠨᠢ ᠲᠤᠩᠭᠠᠯᠠᠭ᠂ ᠤᠰᠤ ᠤᠷᠤᠰᠬᠠᠯ ᠨᠢ | ᠴᠡᠩᠬᠡᠭ︾ ᠠᠮᠢ ᠠᠬᠤᠶ ᠵᠢᠨᠣᠷᠣᠰᠢᠨ ᠰᠠᠭᠤᠷᠢᠰᠢᠬᠤ ᠥᠵᠡᠰᠭᠦᠯᠡᠩᠲᠥ ᠰᠠᠶᠢᠬᠠᠨ ᠵᠢᠷᠤᠭ ᠢ ᠵᠢᠷᠤᠭᠯᠠᠨ᠎ᠠ᠃ | ᠨᠠᠮᠤᠷ ᠤᠨ ᠰᠡᠭᠦᠯᠴᠢ ᠪᠠᠷ ᠰᠤᠪᠠᠨᠠᠭᠤᠷ ᠤᠨ ᠤᠰᠤ ᠴᠡᠩᠬᠡᠷᠯᠡᠨ ᠲᠤᠯᠬᠢᠶᠠᠯᠠᠵᠤ᠂ ᠬᠠᠨᠠᠨ ᠬᠤᠯᠤᠰᠤ | ᠰᠠᠯᠬᠢᠨ ᠤ ᠠᠶ᠎ᠠ ᠪᠠᠷ ᠨᠠᠶᠢᠭᠤᠨ᠂ ᠰᠦᠷᠦᠭ ᠰᠦᠷᠦᠭ ᠣᠰᠣᠨ ᠰᠢᠪᠠᠭᠤ ᠨᠠᠭᠤᠷ ᠤᠨ ᠲᠡᠭᠡᠭᠦᠷ ᠨᠢᠰᠤᠨ | ᠲᠤᠭᠯᠠᠨ᠎ᠠ᠃ 20 ᠭᠠᠷᠤᠢ ᠵᠢᠯ ᠤᠨ ᠡᠮᠦᠨ᠎ᠡ ᠪᠦᠷᠢᠮᠦᠰᠦᠨ ᠬᠠᠳᠠᠵᠤ ᠰᠢᠷᠢᠭᠡᠭᠰᠡᠨ ᠰᠤᠪᠨᠠᠭᠤᠷ ᠢ ᠬᠥᠮᠦᠰ | ᠲᠥᠰᠦᠭᠡᠯᠡᠬᠦᠶ᠎ᠡ ᠪᠡᠷᠬᠡ ᠪᠢᠯᠡ᠃ ︽ᠠᠮᠢ ᠠᠬᠤᠶ ᠪᠣᠯ ᠡᠵᠡᠨ᠎ᠡ ᠶᠢᠨ ᠠᠮᠢ ᠨᠠᠰᠤ᠂ ᠬᠠᠷ᠎ᠠ ᠭᠤᠤᠯ ᠪᠣᠯ ᠡᠵᠡᠨ᠎ᠡ ᠶᠢᠨ | ᠠᠮᠢᠨ ᠰᠤᠳᠠᠰᠤ ᠶᠤᠮ︾᠂ ᠮᠠᠨ ᠤ ᠬᠤᠰᠢᠭᠤ ᠢᠮᠠᠭᠲᠠ ᠡᠨᠡᠬᠦ ᠣᠶᠢᠯᠠᠭᠠᠭᠳᠠᠬᠤᠨ ᠢ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠳᠤ ᠲᠤᠤᠱᠯᠠᠭᠤᠯᠵᠤ᠂ ︽ᠭᠤᠤᠯ ᠨᠠᠭᠤᠷ ᠤᠨ ᠳᠠᠷᠤᠭ᠎ᠠ ᠶᠢᠨ ᠲᠦᠷᠢᠮ︾ ᠢᠶᠠᠷ ᠭᠤᠤᠯ | ᠭᠠᠷᠳᠠᠴᠠ ᠪᠠᠨ ᠪᠤᠯᠭᠠᠨ᠂ ︽ᠲᠥᠪᠯᠡᠷᠡᠭᠦᠯᠦᠨ ᠤᠰᠤ ᠲᠣᠬᠢᠷᠠᠭᠤᠯᠬᠤ᠂ ᠣᠷᠣᠨ ᠬᠤᠪᠢᠶᠠᠨ ᠡᠭᠡᠯᠵᠢᠯᠡᠨ | ᠤᠰᠤᠯᠠᠬᠤ︾ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠶᠢ ᠢᠳᠡᠪᠬᠢᠲᠡᠶ ᠠᠪᠴᠤ᠂ ᠪᠠᠶᠢᠭᠠᠯᠢ ᠶᠢᠨ ᠣᠶ ᠰᠢᠭᠤᠶ | ᠡᠪᠡᠰᠦ ᠪᠡᠯᠴᠢᠭᠡᠷ ᠤᠨ ᠤᠰᠤᠵᠢᠭᠤᠯᠤᠯᠳᠠ ᠶᠢᠨ ᠲᠠᠯᠠᠪᠠᠶ ᠶᠢ ᠴᠢᠷᠮᠠᠶᠢᠨ ᠥᠷᠭᠡᠳᠬᠡᠵᠦ᠂ ᠭᠤᠤᠯ ᠮᠥᠷᠡᠨ ᠤ ᠤᠰᠤ | ᠨᠡᠪᠴᠢᠬᠦ ᠴᠠᠭ᠂ ᠬᠡᠪᠴᠢᠶ᠎ᠡ ᠶᠢ ᠤᠷᠲᠤᠳᠬᠠᠪᠠ᠃ ᠬᠠᠷ᠎ᠠ ᠭᠤᠤᠯ ᠤᠨ ᠵᠢᠯ ᠳᠤᠮᠳᠠᠴᠢ ᠶᠢᠨ ᠡᠵᠡᠨ᠎ᠡ ᠬᠤᠰᠢᠭᠤᠨ ᠳᠤ | ᠤᠷᠤᠭᠰᠠᠨ ᠤᠰᠤᠨ ᠤ ᠬᠡᠮᠵᠢᠶ᠎ᠡ 8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠢ ᠳᠠᠪᠠᠵᠤ᠂ ᠰᠤᠪᠨᠠᠭᠤᠷ 18 | ᠵᠢᠯ ᠳᠠᠷᠠᠭᠠᠯᠠᠨ ᠰᠢᠷᠭᠢᠬᠦ ᠥᠬᠡᠶ ᠪᠠᠶᠢᠬᠤ ᠶᠢ ᠪᠡᠶᠡᠯᠡᠬᠦᠯᠦᠨ᠂ ᠨᠠᠭᠤᠷ ᠤᠨ ᠤᠰᠤᠨ ᠭᠠᠳᠠᠷᠭᠤ ᠶᠢᠨ ᠲᠠᠯᠠᠪᠠᠶ ᠵᠢᠯ | ᠲᠤᠷᠰᠢ 42 ᠲᠡᠭᠰᠢ ᠳᠥᠷᠪᠡᠯᠵᠢᠨ ᠺᠢᠯᠣᠮᠧᠲᠷ ᠣᠷᠴᠢᠮ ᠪᠠᠶᠢᠬᠤ ᠶᠢ ᠪᠠᠲᠤᠯᠠᠵᠤ᠂ ᠨᠤᠭᠤ ᠭᠠᠵᠠᠷ ᠲᠤ ᠠᠮᠢᠳᠤᠷᠠᠵᠤ | ᠪᠠᠶᠢᠭ᠎ᠠ ᠨᠡᠭᠦᠳᠡᠯ ᠤᠨ ᠰᠢᠪᠠᠭᠤᠳ ᠤᠨ ᠲᠤᠭ᠎ᠠ ᠣᠷᠭᠢᠯ ᠤᠨ ᠬᠤᠭᠤᠴᠠᠭᠠᠨ ᠳᠤ 10 ᠲᠦᠮᠡ ᠭᠠᠷᠤᠶ ᠪᠣᠯᠤᠨ | ᠨᠡᠮᠡᠭᠳᠡᠭᠰᠡᠨ ᠪᠠᠶᠢᠨ᠎ᠠ᠃ | ᠡᠵᠡᠨ᠎ᠡ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ | ᠠᠩᠭᠢ ᠶᠢᠨ ᠳᠡᠳ᠋ ᠳᠠᠷᠤᠭ᠎ᠠ ᠹᠠᠨ ᠵᠢᠶᠠᠨ ᠯᠢ᠄ ︽ᠬᠤᠯᠤᠰᠤ ᠵᠡᠷᠭᠡ ᠤᠰᠤᠨ ᠤ ᠤᠷᠭᠤᠮᠠᠯ ᠤᠨ ᠬᠤᠴᠢᠯᠭ᠎ᠠ ᠶᠢᠨ | ᠲᠠᠯᠠᠪᠠᠶ ᠲᠠᠰᠤᠷᠠᠯᠲᠠ ᠥᠬᠡᠶ ᠥᠷᠭᠡᠳᠴᠦ᠂ ᠬᠠᠮᠤᠭ ᠠᠩᠬᠠᠨ ᠤ ᠮᠢᠩᠭᠠᠨ ᠮᠥ ᠪᠠᠶᠢᠭᠰᠠᠨ ᠠᠴᠠ ᠪᠠᠨ ᠣᠲᠣ 3 | ᠲᠦᠮᠡᠨ ᠮᠥ ᠣᠷᠴᠢᠮ ᠪᠤᠯᠵᠡᠢ᠂ ᠰᠢᠪᠠᠭᠤᠳ ᠤᠨ ᠲᠥᠷᠥᠯ ᠵᠦᠶᠯ ᠤᠨ ᠲᠤᠭ᠎ᠠ ᠬᠡᠮᠵᠢᠶ᠎ᠡ ᠴᠦ ᠲᠠᠰᠤᠷᠠᠯᠲᠠ ᠥᠬᠡᠶ | ᠨᠡᠮᠡᠭᠳᠡᠵᠦ ᠪᠠᠶᠢᠨ᠎ᠠ᠃ ᠣᠲᠣ ᠪᠣᠯᠲᠠᠯ᠎ᠠ᠂ ᠡᠯ᠎ᠡ ᠭᠠᠵᠠᠷ ᠠᠴᠠ ᠰᠤᠪᠠᠨᠠᠭᠤᠷ ᠤᠨ ᠨᠤᠭᠤ ᠭᠠᠵᠠᠷ ᠲᠤ ᠨᠢᠰᠤᠨ ᠢᠷᠡᠵᠤ | ᠦᠷᠡᠵᠢᠨ ᠲᠥᠯᠵᠢᠵᠦ ᠪᠠᠶᠢᠭ᠎ᠠ ᠨᠡᠭᠦᠳᠡᠯ ᠤᠨ ᠰᠢᠪᠠᠭᠤᠳ 133 ᠲᠥᠷᠥᠯ ᠳᠤ ᠬᠦᠷᠦᠭᠰᠡᠨ ᠪᠠᠶᠢᠨ᠎ᠠ︾ ᠃ | ᠡᠵᠡᠨ᠎ᠡ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠵᠢᠶᠠᠩ ᠵᠢᠤᠢ ᠮᠧᠶ᠄ | ︽ᠪᠢᠳᠡ ᠦᠵᠡᠰᠬᠦᠯᠡᠩᠲᠦ ᠰᠠᠶᠢᠬᠠᠨ ᠭᠤᠤᠯ ᠨᠠᠭᠤᠷ ᠤᠨ ᠪᠥᠲᠥᠭᠡᠨ ᠪᠠᠶᠢᠭᠤᠯᠤᠯᠲᠠ ᠪᠠᠷ ᠲᠤᠰᠤᠯᠲᠠ ᠶᠢᠨ | ᠴᠡᠭ ᠪᠠᠨ ᠪᠣᠯᠭᠠᠵᠤ᠂ ᠤᠰᠤᠨ ᠤ ᠠᠮᠤᠷ ᠲᠦᠪᠰᠢᠨ ᠤ ᠬᠦᠴᠦᠲᠦ ᠪᠠᠲᠤᠯᠠᠭ᠎ᠠ᠂ ᠤᠰᠤᠨ ᠤ ᠡᠬᠢ ᠪᠠᠶᠠᠯᠢᠭ ᠢ | ᠥᠨᠳᠥᠷ ᠪᠦᠲᠦᠮᠵᠢᠲᠡᠶ ᠠᠰᠢᠭᠯᠠᠬᠤ᠂ ᠤᠰᠤᠨ ᠤ ᠠᠮᠢ ᠠᠬᠤᠶ ᠶᠢ ᠢᠯᠡᠳᠲᠡ ᠰᠠᠶᠢᠵᠢᠷᠠᠭᠤᠯᠬᠤ᠂ ᠤᠰᠤᠨ ᠤ | ᠣᠷᠴᠢᠨ ᠲᠣᠭᠤᠷᠢᠨ ᠢ ᠪᠦᠲᠦᠮᠵᠢᠲᠡᠶ ᠵᠠᠰᠠᠬᠤ ᠡᠷᠴᠢᠮᠵᠢᠭᠦᠯᠦᠨ ᠠᠷᠪᠢᠯᠠᠬᠤ ᠬᠥᠭᠵᠢᠯᠲᠡ ᠶᠢᠨ ᠵᠠᠮ ᠢᠶᠠᠷ ᠰᠠᠶᠢᠲᠤᠷ | ᠵᠠᠮᠨᠠᠨ᠎ᠠ︾ ᠭᠡᠪᠡ᠃ | ᠡᠵᠡᠨ᠎ᠡ ᠶᠢᠨ ᠨᠤᠭᠤ ᠭᠠᠵᠠᠷ ᠤᠨ ᠴᠡᠴᠡᠷᠯᠢᠭ ᠨᠢ ᠳᠠᠯᠠᠶᠢᠬᠦ᠋ᠪ ᠪᠠᠯᠭᠠᠰᠤᠨ ᠤ ᠬᠤᠳᠠ ᠶᠢᠨ ᠲᠣᠭᠤᠷᠢᠭ ᠤᠨ | ᠪᠠᠷᠠᠭᠤᠨ ᠲᠠᠯ᠎ᠠ ᠳᠤ ᠪᠠᠶᠢᠷᠢᠯᠠᠵᠤ᠂ 194 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠪᠦᠬᠦᠶᠢᠯᠡ | ᠴᠡᠴᠡᠷᠯᠢᠭ ᠨᠢ ᠠᠭᠤᠯᠠ ᠤᠰᠤ ᠵᠢᠴᠢ ᠲᠣᠣᠷᠠᠢ ᠶᠢᠨ ᠮᠤᠳᠤᠨ ᠤ ᠵᠣᠷᠢᠭ ᠰᠠᠨᠠᠭ᠎ᠠ᠂ ᠵᠡᠭᠦᠨᠰᠢ ᠪᠤᠴᠠᠭᠰᠠᠨ ᠰᠣᠶᠣᠯ᠂ | ᠰᠠᠨᠰᠠᠷ ᠤᠨ ᠠᠶᠠᠯᠠᠯ ᠤᠨ ᠰᠣᠶᠣᠯ᠂ ᠦᠨᠳᠦᠰᠦᠲᠡᠨ ᠤ ᠵᠠᠩ ᠦᠢᠯᠡ ᠶᠢᠨ ᠰᠣᠶᠣᠯ ᠵᠡᠷᠭᠡ ᠶᠢ | ᠠᠭᠤᠰᠤᠯᠴᠠᠭᠤᠯᠤᠨ᠂ ︽ᠠᠮᠢ ᠠᠬᠤᠢ + ᠰᠣᠶᠣᠯ + ᠵᠢᠭᠤᠯᠴᠢᠯᠠᠯ︾ ᠤᠨ ᠶᠡᠷᠦᠩᠬᠡᠶᠢᠯᠡᠭᠰᠡᠨ ᠴᠢᠨᠠᠷᠲᠠᠢ ᠠᠮᠢ | ᠠᠬᠤᠢ ᠶᠢᠨ ᠴᠡᠴᠡᠷᠯᠢᠭ ᠪᠤᠯᠤᠭᠰᠠᠨ ᠪᠠᠶᠢᠨ᠎ᠠ ᠃ | ᠰᠠᠭᠤᠭᠠᠯᠢ ᠠᠷᠠᠳ ᠴᠧᠨ ᠢᠦᠢ ᠬᠤᠸᠠ᠄ ︽ᠴᠡᠴᠡᠷᠯᠢᠭ ᠤᠨ ᠠᠭᠤᠷ ᠠᠮᠢᠰᠬᠤᠯ ᠣᠨᠴᠠᠭᠠᠢ ᠰᠢᠨ᠎ᠡ | ᠰᠣᠷᠭᠤᠭ᠂ ᠡᠳᠦᠷ ᠪᠦᠷᠢ ᠠᠳᠡ ᠢᠷᠡᠵᠦ ᠰᠡᠯᠡᠭᠦᠴᠡᠵᠤ ᠶᠠᠪᠤᠬᠤ ᠳᠤ ᠰᠡᠳᠬᠢᠯ ᠰᠠᠨᠠᠭ᠎ᠠ ᠮᠠᠰᠢ ᠲᠠᠭᠠᠯᠠᠮᠵᠢᠲᠠᠢ | ᠰᠠᠨᠠᠭᠳᠠᠨ᠎ᠠ᠂ ᠡᠳᠡᠭᠡᠷ ᠵᠢᠯ ᠤᠳ ᠲᠤ ᠣᠷᠴᠢᠨ ᠲᠣᠭᠤᠷᠢᠨ ᠤ ᠬᠤᠪᠢᠷᠠᠯᠲᠠ ᠶᠢ ᠣᠯᠠᠨ ᠢᠶᠠᠷ ᠢᠶᠠᠨ ᠪᠦᠷ ᠣᠯᠵᠤ | ᠬᠠᠷᠠᠯ᠎ᠠ᠂ ᠦᠵᠡᠬᠦ ᠳᠤ ᠲᠠᠭᠠᠯᠠᠮᠵᠢᠲᠠᠢ ᠮᠥᠷᠲᠡᠭᠡᠨ ᠪᠠᠰᠠ ᠰᠠᠭᠤᠷᠢᠰᠢᠬᠤ ᠳᠤ ᠴᠦ ᠲᠠᠭᠠᠯᠠᠮᠵᠢᠲᠠᠢ︾ ᠭᠡᠵᠦ | ᠪᠠᠶᠢᠯ᠎ᠠ᠃ | ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠠᠪᠤᠴᠠ ᠳᠤ᠂ | ᠮᠠᠨ ᠤ ᠬᠤᠰᠢᠭᠤ ᠬᠠᠮᠲᠤ ᠪᠠᠷ ᠴᠢᠷᠮᠠᠶᠢᠵᠤ᠂ ᠥᠩᠭᠡ ᠬᠢᠯᠠᠯᠵᠠᠮ᠎ᠠ᠂ ᠴᠢᠨᠠᠷ ᠰᠠᠶᠢᠲᠠᠶ ︽ᠠᠮᠢ ᠠᠬᠤᠶ ᠶᠢᠨ | ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠪᠠ᠂ ᠣᠲᠣ ᠪᠤᠯᠬᠤ ᠳᠤ᠂ ᠳᠠᠯᠠᠶᠢᠬᠦ᠋ᠪ ᠪᠠᠯᠭᠠᠰᠤᠨ ᠤ ᠬᠤᠲᠠ ᠶᠢᠨ | ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 42 . 56 % ᠳᠤ ᠬᠦᠷᠴᠦ᠂ | ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ 442 . 24 ᠲᠦᠮᠡᠨ ᠲᠡᠭᠰᠢ ᠳᠥᠷᠪᠡᠯᠵᠢᠨ | ᠮᠧᠲᠷ ᠲᠤ ᠬᠦᠷᠦᠨ᠂ ᠨᠣᠭᠤᠭᠠᠷᠠᠭᠤᠯᠤᠯᠲᠠ ᠶᠢᠨ ᠨᠣᠷᠮ᠎ᠠ 40 . 56 % ᠳᠤ ᠬᠦᠷᠴᠡᠶ ᠃ | ᠡᠵᠡᠨ᠎ᠡ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶᠠᠨ ᠤ ᠳᠡᠳ᠋ ᠳᠠᠷᠤᠭ᠎ᠠ ᠸᠠᠩ ᠰᠢᠶᠦ᠋ᠩ ᠲᠤᠤ᠄ ︽ᠡᠵᠡᠨ᠎ᠡ ᠬᠤᠰᠢᠭᠤ ᠪᠣᠬᠢᠷᠲᠤᠯ ᠥᠬᠡᠶ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠬᠤᠲᠠ ᠶᠢᠨ ᠬᠤᠤᠰ ᠵᠠᠰᠠᠯᠲᠠ ᠶᠢ ᠡᠷᠡᠰ ᠭᠤᠶᠢᠪᠢᠰᠢ ᠥᠬᠡᠶ ᠠᠬᠢᠭᠤᠯᠤᠨ᠂ | ᠠᠮᠢ ᠠᠬᠤᠶ ᠶᠢ ᠰᠡᠷᠭᠦᠭᠡᠨ ᠵᠠᠰᠠᠬᠤ᠂ ᠣᠷᠣᠨ ᠵᠠᠶ ᠶᠢ ᠨᠣᠭᠤᠭᠠᠷᠠᠭᠤᠯᠬᠤ ᠪᠠᠷ ᠭᠠᠷᠳᠠᠴᠠ ᠪᠣᠯᠭᠠᠵᠤ᠂ ᠠᠮᠢ | ᠠᠬᠤᠶ ᠶᠢᠨ ᠬᠡᠪᠡᠷᠡᠭ ᠲᠤᠳᠠᠭᠳᠠᠯ ᠢ ᠲᠦᠷᠭᠡᠨ ᠨᠥᠬᠦᠪᠥᠷᠢᠯᠡᠪᠡ᠃ ᠲᠩᠷᠢ ᠨᠢ ᠴᠡᠯᠮᠡᠭ ᠤᠰᠤ ᠨᠢ ᠲᠤᠩᠭᠠᠯᠠᠭ᠂ ᠠᠮᠢ | ᠠᠬᠤᠶ ᠨᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠡᠵᠡᠨ᠎ᠡ ᠶᠢ ᠴᠢᠷᠮᠠᠶᠢᠨ ᠪᠦᠳᠦᠬᠡᠨ ᠪᠠᠶᠢᠭᠤᠯᠤᠨ᠎ᠠ︾ ᠭᠡᠵᠦ | ᠪᠠᠶᠢᠯ᠎ᠠ᠃ | |