ᠮᠠᠨ ᠤ ᠬᠤᠰᠢᠭᠤᠨ ᠤ ᠨᠠᠮᠣᠷ ᠤᠨ ᠤᠯᠠᠷᠢᠯ ᠤᠨ ᠠᠮᠢᠳᠡᠨ ᠤ ᠬᠢᠵᠢᠭ ᠢ ᠰᠡᠷᠭᠡᠶᠢᠯᠡᠬᠦ ᠠᠵᠢᠯ ᠡᠷᠴᠢᠮᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/11/8
      ᠤᠶᠢᠷ᠎ᠠ ᠶᠢᠨ ᠡᠳᠤᠷ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠠᠮᠢᠳᠠᠨ ᠤ ᠬᠢᠵᠢᠭ  ᠡᠪᠡᠳᠴᠢᠨ ᠢ ᠰᠡᠷᠭᠡᠶᠢᠯᠡᠨ ᠡᠵᠡᠮᠳᠡᠬᠦ ᠲᠦᠪ ᠤᠨ ᠠᠵᠢᠯᠳᠠᠳ ᠮᠠᠯᠵᠢᠬᠤ ᠲᠠᠷᠢᠶᠠᠯᠠᠬᠤ ᠤᠷᠤᠨ ᠳᠤ ᠭᠦᠨᠵᠡᠭᠡᠶᠢᠷᠡᠨ᠂ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠡᠪᠡᠳᠴᠢᠨ ᠤ ᠲᠠᠷᠢᠯᠭ᠎ᠠ ᠶᠢᠨ ᠠᠵᠢᠯ ᠢ ᠦᠷᠨᠢᠬᠦᠯᠵᠤ᠂ ᠠᠮᠢᠳᠠᠳ ᠤᠨ ᠠᠮᠤᠷ ᠲᠦᠪᠰᠢᠨ ᠢᠶᠠᠷ ᠡᠪᠥᠯ       ᠥᠩᠭᠡᠷᠡᠭᠦᠯᠬᠦ ᠶᠢ ᠪᠠᠳᠤᠯᠠᠪᠠ᠃      ᠨᠠᠮᠤᠷ ᠡᠪᠤᠯ ᠤᠨ ᠤᠯᠠᠷᠢᠯ ᠪᠤᠯ ᠠᠮᠢᠳᠠᠨ ᠤ ᠬᠢᠵᠢᠭ ᠤᠯᠠᠨ ᠡᠭᠦᠰᠳᠡᠭ ᠬᠤᠭᠤᠴᠠᠭ᠎ᠠ ᠪᠠᠶᠢᠵᠤ᠂ ᠪᠦᠬᠦ ᠬᠤᠰᠢᠭᠤᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠨᠢ ᠲᠦᠢᠯ ᠤᠨ ᠴᠢᠬᠤᠯᠠ ᠶᠤᠮ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠦᠪ ᠤᠨ ᠬᠢᠨ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠡᠯ᠎ᠡ ᠲᠦᠷᠦᠯ ᠤᠨ ᠬᠢᠵᠢᠭ ᠤᠨ ᠪᠠᠶᠢᠴᠠᠭᠠᠯᠳᠠ ᠶᠢᠨ ᠡᠳ᠋ ᠪᠤᠳᠠᠰ ᠤᠨ ᠨᠦᠭᠡᠴᠡ ᠶᠢ ᠪᠦᠬᠦ ᠲᠠᠯ᠎ᠠ ᠪᠠᠷ ᠰᠠᠶᠢᠳᠤᠷ ᠬᠢᠨ᠂ ᠡᠯ᠎ᠡ ᠰᠤᠮᠤ ᠪᠠᠯᠭᠠᠰᠤ ᠶᠢ ᠵᠤᠬᠢᠶᠠᠨ ᠪᠠᠶᠢᠭᠤᠯᠵᠤ 10 ᠳ᠋ᠤᠭᠠᠷ ᠰᠠᠷ᠎ᠠ ᠶᠢᠨ ᠲᠤᠮᠳᠠᠴᠢ ᠠᠴᠠ ᠡᠬᠢᠯᠡᠨ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠷᠨᠢᠬᠦᠯᠪᠡ᠃      ᠬᠤᠰᠢᠭᠤᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠦᠪ ᠤᠨ ᠡᠷᠬᠢᠯᠡᠭᠴᠢ ᠵᠢᠶᠣᠣ ᠸᠠᠨ ᠮᠢᠩ᠄ ︽ᠤᠳᠤ ᠨᠢᠭᠡᠨᠳᠡ 6 ᠰᠤᠮᠤ ᠪᠠᠯᠭᠠᠰᠤ ᠨᠠᠮᠤᠷ ᠤᠨ ᠤᠯᠠᠷᠢᠯ ᠤᠨ ᠰᠡᠷᠭᠡᠶᠢᠯᠡᠯᠳᠡ ᠶᠢᠨ ᠠᠵᠢᠯ ᠢᠶᠠᠨ ᠦᠷᠨᠢᠬᠦᠯᠦᠭᠰᠡᠨ ᠪᠠᠶᠢᠨ᠎ᠠ᠂ 11 ᠰᠠᠷ᠎ᠠ ᠶᠢᠨ ᠲᠤᠮᠳᠠᠴᠢ ᠪᠠᠷ ᠪᠦᠬᠦ ᠬᠤᠰᠢᠭᠤᠨ ᠤ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠢᠶᠠᠨ ᠪᠡᠶᠡᠯᠡᠬᠦᠯᠬᠦ ᠪᠠᠷ ᠲᠦᠯᠦᠪᠯᠡᠵᠤ᠂ ᠡᠪᠡᠳᠴᠢᠨ ᠢ ᠡᠰᠡᠷᠭᠦᠴᠡᠬᠦ ᠴᠢᠨᠠᠷ ᠴᠢᠨᠰᠠᠭ᠎ᠠ ᠪᠤᠯᠤᠨ ᠦᠷ᠎ᠡ ᠪᠦᠳᠦᠮᠵᠢ ᠶᠢ ᠬᠠᠮᠤᠭ ᠶᠡᠭᠡ ᠬᠡᠮᠵᠢᠶ᠎ᠡ ᠪᠠᠷ ᠪᠠᠳᠤᠯᠠᠵᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠡᠷᠡᠭᠦᠯ ᠢᠶᠠᠷ ᠬᠦᠭᠵᠢᠬᠦ ᠶᠢ ᠪᠠᠳᠤᠯᠠᠨ᠎ᠠ︾ ᠭᠡᠪᠡ᠃      ᠪᠦᠬᠦ ᠬᠤᠰᠢᠭᠤᠨ ᠤ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠨᠢ ᠡᠷᠳᠡ ᠡᠬᠢᠯᠡᠵᠤ᠂ ᠪᠠᠷᠢᠮᠵᠢᠶ᠎ᠠ ᠦᠨᠳᠤᠷ᠂ ᠦᠷ᠎ᠡ ᠪᠦᠳᠦᠮᠵᠢ ᠪᠠᠷ ᠰᠠᠶᠢᠨ ᠪᠠᠶᠢᠬᠤ ᠶᠢ ᠪᠠᠳᠤᠯᠠᠵᠤ᠂     ︽ᠡᠷᠤᠬᠡ ᠶᠢ ᠤᠷᠬᠢᠭᠳᠠᠭᠤᠯᠬᠤ ᠦᠭᠡᠢ᠂ ᠮᠠᠯ ᠢ ᠤᠷᠬᠢᠭᠳᠠᠭᠤᠯᠬᠤ ᠦᠭᠡᠢ᠂ ᠲᠠᠷᠢᠯᠭ᠎ᠠ ᠶᠢ ᠤᠷᠬᠢᠭᠳᠠᠭᠤᠯᠬᠤ ᠦᠭᠡᠢ︾ ᠪᠠᠶᠢᠬᠤ ᠠᠵᠢᠯ ᠤᠨ ᠬᠠᠷᠠᠯᠳᠠ ᠳᠤ ᠬᠦᠷᠬᠡᠬᠦ ᠶᠢᠨ ᠲᠤᠰᠠᠳᠠ᠂ ᠲᠤᠰ ᠠᠵᠢᠯ ᠳᠤ ᠣᠷᠣᠯᠴᠠᠵᠤ ᠪᠠᠶᠢᠭ᠎ᠠ ᠡᠯ᠎ᠡ ᠨᠢᠭᠡᠴᠡ ᠶᠢ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠶᠠᠪᠤᠴᠠ ᠶᠢ ᠵᠢᠷᠤᠮᠵᠢᠭᠤᠯᠤᠨ᠂ ᠠᠵᠢᠯ ᠤᠨ ᠴᠠᠭ ᠤᠨ ᠬᠢᠵᠠᠭᠠᠷ᠂ ᠡᠭᠦᠷᠭᠡ᠂ ᠠᠵᠢᠯ ᠤᠨ ᠪᠠᠷᠢᠮᠵᠢᠶ᠎ᠠ ᠪᠠ ᠬᠢᠨᠠᠨ ᠰᠢᠯᠭᠠᠵᠤ ᠬᠢᠨᠠᠨ ᠦᠨᠡᠯᠡᠬᠦ ᠲᠤᠭᠳᠠᠴᠠ ᠶᠢ ᠲᠤᠳᠤᠷᠬᠠᠢ ᠪᠤᠯᠭᠠᠬᠤ ᠶᠢ ᠱᠠᠭᠠᠷᠳᠠᠪᠠ᠃ ᠮᠦᠨᠴᠤ ᠡᠯ᠎ᠡ ᠰᠤᠮᠤ ᠪᠠᠯᠭᠠᠰᠤ᠂ ᠭᠠᠴᠠᠭ᠎ᠠ ᠶᠢ ᠨᠠᠮᠤᠷ ᠤᠨ ᠤᠯᠠᠷᠢᠯ ᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ᠂ ᠬᠢᠵᠢᠭ ᠢ ᠰᠡᠷᠭᠡᠶᠢᠯᠡᠬᠦ ᠡᠳ᠋ ᠪᠤᠳᠠᠰ ᠢ ᠪᠤᠳᠠᠳᠠᠶᠢᠵᠢᠭᠤᠯᠬᠤ ᠶᠢ ᠦᠨᠡᠨᠬᠦ ᠪᠠᠳᠤᠯᠠᠵᠤ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠬᠦ ᠠᠵᠢᠯ ᠤᠨ ᠶᠠᠰᠤ ᠴᠢᠨᠠᠷ ᠪᠠ ᠦᠷ᠎ᠡ ᠪᠦᠳᠦᠮᠵᠢ ᠶᠢ ᠬᠠᠮᠤᠭ ᠶᠡᠭᠡ ᠬᠡᠮᠵᠢᠶ᠎ᠡ ᠪᠠᠷ ᠪᠠᠳᠤᠯᠠᠭᠰᠠᠨ ᠪᠠᠶᠢᠨ᠎ᠠ᠃      ᠮᠠᠯᠴᠢᠨ ᠰᠦᠨ ᠬᠤᠸᠠᠢ ᠮᠢᠩ᠄ ︽ᠵᠢᠶᠣᠣ ᠦᠷᠳᠡᠭᠡᠨ ᠲᠠᠷᠤᠭ᠎ᠠ ᠶᠢᠨ ᠰᠠᠶ᠋ᠢᠬᠠᠨ ᠪᠢᠳᠠᠨ ᠳᠤ ᠲᠠᠶᠢᠯᠪᠤᠷᠢᠯᠠᠵᠤ ᠦᠭᠭᠦᠭᠰᠡᠨ ᠲᠡᠮᠡᠭᠡ ᠲᠡᠵᠢᠬᠡᠬᠦ ᠵᠢᠯᠤᠭᠤᠳᠤᠮᠵᠢ ᠶᠢ ᠰᠤᠨᠤᠰᠤᠭᠠᠳ ᠮᠠᠰᠢ ᠶᠡᠭᠡ ᠤᠯᠤᠯᠳᠠ ᠲᠠᠢ ᠪᠠᠶᠢᠨ᠎ᠠ᠂ ᠵᠠᠰᠠᠭ ᠤᠨ ᠤᠷᠳᠤᠨ ᠪᠤᠯᠤᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠪᠴᠢᠶᠠᠨ ᠠᠴᠠ ᠪᠢᠳᠠᠨ ᠳᠤ ᠡᠯ᠎ᠡ ᠵᠦᠢᠯ ᠤᠨ ᠠᠮᠢᠳᠠᠨ ᠤ ᠬᠢᠵᠢᠭ ᠢ ᠰᠡᠷᠭᠡᠶᠢᠯᠡᠬᠦ ᠲᠠᠷᠢᠯᠭ᠎ᠠ ᠶᠢ ᠴᠤᠬᠢᠵᠤ᠂ ᠲᠡᠮᠡᠭᠡ ᠲᠡᠵᠢᠬᠡᠬᠦ ᠳᠤ ᠨᠡᠩ ᠢᠳᠡᠭᠡᠯ ᠲᠠᠢ ᠪᠤᠯᠭᠠᠭᠰᠠᠨ ᠳᠤ ᠲᠦᠢᠯ ᠢᠶᠠᠷ ᠲᠠᠯᠠᠷᠬᠠᠵᠤ ᠪᠠᠶᠢᠨ᠎ᠠ︾      ᠭᠡᠪᠡ᠃      ᠤᠳᠤ ᠪᠤᠯᠳᠠᠯ᠎ᠠ᠂ ᠰᠢᠯᠦᠬᠡᠢ ᠡᠪᠡᠳᠴᠢᠨ ᠤ ᠲᠠᠷᠢᠯᠭ᠎ᠠ 2 ᠲᠦᠮᠡ ᠰᠢᠬᠠᠮ᠂ ᠬᠡᠪᠢᠬᠦ ᠮᠠᠯ ᠤᠨ ᠬᠢᠵᠢᠭ ᠤᠨ ᠲᠠᠷᠢᠯᠭ᠎ᠠ 0.07 ᠲᠦᠮᠡ᠂ ᠵᠢᠭᠦᠷᠳᠡᠨ ᠤ ᠬᠠᠯᠳᠠᠪᠤᠷᠢᠳᠤ ᠡᠪᠡᠳᠴᠢᠨ ᠤ ᠲᠠᠷᠢᠯᠭ᠎ᠠ 1.4 ᠲᠦᠮᠡ᠂ ᠲᠠᠬᠢᠶᠠᠨ ᠤ ᠬᠢᠵᠢᠭ ᠤᠨ ᠲᠠᠷᠢᠯᠭ᠎ᠠ 1.248 ᠲᠦᠮᠡ᠂ ᠭᠠᠭ᠋ᠠᠢ ᠶᠢᠨ ᠰᠢᠯᠦᠭᠡᠢ ᠡᠪᠡᠳᠴᠢᠨ ᠤ ᠲᠠᠷᠢᠯᠭ᠎ᠠ 0.268 ᠲᠦᠮᠡ᠂ ᠭᠠᠭ᠋ᠠᠢ ᠶᠢᠨ ᠬᠢᠵᠢᠭ ᠤᠨ ᠲᠠᠷᠢᠯᠭ᠎ᠠ 0.156 ᠲᠦᠮᠡ᠂ ᠭᠠᠭ᠋ᠠᠢ ᠶᠢᠨ ᠬᠦᠬᠡ ᠴᠢᠬᠢ ᠶᠢᠨ ᠬᠢᠵᠢᠭ ᠤᠨ ᠲᠠᠷᠢᠯᠭ᠎ᠠ 0.136 ᠲᠦᠮᠡ ᠶᠢ ᠲᠠᠷᠢᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号