ᠮᠠᠨ ᠤ ᠬᠤᠰᠢᠭᠤ ᠬᠤᠪᠢᠯᠭᠠᠨ ᠤᠩᠭᠤᠴᠠ ᠠᠷᠪᠠᠨ ᠲᠠᠪᠤᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠬᠠᠷᠪᠤᠯᠳᠠ ᠶᠢᠨ ᠣᠷᠣᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠪᠠᠳᠤᠯᠠᠪᠠ
ᠨᠡᠶᠢᠲᠡᠯᠡᠭᠰᠡᠨ ᠴᠠᠭ᠄
2022/12/1
      ᠪᠡᠭᠡᠵᠢᠩ ᠤᠨ ᠴᠠᠭ ᠢᠶᠠᠷ 11 ᠳ᠋ᠦ᠋ᠭᠡᠷ ᠰᠠᠷ᠎ᠠ ᠶᠢᠨ 29 ᠤ ᠤᠷᠤᠢ ᠶᠢᠨ 11 ᠴᠠᠭ 08 ᠮᠢᠨᠦ᠋ᠲ ᠲᠤ ᠬᠤᠪᠢᠯᠭᠠᠨ ᠤᠩᠭᠤᠴᠠ ᠠᠷᠪᠠᠨ ᠲᠠᠪᠤᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢ ᠠᠮᠵᠢᠯᠳᠠ ᠲᠠᠢ ᠬᠠᠷᠪᠤᠵᠤ᠂ ᠮᠠᠨ ᠤ ᠬᠤᠰᠢᠭᠤ ᠬᠠᠷᠪᠤᠯᠳᠠ ᠶᠢᠨ ᠲᠠᠯᠠᠪᠠᠢ ᠶᠢᠨ ᠭᠠᠳᠠᠨᠠᠬᠢ ᠠᠮᠤᠷ ᠲᠦᠪᠰᠢᠨ ᠢ ᠪᠦᠬᠦ ᠬᠦᠴᠦᠨ ᠢᠶᠠᠷ ᠪᠠᠳᠤᠯᠠᠭᠰᠠᠨ ᠪᠠᠶᠢᠨ᠎ᠠ᠃      ᠬᠤᠪᠢᠯᠭᠠᠨ ᠤᠩᠭᠤᠴᠠ ᠠᠷᠪᠠᠨ ᠲᠠᠪᠤᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ       ᠬᠠᠷᠪᠤᠯᠳᠠ ᠶᠢᠨ ᠡᠭᠦᠷᠭᠡ ᠶᠢ ᠲᠡᠭᠦᠰ ᠠᠮᠵᠢᠯᠳᠠ ᠲᠠᠢ ᠪᠡᠶᠡᠯᠡᠬᠦᠯᠬᠦ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠤᠰᠠᠳᠠ᠂ ᠮᠠᠨ ᠤ ᠬᠤᠰᠢᠭᠤᠨ ᠤ ᠬᠢᠯᠢ ᠶᠢᠨ       ᠬᠠᠮᠢᠶᠠᠷᠤᠯᠳᠠ ᠶᠢᠨ ᠶᠡᠭᠡ ᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠤᠷᠢᠳᠴᠢᠯᠡᠨ ᠪᠠᠶᠢᠷᠢᠯᠠᠭᠤᠯᠵᠤ᠂ ᠬᠠᠷᠪᠤᠯᠳᠠ ᠶᠢᠨ ᠲᠠᠯᠠᠪᠠᠢ ᠶᠢᠨ ᠭᠠᠳᠠᠭᠤᠷᠬᠢ ᠠᠮᠤᠷ ᠲᠦᠪᠰᠢᠨ ᠤ ᠪᠠᠲᠤᠯᠠᠭ᠎ᠠ ᠶᠢ ᠨᠠᠷᠢᠨ ᠬᠢᠨᠠᠮᠠᠭᠠᠢ ᠰᠠᠶᠢᠳᠤᠷ ᠬᠢᠵᠡᠢ᠃ ᠡᠬᠦᠨ ᠳᠤ᠂ ᠬᠤᠪᠢᠯᠭᠠᠨ ᠤᠩᠭᠤᠴᠠ ᠠᠷᠪᠠᠨ ᠲᠠᠪᠤᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠡᠭᠦᠷᠭᠡ ᠶᠢ ᠲᠡᠭᠦᠰ ᠠᠮᠵᠢᠯᠳᠠ ᠲᠠᠢ ᠪᠡᠶᠡᠯᠡᠬᠦᠯᠵᠤ᠂ ᠬᠠᠷᠢᠶᠠᠳᠤ ᠤᠷᠤᠨ ᠤ ᠪᠠᠨ ᠮᠠᠯᠴᠢᠨ ᠲᠠᠷᠢᠶᠠᠴᠢᠳ ᠤᠨ ᠠᠮᠢ ᠨᠠᠰᠤ ᠡᠳ᠋ ᠬᠦᠷᠤᠩᠭᠡ ᠶᠢᠨ ᠠᠮᠤᠷ ᠲᠦᠪᠰᠢᠨ ᠢ ᠪᠠᠳᠤᠯᠠᠬᠤ ᠶᠢᠨ ᠲᠤᠰᠠᠳᠠ ᠂ 27 ᠤ ᠡᠳᠤᠷ᠂ ᠬᠤᠰᠢᠭᠤᠨ ᠤ ᠬᠢᠯᠢ ᠶᠢᠨ ᠬᠠᠮᠢᠶᠠᠷᠤᠯᠳᠠ ᠶᠢᠨ ᠶᠡᠭᠡ ᠠᠩᠭᠢ ᠶᠢᠨ ᠭᠤᠷᠣᠨᠠᠢ ᠬᠢᠯᠢ ᠶᠢᠨ ᠲᠤᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂ ᠰᠠᠭᠤᠭ᠎ᠠ ᠴᠡᠷᠢᠭ ᠠᠩᠭᠢ᠂ ᠠᠮᠤᠷ ᠢ ᠬᠠᠮᠠᠭᠠᠯᠠᠬᠤ ᠮᠡᠳᠡᠭᠡ ᠵᠠᠩᠭᠢᠴᠢ᠂ ᠬᠢᠯᠢ ᠶᠢᠨ ᠬᠠᠮᠠᠭᠠᠯᠠᠯᠳᠠ ᠶᠢᠨ ᠪᠠᠬᠢᠯᠡᠯᠳᠡ ᠶᠢᠨ ᠡᠷᠤᠬᠡ ᠪᠠᠷ ᠪᠦᠷᠢᠯᠳᠦᠭᠰᠡᠨ ︽ᠰᠠᠨᠰᠠᠷ ᠤᠨ ᠠᠶᠠᠯᠠᠯ ᠤᠨ ᠬᠠᠮᠠᠭᠠᠯᠠᠯᠳᠠ ᠶᠢᠨ ᠠᠩᠭᠢ︾ ᠶᠢᠨ ᠭᠡᠰᠢᠭᠦᠳ ᠮᠠᠨᠢ ᠮᠠᠯᠴᠢᠨ ᠲᠠᠷᠢᠶᠠᠴᠢᠳ ᠤᠨ ᠭᠡᠷ ᠢᠶᠠᠷ ᠭᠦᠨᠵᠡᠭᠡᠶᠢᠷᠡᠨ᠂ ᠬᠠᠷᠢᠶᠠᠳᠤ ᠤᠷᠤᠨ ᠤ ᠪᠠᠨ ᠪᠤᠳᠠᠳᠠᠢ ᠪᠠᠶᠢᠭ᠎ᠠ ᠬᠦᠮᠦᠨ ᠠᠮᠠ ᠶᠢᠨ ᠰᠠᠭᠤᠷᠢ ᠲᠤᠭ᠎ᠠ ᠶᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠬᠤ ᠶᠢᠨ ᠬᠠᠮᠳᠤ ᠤᠬᠠᠭᠤᠯᠭ᠎ᠠ ᠬᠦᠮᠦᠵᠢᠯ ᠵᠢᠴᠢ ᠲᠠᠶᠢᠴᠢᠯᠠᠯᠳᠠ ᠶᠢᠨ ᠠᠵᠢᠯ ᠢ ᠢᠳᠡᠪᠬᠢᠲᠠᠢ ᠰᠠᠶᠢᠳᠤᠷ ᠬᠢᠭᠰᠡᠨ ᠪᠠ ᠮᠠᠯᠴᠢᠨ ᠲᠠᠷᠢᠶᠠᠴᠢᠳ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠲᠤᠮᠳᠠᠬᠢ ︽ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ︾ ᠤᠨ ᠬᠠᠷᠠᠯᠳᠠ᠂ ᠬᠦᠮᠦᠨ ᠰᠠᠭᠤᠯᠭᠠᠭᠰᠠᠨ ᠨᠢᠰᠬᠦ       ᠤᠩᠭᠤᠴᠠ ᠶᠢᠨ ᠬᠠᠷᠪᠤᠯᠳᠠ ᠪᠠ ᠪᠤᠴᠠᠯᠳᠠ ᠶᠢᠨ ᠦᠷᠤᠭᠡ ᠶᠢ ᠬᠤᠷᠢᠶᠠᠨ ᠠᠪᠬᠤ ᠡᠭᠦᠷᠭᠡ ᠶᠢᠨ ᠴᠢᠬᠤᠯᠠ ᠠᠴᠢ ᠬᠤᠯᠪᠤᠭᠳᠠᠯ ᠢ ᠲᠠᠶᠢᠯᠪᠤᠷᠢᠯᠠᠨ ᠦᠭᠭᠦ ᠶᠢᠨ ᠵᠡᠷᠭᠡᠪᠡᠷ ᠤᠯᠠᠨ ᠲᠦᠮᠡᠨ ᠢ ᠢᠳᠡᠪᠬᠢᠲᠠᠢ ᠬᠠᠮᠵᠢᠯᠴᠠᠬᠤ ᠶᠢ ᠬᠦᠳᠦᠯᠦᠨ ᠵᠢᠯᠤᠭᠤᠳᠬᠤ ᠶᠢᠨ ᠬᠠᠮᠳᠤ ᠭᠤᠤᠯᠳᠠᠯᠭ᠎ᠠ ᠲᠠᠢ ᠭᠠᠵᠠᠷ ᠤᠷᠤᠨ ᠤ ᠬᠦᠮᠦᠰ ᠢ ᠴᠠᠭ ᠲᠤᠬᠠᠢ ᠳᠤ ᠨᠢ ᠲᠠᠷᠬᠠᠭᠠᠨ᠂ ᠮᠠᠯᠴᠢᠨ ᠲᠠᠷᠢᠶᠠᠴᠢᠳ ᠢ ᠬᠠᠪᠰᠤᠷᠤᠨ ᠮᠠᠯ ᠰᠦᠷᠦᠭ ᠢ ᠨᠢ ᠰᠢᠯᠵᠢᠬᠦᠯᠵᠤ᠂ ᠬᠤᠪᠢᠯᠭᠠᠨ ᠤᠩᠭᠤᠴᠠ ᠠᠷᠪᠠᠨ ᠲᠠᠪᠤᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠬᠠᠷᠪᠤᠯᠳᠠ ᠶᠢᠨ ᠬᠤᠭᠤᠴᠠᠭᠠᠨ ᠳᠠᠬᠢ ᠨᠡᠶᠢᠬᠡᠮ ᠤᠨ ᠠᠮᠤᠷ ᠲᠤᠭᠳᠠᠭᠤᠨ ᠪᠠᠶᠢᠳᠠᠯ ᠢ ᠦᠨᠡᠨᠬᠦ ᠪᠠᠳᠤᠯᠠᠭᠰᠠᠨ ᠪᠠᠶᠢᠨ᠎ᠠ᠃      ᠲᠤᠰ ᠤᠳᠠᠭᠠᠨ ᠤ ᠬᠤᠪᠢᠯᠭᠠᠨ ᠤᠩᠭᠤᠴᠠ ᠠᠷᠪᠠᠨ ᠲᠠᠪᠤᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠬᠠᠷᠪᠤᠯᠳᠠ ᠶᠢᠨ ᠡᠭᠦᠷᠭᠡ ᠶᠢ ᠠᠮᠵᠢᠯᠳᠠ ᠲᠠᠢ ᠪᠡᠶᠡᠯᠡᠬᠦᠯᠵᠤ᠂ ᠰᠠᠶᠢᠨ ᠰᠠᠶᠢᠬᠠᠨ ᠠᠮᠤᠷ       ᠲᠦᠪᠰᠢᠨ ᠤ ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠤᠰᠠᠳᠠ᠂ ᠮᠠᠨ ᠤ ᠬᠤᠰᠢᠭᠤ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠦᠩᠭᠡᠷᠡᠭᠰᠡᠨ ᠤ ᠬᠤᠪᠢᠯᠭᠠᠨ ᠤᠩᠭᠤᠴᠠ ᠶᠢ ᠬᠠᠮᠠᠭᠠᠯᠠᠬᠤ ᠡᠭᠦᠷᠭᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ ᠬᠠᠷᠪᠤᠯᠳᠠ ᠶᠢᠨ ᠲᠠᠯᠠᠪᠠᠢ ᠶᠢᠨ ᠭᠠᠳᠠᠭᠤᠷᠬᠢ ᠠᠮᠤᠷ ᠢ ᠬᠠᠮᠠᠭᠠᠯᠠᠬᠤ ᠠᠵᠢᠯ ᠤᠨ ᠲᠦᠰᠦᠯ ᠢ ᠲᠤᠭᠳᠠᠭᠠᠵᠤ ᠲᠤᠰᠬᠠᠢ ᠵᠢᠯᠤᠭᠤᠳᠬᠤ ᠭᠠᠵᠠᠷ ᠪᠠᠶᠢᠭᠤᠯᠤᠨ᠂ ᠡᠵᠡᠨ᠎ᠡ ᠶᠢᠨ ᠬᠢᠯᠢ ᠶᠢᠨ ᠬᠠᠮᠢᠶᠠᠷᠤᠯᠳᠠ ᠶᠢᠨ ᠶᠡᠭᠡ ᠠᠩᠭᠢ ᠶᠢᠨ ᠴᠠᠭᠳᠠᠭᠠᠨ ᠤ ᠬᠦᠴᠦᠨ ᠢᠶᠠᠷ ᠶᠡᠷᠤᠩᠭᠡᠶᠢᠯᠡᠨ ᠵᠤᠬᠢᠴᠠᠭᠤᠯᠬᠤ ᠲᠤᠭᠤᠶᠢᠯᠠᠩ᠂ ᠨᠡᠶᠢᠬᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠲᠤᠭᠤᠶᠢᠯᠠᠩ᠂ ᠵᠠᠮ ᠢ ᠪᠢᠳᠡᠭᠦᠮᠵᠢᠯᠡᠨ ᠡᠵᠡᠮᠳᠡᠬᠦ ᠲᠤᠭᠤᠶᠢᠯᠠᠩ ᠵᠡᠷᠭᠡ 7 ᠠᠵᠢᠯᠯᠠᠬᠤ ᠲᠤᠭᠤᠶᠢᠯᠠᠩ ᠢ ᠬᠤᠪᠢᠶᠠᠨ ᠲᠤᠬᠢᠷᠠᠭᠤᠯᠵᠤ᠂ ᠬᠤᠪᠢᠯᠭᠠᠨ ᠤᠩᠭᠤᠴᠠ ᠠᠷᠪᠠᠨ ᠲᠠᠪᠤᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠬᠠᠷᠪᠤᠯᠳᠠ ᠶᠢᠨ ᠬᠤᠭᠤᠴᠠᠭᠠᠨ ᠳᠠᠬᠢ ᠲᠠᠯᠠᠪᠠᠢ ᠶᠢᠨ ᠭᠠᠳᠠᠭᠤᠷᠬᠢ ᠠᠮᠤᠷ ᠢ ᠬᠠᠮᠠᠭᠠᠯᠠᠬᠤ ᠠᠵᠢᠯ ᠢ ᠪᠠᠳᠤᠯᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号