ᠮᠠᠨ ᠤ ᠬᠤᠰᠢᠭᠤ ᠤᠳᠬ᠎ᠠ ᠵᠤᠬᠢᠶᠠᠯ ᠤᠨ ᠠᠵᠢᠯᠯᠠᠭ᠎ᠠ ᠦᠷᠨᠢᠬᠦᠯᠵᠤ ᠤᠳᠬ᠎ᠠ ᠵᠤᠬᠢᠶᠠᠯ ᠰᠤᠶᠤᠯ ᠤᠨ ᠦᠢᠯᠡᠰ ᠎ ᠤᠨ ᠬᠦᠭᠵᠢᠯ ᠪᠠᠳᠠᠷᠠᠯ ᠢ ᠠᠬᠢᠭᠤᠯᠤᠨ᠎ᠠ
ᠨᠡᠶᠢᠲᠡᠯᠡᠭᠰᠡᠨ ᠴᠠᠭ᠄
2022/11/8
      11 ᠳ᠋ᠦ᠋ᠭᠡᠷ ᠰᠠᠷ᠎ᠠ ᠶᠢᠨ 4᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠤᠯᠯᠠᠨ ᠡᠷᠬᠢᠯᠡᠵᠦ᠂ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠬᠤᠰᠢᠭᠤᠨ ᠤ       ᠵᠤᠬᠢᠶᠠᠯᠴᠢᠳ ᠤᠨ ᠨᠡᠶᠢᠬᠡᠮᠯᠢᠭ ᠠᠴᠠ ᠳᠠᠭᠠᠭᠠᠴᠢᠯᠠᠨ ᠡᠷᠬᠢᠯᠡᠭᠰᠡᠨ ᠬᠤᠶᠠᠳᠤᠭᠠᠷ ᠬᠤᠭᠤᠴᠠᠭᠠᠨ ᠤ ︽ᠡᠵᠡᠨ᠎ᠡ ᠨᠤᠭᠤᠭᠠᠨ ᠪᠦᠷᠢᠳᠦ︾ ᠨᠠᠶᠢᠷᠠᠭᠤᠯᠤᠯ ᠤᠨ ᠤᠷᠤᠯᠳᠤᠭᠠᠨ ᠤ ᠱᠠᠩᠨᠠᠯ ᠤᠯᠭᠤᠬᠤ ᠶᠤᠰᠤᠯᠠᠯ ᠪᠤᠯᠤᠨ ᠢᠯᠠᠯᠲᠠ᠂ ᠰᠠᠯᠬᠢᠴᠢ᠂ ᠪᠧᠢ ᠬᠠᠢ ᠰᠢᠶᠠ ᠶᠢᠨ ᠰᠢᠨ᠎ᠡ ᠪᠦᠲᠦᠭᠡᠯ ᠤᠨ ᠰᠤᠳᠤᠯᠤᠨ ᠶᠠᠷᠢᠯᠴᠠᠬᠤ ᠬᠤᠷᠠᠯ ᠵᠢᠴᠢ ᠡᠩᠬᠡᠬᠠᠲᠠ ᠤᠨ ᠤᠳᠬ᠎ᠠ ᠵᠤᠬᠢᠶᠠᠯ ᠤᠨ ᠲᠠᠶᠢᠯᠤᠮᠵᠢ ᠮᠠᠨ ᠤ ᠬᠤᠰᠢᠭᠤᠨ ᠳᠤ ᠠᠮᠵᠢᠯᠳᠠ ᠲᠠᠢ ᠶᠠᠪᠤᠭᠳᠠᠪᠠ᠃ ᠦᠪᠦᠷ ᠮᠤᠩᠭᠤᠯ ᠤᠨ ᠵᠤᠬᠢᠶᠠᠯᠴᠢᠳ ᠤᠨ ᠨᠡᠶᠢᠬᠡᠮᠯᠢᠭ ᠤᠨ ᠳᠡᠳ᠋ ᠲᠡᠷᠢᠭᠦᠯᠡᠭᠴᠢ᠂ ᠠᠯᠠᠱᠠ ᠠᠶᠢᠠᠮᠭ ᠤᠨ ᠵᠤᠬᠢᠶᠠᠯᠴᠢᠳ ᠤᠨ       ᠨᠡᠶᠢᠬᠡᠮᠯᠢᠭ ᠤᠨ ᠲᠡᠷᠢᠭᠦᠯᠡᠭᠴᠢ ᠡᠩᠬᠡᠬᠠᠲᠠ ᠵᠡᠷᠭᠡ ᠦᠪᠡᠷᠲᠡᠭᠡᠨ ᠵᠠᠰᠠᠬᠤ ᠤᠷᠤᠨ᠂ ᠠᠶᠢᠠᠮᠭ ᠤᠨ ᠵᠤᠬᠢᠶᠠᠯᠴᠢᠳ ᠤᠨ ᠨᠡᠶᠢᠬᠡᠮᠯᠢᠭ ᠤᠨ ᠤᠳᠤᠷᠢᠳᠤᠯᠭ᠎ᠠ᠂  ᠴᠧᠨ ᠮᠠᠨᠳᠠ᠂ ᠭᠡᠷᠡᠯᠲᠤᠶᠠᠭ᠎ᠠ  ᠵᠡᠷᠭᠡ ᠬᠤᠰᠢᠭᠤᠨ ᠤ ᠤᠳᠤᠷᠢᠳᠤᠯᠭ᠎ᠠ ᠠᠵᠢᠯᠯᠠᠭᠠᠨ ᠳᠤ ᠤᠷᠤᠯᠴᠠᠪᠠ᠃      ᠬᠤᠶᠠᠳᠤᠭᠠᠷ ᠬᠤᠭᠤᠴᠠᠭᠠᠨ ᠤ ︽ᠡᠵᠡᠨ᠎ᠡ ᠨᠤᠭᠤᠭᠠᠨ ᠪᠦᠷᠢᠳᠦ︾ ᠨᠠᠶᠢᠷᠠᠭᠤᠯᠤᠯ ᠤᠨ ᠤᠷᠤᠯᠳᠤᠭᠠᠨ ᠨᠢ ᠨᠡᠶᠢᠬᠡᠮ ᠤᠨ ᠡᠯ᠎ᠡ ᠡᠲᠡᠭᠡᠳ ᠤᠨ ᠠᠩᠬᠠᠷᠤᠯ ᠢ ᠲᠠᠳᠠᠵᠤ᠂ ᠤᠷᠤᠯᠳᠤᠭᠠᠨ ᠤ ᠪᠦᠲᠦᠭᠡᠯ ᠳᠤ ᠭᠤᠤᠯᠳᠠᠭᠤ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ᠂ ᠰᠢᠯᠢᠳᠡᠭ ᠨᠠᠮ ᠤᠨ ᠭᠡᠰᠢᠭᠦᠨ ᠪᠤᠯᠤᠨ ᠪᠠᠭᠠᠲᠦᠷ       ᠵᠢᠱᠢᠶᠡᠴᠢ ᠶᠢᠨ ᠦᠢᠯᠡ ᠠᠵᠢᠯᠯᠠᠭ᠎ᠠ ᠶᠢ ᠮᠠᠭᠲᠠᠨ ᠲᠠᠭᠤᠯᠠᠬᠤ᠂ ᠡᠵᠡᠨ᠎ᠡ ᠶᠢᠨ ᠲᠤᠤᠷᠠᠢ ᠪᠠ ᠭᠤᠶᠢᠲᠦ ᠰᠠᠶᠢᠬᠠᠨ ᠦᠵᠡᠮᠵᠢ ᠶᠢ ᠮᠠᠭᠲᠠᠨ ᠲᠠᠭᠤᠯᠠᠬᠤ ᠵᠡᠷᠭᠡ ᠭᠤᠤᠯ ᠰᠢᠵᠢᠮ ᠢᠶᠠᠷ ᠵᠤᠬᠢᠶᠠᠯᠴᠢᠳ ᠤᠨ ᠬᠠᠶᠢᠷ᠎ᠠ ᠰᠡᠳᠬᠢᠯᠭᠡ ᠶᠢ ᠤᠶᠠᠩᠭᠠᠯᠠᠭᠰᠠᠨ ᠪᠠᠶᠢᠨ᠎ᠠ᠃ ᠬᠢᠨᠠᠭᠴᠢ ᠶᠢᠨ ᠡᠷᠬᠡ ᠲᠡᠭᠰᠢ ᠲᠦᠪ ᠭᠤᠤᠯᠴᠢ ᠰᠢᠯᠭᠠᠷᠠᠭᠤᠯᠤᠯᠳᠠ ᠪᠠᠷ ᠲᠠᠮᠵᠢᠨ᠂ ᠨᠢᠭᠡᠳᠦᠭᠡᠷ ᠳᠡᠰ ᠲᠤ ᠬᠤᠶᠠᠷ ᠨᠠᠶᠢᠷᠠᠭᠤᠯᠤᠯ᠂ ᠬᠤᠶᠠᠳᠤᠭᠠᠷ ᠳᠡᠰ ᠲᠤ ᠳᠦᠷᠪᠡᠨ ᠨᠠᠶᠢᠷᠠᠭᠤᠯᠤᠯ᠂ ᠭᠤᠷᠪᠠᠳᠤᠭᠠᠷ ᠳᠡᠰ ᠲᠤ ᠵᠢᠷᠭᠤᠭᠠᠨ ᠨᠠᠶᠢᠷᠠᠭᠤᠯᠤᠯ ᠲᠤᠳᠤᠷᠠᠵᠤ᠂ ᠲᠠᠪᠤᠨ ᠨᠠᠶᠢᠷᠠᠭᠤᠯᠤᠯ ᠨᠢ ᠰᠢᠯᠢᠳᠡᠭ ᠳᠡᠰ ᠲᠤ ᠤᠷᠤᠵᠡᠢ᠃      ᠱᠠᠩᠨᠠᠯ ᠬᠦᠷᠲᠡᠭᠴᠢ ᠬᠠᠰᠭᠡᠷᠡᠯ᠄ ︽ᠪᠢ ᠤᠳᠬ᠎ᠠ ᠵᠤᠬᠢᠶᠠᠯ ᠳᠤ ᠳᠤᠷ᠎ᠠ ᠪᠠᠬ᠎ᠠ ᠲᠠᠢ᠂ ᠡᠨᠡ ᠵᠢᠯ ᠤᠳᠬ᠎ᠠ ᠵᠤᠬᠢᠶ᠋ᠯ ᠤᠨ ᠤᠷᠤᠯᠳᠤᠭᠠᠨ ᠳᠤ ᠤᠷᠤᠯᠴᠠᠭᠠᠳ ᠱᠠᠩᠨᠠᠯ ᠠᠪᠤᠨ᠎ᠠ ᠭᠡᠵᠦ ᠪᠤᠳᠤᠵᠤ ᠤᠯᠤᠭᠰᠠᠨ ᠦᠭᠡᠢ᠂  ᠮᠠᠰᠢ ᠪᠠᠶᠠᠷᠯᠠᠵᠦ ᠪᠠᠶᠢᠨ᠎ᠠ︾ ᠭᠡᠪᠡ᠃      ︽ᠢᠯᠠᠯᠲᠠ᠂ ᠰᠠᠯᠬᠢᠴᠢ᠂ ᠪᠧᠢ ᠬᠠᠢ ᠰᠢᠶᠠ ᠶᠢᠨ ᠰᠢᠨ᠎ᠡ ᠪᠦᠲᠦᠭᠡᠯ ᠤᠨ ᠰᠤᠳᠤᠯᠤᠨ ᠶᠠᠷᠢᠯᠴᠠᠬᠤ       ᠬᠤᠷᠠᠯ︾᠎ ᠳᠤ᠂ ᠮᠠᠨ ᠤ ᠠᠶᠢᠠᠮᠭ ᠤᠨ ᠤᠯᠠᠨ ᠨᠡᠷᠡᠲᠦ ᠵᠤᠬᠢᠶᠠᠯᠴᠢ ᠶᠢ  ᠤᠷᠢᠵᠤ ᠵᠢᠭᠠᠨ ᠵᠢᠯᠤᠭᠤᠳᠤᠭᠤᠯᠵᠤ᠂ ᠮᠦᠨᠬᠦ ᠤᠳᠬ᠎ᠠ ᠵᠤᠬᠢᠶᠠᠯ ᠤᠨ ᠪᠦᠲᠦᠭᠡᠯ ᠤᠨ ᠲᠤᠬᠠᠢ ᠶᠠᠷᠢᠯᠴᠠᠭ᠎ᠠ ᠪᠠᠷ ᠳᠠᠮᠵᠢᠨ᠂ ᠮᠠᠨ ᠤ ᠬᠤᠰᠢᠭᠤᠨ ᠤ ᠤᠳᠬ᠎ᠠ ᠵᠤᠬᠢᠶᠠᠯ ᠤᠨ ᠵᠤᠬᠢᠶᠠᠨ  ᠪᠦᠳᠦᠭᠡᠬᠦ ᠶᠢᠨ ᠬᠢᠷᠢ ᠲᠦᠪᠰᠢᠨ ᠢ ᠲᠡᠭᠡᠭᠰᠢᠯᠡᠬᠦᠯᠵᠤ᠂ ᠤᠳᠬ᠎ᠠ ᠵᠤᠬᠢᠶᠠᠯ ᠢ ᠵᠤᠬᠢᠶᠠᠨ ᠪᠦᠳᠦᠭᠡᠬᠦ ᠰᠠᠨᠠᠭᠠᠴᠢᠯᠭᠠᠲᠦ ᠴᠢᠨᠠᠷ ᠢ ᠠᠬᠢᠭᠤᠯᠤᠨ᠂ ᠤᠳᠬ᠎ᠠ ᠵᠤᠬᠢᠶᠠᠯ ᠢ ᠵᠣᠬᠢᠶᠠᠨ ᠪᠦᠳᠦᠭᠡᠬᠦ  ᠡᠩᠨᠡᠭᠡ ᠶᠢ ᠪᠤᠵᠠᠭᠠᠶᠢᠷᠠᠭᠤᠯᠪᠠ᠃      ᠠᠯᠠᠱᠠ ᠠᠶᠢᠮᠠᠭ ᠤᠨ ᠵᠤᠬᠢᠶᠠᠯᠴᠢᠳ ᠤᠨ ᠨᠡᠶᠢᠬᠡᠮᠯᠢᠭ ᠤᠨ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠬᠤᠸᠠᠩ ᠼᠦᠩ᠄ ︽ᠡᠨᠡ ᠤᠳᠠᠭᠠᠨ ᠤ ᠡᠵᠡᠨ᠎ᠡ ᠬᠤᠰᠢᠭᠤᠨ ᠤ ᠭᠤᠷᠪᠠᠨ ᠵᠤᠬᠢᠶᠠᠯᠴᠢ ᠶᠢᠨ ᠪᠦᠲᠦᠭᠡᠯ ᠢ ᠰᠤᠳᠤᠯᠤᠨ ᠶᠠᠷᠢᠯᠴᠠᠬᠤ ᠬᠤᠷᠠᠯ ᠨᠢ ᠶᠡᠭᠡ ᠠᠮᠵᠢᠯᠲᠠᠳᠠᠢ ᠶᠠᠪᠤᠭᠳᠠᠯ᠎ᠠ᠂ ᠢᠯᠠᠩᠭᠤᠶ᠎ᠠ ᠡᠨᠡ ᠡᠳᠦᠷ ᠤᠨ ︽ᠡᠵᠡᠨ᠎ᠡ ᠨᠤᠭᠤᠭᠠᠨ ᠪᠦᠷᠢᠲᠦ︾ ᠨᠠᠶᠢᠷᠠᠭᠤᠯᠤᠯ ᠤᠨ ᠤᠷᠤᠯᠳᠤᠭᠠᠨ ᠤ ᠱᠠᠩᠨᠠᠯ ᠤᠯᠭᠤᠬᠤ ᠶᠤᠰᠤᠯᠠᠯ ᠠᠴᠠ ᠪᠠᠰᠠ ᠶᠡᠭᠡ ᠤᠯᠠᠨ ᠰᠢᠨ᠎ᠡ ᠤᠷᠠᠯᠢᠭᠴᠢᠳ ᠲᠠᠢ ᠲᠠᠨᠢᠯᠴᠠᠯ᠎ᠠ᠂ ᠡᠵᠡᠨ᠎ᠡ ᠬᠤᠰᠢᠭᠤᠨ ᠤ ᠤᠳᠬ᠎ᠠ ᠵᠤᠬᠢᠶᠠᠯ ᠤᠨ       ᠵᠠᠯᠭᠠᠮᠵᠢᠯᠠᠭᠴᠢ ᠲᠠᠢ ᠭᠡᠰᠡᠨ ᠨᠢ ᠮᠡᠳᠡᠭᠳᠡᠮ᠎ᠡ ᠪᠠᠶᠢᠨ᠎ᠠ︾ ᠭᠡᠵᠦ ᠪᠠᠶᠢᠯ᠎ᠠ᠃      ︽ᠡᠩᠬᠡᠬᠠᠲᠠ ᠶᠢᠨ ᠤᠳᠬ᠎ᠠ ᠵᠤᠬᠢᠶᠠᠯ ᠤᠨ ᠲᠠᠶᠢᠯᠤᠮᠵᠢ︾᠎ ᠳᠤ᠂ ᠡᠩᠬᠡᠬᠠᠲᠠ ᠦᠷᠭᠡᠨ ᠤᠯᠠᠨ ᠤᠳᠬ᠎ᠠ ᠵᠤᠬᠢᠶᠠᠯ ᠤᠨ ᠪᠠᠭ᠋ᠠᠲᠠᠳ ᠲᠤ ᠦᠪᠡᠷ ᠤᠨ ᠵᠤᠬᠢᠶᠠᠨ ᠪᠦᠳᠦᠭᠡᠬᠦ ᠶᠢᠨ ᠦᠩᠭᠡᠷᠡᠯᠲᠡ ᠪᠠ ᠵᠤᠬᠢᠶᠠᠨ ᠪᠢᠴᠢᠬᠦ ᠲᠤᠷᠰᠢᠯᠭ᠎ᠠ ᠪᠠᠨ ᠲᠠᠶᠢᠯᠪᠤᠷᠢᠯᠠᠨ ᠦᠭᠭᠦ ᠶᠢᠨ ᠬᠠᠮᠲᠤ᠂ ᠦᠷᠭᠡᠨ ᠤᠯᠠᠨ ᠤᠳᠬ᠎ᠠ ᠵᠤᠬᠢᠶᠠᠯᠴᠢᠳ ᠲᠤ ᠵᠦᠪᠬᠡᠨ ᠤᠯᠠᠨ ᠨᠤᠮ ᠤᠩᠰᠢᠪᠠᠯ ᠰᠠᠶ᠋ᠢ ᠤᠷᠤᠰᠢᠨ ᠲᠤᠭᠲᠠᠨᠢᠵᠤ ᠴᠢᠳᠠᠨ᠎ᠠ᠂ ᠮᠦᠨᠴᠤ ᠲᠠᠰᠤᠷᠠᠯᠲᠠ ᠦᠭᠡᠢ ᠨᠤᠮ ᠦᠵᠡᠪᠡᠯ ᠰᠠᠶ᠋ᠢ ᠨᠢᠭᠡᠨ ᠵᠤᠬᠢᠶᠠᠯᠴᠢ ᠶᠢᠨ ᠠᠮᠢ ᠨᠠᠰᠤ ᠶᠢ ᠤᠷᠲᠤᠳᠬᠠᠵᠤ ᠴᠢᠳᠠᠨ᠎ᠠ᠃ ᠤᠯᠠᠨ ᠨᠤᠮ ᠦᠵᠡᠵᠦ ᠨᠤᠮ       ᠤᠩᠰᠢᠬᠤ ᠨᠢ ᠦᠪᠡᠷ ᠤᠨ ᠤᠳᠬ᠎ᠠ ᠵᠤᠬᠢᠶᠠᠯ ᠤᠨ ᠦᠵᠡᠯᠲᠡ ᠪᠠᠨ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ       ᠦᠭᠡᠢ᠂ ᠵᠤᠬᠢᠶᠠᠨ ᠪᠦᠳᠦᠭᠡᠬᠦ ᠬᠢᠷᠢ ᠲᠥᠪᠰᠢᠨ ᠢᠶᠠᠨ ᠳᠡᠭᠡᠭᠰᠢᠯᠡᠬᠦᠯᠵᠦ ᠴᠢᠳᠠᠬᠤ ᠪᠤᠯᠤᠨ᠎ᠠ ᠭᠡᠯ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号