ᠰᠢᠪᠧᠷᠢᠶ᠎ᠠ ᠶᠢᠨ ᠬᠦᠢᠳᠡᠨ ᠠᠭᠠᠷ ᠤᠨ ᠨᠦᠯᠦᠭᠡᠯᠡᠯ ᠢᠶᠠᠷ᠂ 11 ᠳ᠋ᠦ᠋ᠭᠡᠷ ᠰᠠᠷ᠎ᠠ ᠶᠢᠨ 27 — 30 ᠤ | ᠡᠳᠤᠷ ᠪᠤᠯᠳᠠᠯ᠎ᠠ᠂ ᠮᠠᠨ ᠤ ᠬᠤᠰᠢᠭᠤ ᠡᠪᠤᠯ ᠤᠨ ᠠᠭᠤᠷ ᠣᠷᠣᠭᠰᠠᠨ ᠠᠴᠠ ᠨᠠᠭᠠᠰᠢᠬᠢ ᠬᠠᠮᠤᠭ ᠤᠨ ᠴᠢᠩᠭ᠎ᠠ | ᠬᠦᠢᠳᠡᠨ ᠠᠭᠤᠷ ᠠᠮᠢᠰᠬᠤᠯ ᠢ ᠤᠭᠳᠤᠨ ᠠᠪᠤᠯ᠎ᠠ᠃ | ᠰᠤᠷᠪᠤᠯᠵᠢᠯᠠᠭᠴᠢ ᠬᠤᠰᠢᠭᠤᠨ ᠤ ᠴᠠᠭ ᠠᠭᠤᠷ ᠤᠨ ᠲᠤᠪᠴᠢᠶᠠᠨ ᠠᠴᠠ ᠤᠶᠢᠯᠠᠭᠠᠭᠰᠠᠨ ᠢᠶᠠᠷ᠂ 27 — | 30 ᠤ ᠡᠳᠤᠷ ᠪᠤᠯᠳᠠᠯ᠎ᠠ᠂ ᠪᠦᠬᠦ ᠬᠤᠰᠢᠭᠤᠨ ᠤ ᠶᠡᠬᠡᠩᠭᠢ ᠭᠠᠵᠠᠷ ᠤᠷᠤᠨ ᠤ ᠠᠭᠠᠷ ᠤᠨ ᠲᠤᠯᠠᠭᠠᠨ 20℃ ᠠᠴᠠ | ᠲᠡᠭᠡᠭᠰᠢ ᠪᠠᠭᠤᠷᠠᠵᠤ᠂ ᠴᠢᠩᠭ᠎ᠠ ᠬᠦᠢᠳᠡᠨ ᠤᠷᠤᠰᠬᠠᠯ ᠤᠨ ᠪᠠᠷᠢᠮᠵᠢᠶ᠎ᠠ ᠳᠤ ᠬᠥᠷᠴᠤ᠂ ᠵᠡᠬᠦᠨ ᠬᠡᠰᠡᠭ ᠤᠨ ᠭᠠᠵᠠᠷ | ᠤᠷᠤᠨ ᠳᠤ ᠡᠯᠡᠰᠤᠨ ᠰᠢᠭᠤᠷᠭ᠎ᠠ ᠤᠨ ᠠᠭᠤᠷ ᠠᠮᠢᠰᠬᠤᠯ ᠢᠯᠡᠷᠡᠭᠰᠡᠨ ᠪᠠᠶᠢᠨ᠎ᠠ᠃ ᠲᠤᠰ ᠤᠳᠠᠭᠠᠨ ᠤ ᠴᠢᠩᠭ᠎ᠠ | ᠬᠦᠢᠳᠡᠨ ᠤᠷᠤᠰᠬᠠᠯ ᠤᠨ ᠡᠮᠤᠨ᠎ᠡ ᠬᠤᠶᠢᠨᠠᠬᠢ ᠠᠭᠠᠷ ᠤᠨ ᠲᠤᠯᠠᠭᠠᠨ ᠤ ᠬᠡᠯᠪᠡᠯᠵᠡᠯ ᠶᠡᠭᠡ ᠪᠠᠶᠢᠵᠤ᠂ ᠮᠠᠨ ᠤ | ᠬᠤᠰᠢᠭᠤᠨ ᠤ ᠦᠷᠭᠡᠨ ᠤᠯᠠᠨ ᠰᠠᠭᠤᠭᠠᠯᠢ ᠠᠷᠠᠳ ᠤᠨ ᠡᠷᠡᠬᠦᠯ ᠮᠡᠨᠳᠤ ᠪᠠ ᠦᠢᠯᠡᠳᠪᠤᠷᠢᠯᠡᠯ ᠠᠮᠢᠳᠤᠷᠠᠯ ᠳᠤ | ᠬᠦᠨᠳᠤ ᠨᠤᠴᠢᠲᠠᠢ ᠨᠦᠯᠦᠭᠡ ᠦᠵᠡᠬᠦᠯᠪᠡ᠃ ᠮᠦᠨ ᠴᠤ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ | ᠵᠠᠮ ᠬᠠᠷᠢᠯᠴᠠᠭ᠎ᠠ ᠶᠢ ᠵᠤᠬᠢᠬᠤ ᠬᠡᠮᠵᠢᠶ᠎ᠡ ᠪᠠᠷ ᠨᠥᠯᠥᠭᠡᠯᠡᠭᠰᠡᠨ ᠪᠠᠶᠢᠨ᠎ᠠ᠃ ᠭᠠᠳᠠᠭᠰᠢ ᠭᠠᠷᠬᠤ᠂ ᠭᠠᠳᠠᠨ᠎ᠠ | ᠵᠢᠵᠢᠭᠦᠷᠯᠡᠬᠦ᠂ ᠬᠡᠭᠡᠷ᠎ᠡ ᠭᠠᠳᠠᠨ᠎ᠠ ᠠᠵᠢᠯᠯᠠᠬᠤ ᠬᠥᠮᠥᠰ ᠬᠤᠪᠴᠠᠰᠤ ᠬᠤᠨᠠᠷ ᠢᠶᠠᠨ ᠵᠤᠵᠠᠭᠠᠯᠠᠬᠤ ᠶᠢ ᠠᠩᠬᠠᠷᠴᠤ᠂ | ᠬᠦᠢᠲᠡᠨ ᠠᠴᠠ ᠰᠡᠷᠭᠡᠶᠢᠯᠡᠵᠦ ᠳᠤᠯᠠᠭᠠᠯᠠᠬᠤ ᠶᠢ ᠪᠠᠲᠤᠯᠠᠬᠤ ᠬᠡᠷᠡᠭᠲᠡᠢ᠃ | ᠬᠤᠰᠢᠭᠤᠨ ᠤ ᠴᠠᠭ ᠠᠭᠤᠷ ᠤᠨ ᠲᠤᠪᠴᠢᠶᠠᠨ ᠤ ᠬᠤᠷᠢᠶᠠᠨ ᠤ ᠲᠠᠷᠤᠭ᠎ᠠ ᠬᠤᠣ ᠽᠧ ᠳ᠋ᠦᠩ᠄ ︽ᠡᠨᠡ | ᠤᠳᠠᠭᠠᠨ ᠤ ᠬᠦᠢᠳᠡᠨ ᠤᠷᠤᠰᠬᠠᠯ ᠤᠨ ᠠᠭᠤᠷ ᠠᠮᠢᠰᠬᠤᠯ ᠨᠢ ᠰᠢᠪᠧᠷᠢᠶ᠎ᠠ ᠶᠢᠨ ᠬᠦᠢᠳᠡᠨ ᠠᠭᠠᠷ ᠤᠨ | ᠨᠦᠯᠦᠭᠡ ᠠᠴᠠ ᠪᠤᠯᠵᠤ᠂ ᠮᠠᠨ ᠤ ᠬᠤᠰᠢᠭᠤᠨ ᠳᠤ ᠴᠢᠩᠭ᠎ᠠ ᠬᠦᠢᠳᠡᠨ ᠤᠷᠤᠰᠬᠠᠯ ᠤᠨ ᠠᠭᠤᠷ ᠠᠮᠢᠰᠬᠤᠯ ᠢᠯᠡᠷᠡᠵᠤ | ᠵᠤᠬᠢᠬᠤ ᠬᠡᠮᠵᠢᠶᠡᠨ ᠤ ᠨᠦᠯᠦᠭᠡ ᠠᠪᠴᠢᠷᠠᠭᠰᠠᠨ ᠪᠠᠶᠢᠨ᠎ᠠ᠃ ᠤᠯᠠᠨ ᠢᠶᠠᠷ ᠢᠶᠠᠨ ᠬᠦᠢᠳᠡᠨ ᠠᠴᠠ ᠰᠡᠷᠭᠡᠶᠢᠯᠡᠬᠦ | ᠠᠵᠢᠯ ᠢᠶᠠᠨ ᠰᠠᠶᠢᠳᠤᠷ ᠬᠢᠵᠤ᠂ ᠡᠵᠡᠨ᠎ᠡ ᠬᠤᠰᠢᠭᠤᠨ ᠤ ᠴᠠᠭ ᠠᠭᠤᠷ ᠪᠤᠯᠤᠨ ᠡᠵᠡᠨ᠎ᠡ ᠬᠤᠰᠢᠭᠤᠨ ᠤ ᠬᠠᠮ | ᠵᠠᠭᠤᠴᠢᠯᠠᠭᠤᠷ ᠤᠨ ᠲᠦᠪ ᠤᠨ ᠸᠢᠴᠠᠲ ᠶᠢᠨ ᠤᠯᠠᠨ ᠨᠡᠶᠢᠳᠡ ᠶᠢᠨ ᠳ᠋ᠤᠭᠠᠷ ᠢ ᠠᠩᠬᠷᠴᠤ᠂ ᠴᠠᠭ ᠠᠭᠤᠷ ᠤᠨ | ᠪᠠᠶᠢᠳᠠᠯ ᠢ ᠴᠠᠭ ᠲᠤᠬᠠᠢ ᠳᠤ ᠨᠢ ᠡᠵᠡᠮᠰᠢᠬᠦ ᠶᠢ ᠬᠦᠰᠡᠵᠤ ᠪᠠᠶᠢᠨ᠎ᠠ︾ ᠭᠡᠵᠦ ᠪᠠᠶᠢᠯ᠎ᠠ᠃ |