ᠡᠵᠡᠨ᠎ᠡ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ 2022 ᠣᠨ ᠤ ︽ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠣᠯᠠᠷᠢᠯ︾᠎ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2022/11/8
      ᠣᠶᠢᠷ᠎ᠠ ᠶᠢᠨ ᠡᠳᠣᠷ᠂ ᠡᠵᠡᠨ᠎ᠡ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯ ᠤᠨ ᠵᠥᠪᠯᠡᠯ᠂ ᠵᠢᠦᠢ ᠶᠠᠨ ᠨᠡᠶᠢᠭᠡᠮ ᠲᠣᠭᠤᠷᠢᠭ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠲᠠᠢ ᠬᠠᠮᠲᠤᠷᠠᠨ᠂ ︽ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠤᠯᠠᠷᠢᠯ︾᠎ ᠤᠨ ᠠᠵᠢᠯᠯᠠᠭ᠎ᠠ ᠶᠢ ᠡᠬᠢᠯᠡᠭᠦᠯᠵᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠬᠠᠯᠠᠮᠵᠢᠯᠠᠨ ᠬᠠᠶᠢᠷᠠᠯᠠᠬᠤ ᠠᠵᠢᠯ ᠢ ᠦᠨᠡᠨ ᠬᠦ ᠰᠠᠶᠢᠲᠤᠷ ᠬᠢᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠪᠣᠳᠠᠲᠠᠢ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠤᠭᠰᠠᠨ ᠪᠠᠶᠢᠨ᠎ᠠ᠃      ᠠᠵᠢᠯᠯᠠᠭᠠᠨ ᠤ ᠠᠬᠤᠢ ᠳᠠᠯᠠᠪᠠᠢ ᠳᠤ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠵᠤ᠂ ᠥᠷᠭᠡᠨ ᠤᠯᠠᠨ ᠠᠵᠢᠯᠲᠠᠨ ᠠᠵᠢᠯᠴᠢᠨ ᠤᠯᠠᠨ ᠲᠦᠮᠡᠨ ᠢ ᠨᠠᠮ ᠤᠨ ᠥᠭᠡ ᠶᠢ ᠰᠣᠨᠣᠰᠴᠣ᠂ ᠨᠠᠮ ᠤᠨ ᠠᠴᠢ ᠶᠢ  ᠮᠠᠷᠲᠠᠬᠤ ᠦᠭᠡᠢ᠂ ᠡᠭᠦᠷᠢᠳᠡ ᠨᠠᠮ ᠢᠶᠠᠨ ᠲᠠᠭᠠᠬᠤ ᠶᠢ ᠵᠢᠭᠠᠨ ᠵᠢᠯᠣᠭᠤᠳᠴᠡᠢ᠃ ᠬᠥᠳᠡᠯᠬᠡᠬᠡᠨ ᠳᠤ ᠪᠠᠰᠠ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠤᠬᠠᠭᠤᠯᠭ᠎ᠠ ᠶᠢᠨ ᠬᠠᠭᠤᠳᠠᠰᠤ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ︾᠂ ︽ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠳᠦᠷᠢᠮ︾᠂ ︽ᠡᠮᠡᠭᠲᠡᠢ ᠠᠵᠢᠯᠲᠠᠨ ᠠᠵᠢᠯᠴᠢᠨ ᠤ ᠬᠥᠳᠡᠯᠮᠦᠷᠢ ᠶᠢ ᠬᠠᠮᠠᠭᠠᠯᠠᠬᠤ ᠲᠤᠬᠠᠢ ᠣᠨᠴᠠᠭᠠᠶ ᠲᠣᠭᠲᠠᠭᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠳᠤ ᠬᠢᠨᠠᠯᠲᠠ ᠲᠠᠯᠪᠢᠬᠤ ᠳᠦᠷᠢᠮ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠳᠠᠷᠬᠠᠭᠠᠨ ᠥᠭᠬᠦ ᠶᠢᠨ ᠬᠠᠮᠳᠤ ᠠᠵᠢᠯᠴᠢᠨ ᠤ ᠡᠪᠯᠡᠯ ᠳᠤ ᠰᠢᠨ᠎ᠡ ᠪᠠᠷ ᠣᠷᠣᠭᠰᠠᠨ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ᠭᠡᠰᠢᠭᠦᠨ ᠤ ᠦᠨᠡᠮᠯᠡᠯ ᠣᠯᠭᠤᠵᠤ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠪᠡ᠃      ᠣᠶᠢᠯᠠᠭᠠᠭᠰᠠᠨ ᠢᠶᠠᠷ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠭᠡᠰᠢᠭᠦᠳ ᠤᠨ ᠪᠦᠷᠬᠦᠴᠡ ᠪᠠᠨ ᠲᠠᠰᠤᠷᠠᠯᠲᠠ ᠦᠭᠡᠢ ᠥᠷᠭᠡᠳᠬᠡᠵᠦ᠂ ᠦᠢᠯᠡᠴᠢᠯᠡᠭᠡ ᠪᠠᠨ ᠥᠨᠡᠨᠬᠦ ᠴᠢᠩᠭᠠᠳᠬᠠᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠦᠷᠭᠦᠯᠵᠢᠯᠡᠨ ᠬᠠᠪᠰᠤᠷᠤᠨ ᠳᠡᠮᠵᠢᠵᠦ᠂ ᠳᠡᠳᠡᠨᠡᠷ ᠤᠨ ᠳᠣᠯᠭᠠᠷᠠᠵᠦ ᠪᠣᠢ ᠬᠦᠴᠢᠷ ᠠᠰᠠᠭᠤᠳᠠᠯ ᠢ ᠨᠢ ᠳᠦᠢᠯᠪᠤᠷᠢᠲᠠᠢ ᠰᠢᠢᠳᠪᠣᠷᠢᠯᠡᠨ ᠦᠭᠴᠦ᠂ ᠳᠡᠳᠡᠨᠡᠷ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ  ᠥᠨᠡᠨᠬᠦ ᠨᠡᠮᠡᠭᠳᠡᠬᠦᠯᠪᠡ᠃      ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠳ᠋ ᠲᠡᠷᠢᠭᠦᠯᠡᠭᠴᠢ ᠸᠠᠩ ᠢᠦᠢ ᠮᠧᠶ᠄ ︽ᠨᠠᠮ ᠤᠨ 20 ᠳ᠋ᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠤᠨ᠂ ᠨᠠᠮ ᠤᠨ ᠲᠥᠪ ᠬᠤᠷᠢᠶᠠᠨ ᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠪᠦᠯᠬᠦᠮ ᠢ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠬᠦ ᠲᠤᠬᠠᠢ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠨᠢ 2022 ᠣᠨ ᠤ 11 ᠳ᠋ᠦ᠋ᠭᠡᠷ ᠰᠠᠷ᠎ᠠ ᠶᠢᠨ 3᠎ ᠤ ᠡᠳᠦᠷ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠬᠠᠯᠠᠮᠵᠢᠯᠠᠬᠤ ᠦᠢᠯᠡᠴᠢᠯᠡᠭᠡᠨ ᠤ ᠠᠵᠢᠯᠯᠠᠭ᠎ᠠ ᠶᠢ ᠵᠡᠷᠭᠡᠪᠡᠷ ᠡᠬᠢᠯᠡᠭᠦᠯᠬᠦ ᠪᠠᠷ ᠳᠣᠭᠳᠠᠭᠰᠠᠨ ᠪᠠᠶᠢᠨ᠎ᠠ ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号