ᠪᠡᠭᠡᠵᠢᠩ ᠤᠨ ᠴᠠᠭ ᠢᠶᠠᠷ 11 ᠳ᠋ᠦ᠋ᠭᠡᠷ ᠰᠠᠷ᠎ᠠ ᠶᠢᠨ 29 ᠤ ᠡᠳᠦᠷ ᠤᠨ 23 ᠴᠠᠭ 08 ᠮᠢᠨᠦ᠋ᠲ ᠲᠤ᠂ | ᠬᠤᠪᠢᠯᠭᠠᠨ ᠣᠩᠭᠤᠴᠠ ᠠᠷᠪᠠᠨ ᠲᠠᠪᠤᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠠᠴᠢᠶᠠᠯᠠᠭᠰᠠᠨ ᠴᠠᠩ | ᠵᠧᠩ ᠬᠤᠶᠠᠳᠤᠭᠠᠷ F ᠠᠯᠤᠰ ᠡᠵᠡᠮᠰᠢᠯᠳᠣ ᠠᠷᠪᠠᠨ ᠲᠠᠪᠤᠳᠤᠭᠠᠷ ᠬᠥᠯᠭᠡ ᠲᠡᠶᠢᠷᠦᠯᠲᠦ ᠰᠤᠮᠤ ᠶᠢ ᠡᠵᠡᠨ᠎ᠡ | ᠬᠤᠰᠢᠭᠤᠨ ᠤ ᠬᠢᠯᠢ ᠳᠠᠬᠢ ᠳ᠋ᠦᠩᠹᠧᠩ ᠰᠠᠨᠰᠠᠷ ᠤᠨ ᠬᠤᠳᠠ ᠠᠴᠠ ᠬᠠᠷᠪᠣᠨ ᠭᠠᠷᠭᠠᠪᠠ᠂ ᠪᠠᠷᠤᠭ 10 ᠮᠢᠨᠦ᠋ᠲ ᠤᠨ | ᠳᠠᠷᠠᠭ᠎ᠠ᠂ ᠬᠤᠪᠢᠯᠭᠠᠨ ᠣᠩᠭᠤᠴᠠ ᠠᠷᠪᠠᠨ ᠲᠠᠪᠤᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠲᠡᠶᠢᠷᠦᠯᠲᠦ | ᠰᠤᠮᠤ ᠠᠴᠠ ᠰᠠᠯᠵᠤ᠂ ᠵᠢᠱᠢᠭᠰᠡᠨ ᠲᠣᠭᠤᠷᠢᠯᠲᠠ ᠶᠢᠨ ᠵᠠᠮ ᠳᠠᠭᠠᠨ ᠣᠷᠣᠵᠣ᠂ ᠰᠠᠨᠰᠠᠷᠴᠢᠳ ᠤᠨ ᠪᠠᠶᠢᠳᠠᠯ ᠮᠠᠰᠢ | ᠰᠠᠶᠢᠨ ᠪᠠᠶᠢᠵᠤ᠂ ᠲᠤᠰ ᠤᠳᠠᠭᠠᠨ ᠤ ᠬᠠᠷᠪᠤᠯᠲᠠ ᠲᠡᠭᠦᠰ ᠠᠮᠵᠢᠯᠲᠠ ᠣᠯᠵᠠᠢ᠃ | ᠣᠶᠢᠯᠠᠭᠠᠭᠰᠠᠨ ᠢᠶᠠᠷ᠂ ᠬᠦᠮᠣᠨ ᠰᠠᠭᠤᠯᠭᠠᠭᠰᠠᠨ ᠨᠢᠰᠬᠦ ᠣᠩᠭᠤᠴᠠ ᠲᠣᠭᠤᠷᠢᠯᠲᠠ ᠶᠢᠨ ᠵᠠᠮ ᠳᠤ | ᠣᠷᠣᠭᠰᠠᠨ ᠤ ᠳᠠᠷᠠᠭ᠎ᠠ᠂ ᠤᠷᠢᠳᠴᠢᠯᠠᠨ ᠲᠣᠭᠲᠠᠭᠠᠭᠰᠠᠨ ᠶᠠᠪᠣᠴᠠ ᠶᠣᠰᠣᠭᠠᠷ ᠰᠠᠨᠰᠠᠷ ᠤᠨ ᠥᠷᠲᠡᠭᠡᠨ ᠤ ᠨᠡᠶᠢᠯᠡᠮᠡᠯ | ᠴᠣᠭᠴᠠ ᠯᠤᠭ᠎ᠠ ᠪᠡᠶ᠎ᠡ ᠪᠠᠨ ᠳᠠᠭᠠᠭᠠᠵᠤ ᠲᠦᠷᠭᠡᠨ ᠵᠠᠯᠭᠠᠯᠳᠣᠵᠣ᠂ ᠬᠤᠪᠢᠯᠭᠠᠨ ᠣᠩᠭᠤᠴᠠ ᠠᠷᠪᠠᠨ | ᠲᠠᠪᠤᠳᠤᠭᠠᠷ ᠤᠨ ᠰᠠᠨᠰᠠᠷᠴᠢᠳ ᠬᠤᠪᠢᠯᠭᠠᠨ ᠣᠩᠭᠤᠴᠠ ᠠᠷᠪᠠᠨ ᠳᠥᠷᠪᠡᠳᠦᠭᠡᠷ ᠤᠨ ᠰᠠᠨᠰᠠᠷᠴᠢᠳ ᠲᠠᠢ | ᠲᠣᠭᠤᠷᠢᠯᠲᠠ ᠶᠢᠨ ᠵᠠᠮ ᠳᠤ ᠡᠬᠡᠯᠵᠢ ᠰᠣᠯᠢᠬᠤ ᠪᠣᠯᠣᠨ᠎ᠠ᠃ ᠰᠠᠨᠰᠠᠷ ᠤᠨ ᠦᠷᠳᠡᠭᠡ ᠳᠤ ᠠᠵᠢᠯᠯᠠᠵᠤ ᠠᠮᠢᠳᠤᠷᠠᠬᠤ | ᠬᠤᠭᠤᠴᠠᠭᠠᠨ ᠳᠤ᠂ ᠰᠠᠨᠰᠠᠷᠴᠢᠳ ᠤᠯᠠᠨ ᠤᠳᠠᠭ᠎ᠠ ᠥᠷᠥᠭᠡᠨ ᠠᠴᠠ ᠭᠠᠷᠬᠤ ᠠᠵᠢᠯᠯᠠᠭ᠎ᠠ ᠬᠢᠵᠦ᠂ ᠥᠷᠥᠭᠡᠨ ᠤ | ᠳᠣᠲᠣᠨ᠎ᠠ ᠭᠠᠳᠠᠨᠠᠬᠢ ᠲᠥᠬᠦᠭᠡᠷᠦᠮᠵᠢ ᠶᠢ ᠤᠭᠰᠠᠷᠠᠬᠤ᠂ ᠲᠣᠬᠢᠷᠠᠭᠤᠯᠤᠨ ᠲᠤᠷᠰᠢᠬᠤ᠂ ᠬᠠᠮᠠᠭᠠᠯᠠᠵᠤ ᠰᠡᠯᠪᠢᠨ | ᠵᠠᠰᠠᠬᠤ᠂ ᠨᠡᠶᠢᠯᠡᠮᠡᠯ ᠴᠣᠭᠴᠠ ᠶᠢ ᠬᠠᠮᠢᠶᠠᠷᠬᠤ᠂ ᠰᠠᠨᠰᠠᠷ ᠤᠨ ᠰᠢᠨᠵᠢᠯᠡᠬᠦ ᠤᠬᠠᠭᠠᠨ ᠵᠡᠷᠭᠡ ᠡᠯ᠎ᠡ ᠵᠦᠢᠯ ᠤᠨ | ᠡᠭᠦᠷᠭᠡ ᠶᠢ ᠪᠡᠶᠡᠯᠡᠬᠦᠯᠬᠦ ᠪᠣᠯᠣᠨ᠎ᠠ᠃ | ᠡᠨᠡ ᠪᠣᠯ ᠮᠠᠨ ᠤ ᠤᠯᠤᠰ ᠤᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠢᠨᠵᠧᠨᠧᠷᠢᠩ ᠤᠨ | ᠲᠦᠷᠦᠯ ᠵᠦᠢᠯ ᠢ ᠲᠣᠭᠲᠠᠭᠠᠭᠰᠠᠨ ᠠᠴᠠ ᠨᠠᠭᠠᠰᠢᠬᠢ 27 ᠳ᠋ᠤᠭᠠᠷ ᠣᠳᠠᠭᠠᠨ ᠤ ᠨᠢᠰᠦᠯᠲᠡ ᠶᠢᠨ ᠡᠭᠦᠷᠭᠡ ᠪᠠᠶᠢᠵᠤ᠂ | ᠮᠥᠨᠴᠦ ᠰᠠᠨᠰᠠᠷ ᠤᠨ ᠦᠷᠳᠡᠭᠡᠨ ᠳᠤ ᠣᠷᠣᠭᠰᠠᠨ ᠤ ᠳᠠᠷᠠᠭᠠᠬᠢ 4 ᠳ᠋ᠤᠭᠡᠷ ᠣᠳᠠᠭᠠᠨ ᠤ ᠬᠥᠮᠥᠨ ᠰᠠᠭᠤᠯᠭᠠᠭᠰᠠᠨ | ᠨᠢᠰᠦᠯᠲᠡ ᠶᠢᠨ ᠡᠭᠦᠷᠭᠡ ᠪᠣᠯᠣᠨ᠎ᠠ᠃ ᠡᠨᠡ ᠤᠳᠠᠭᠠᠨ ᠤ ᠬᠠᠷᠪᠤᠯᠲᠠ ᠠᠮᠵᠢᠯᠲᠠ ᠣᠯᠣᠭᠰᠠᠨ ᠨᠢ ᠰᠠᠨᠰᠠᠷ ᠤᠨ | ᠥᠷᠲᠡᠭᠡᠨ ᠤ ᠵᠠᠩᠭᠢᠯᠠᠭ᠎ᠠ ᠶᠢᠨ ᠮᠡᠷᠭᠡᠵᠢᠯ ᠤᠨ ᠰᠢᠯᠭᠠᠨ ᠪᠠᠲᠤᠯᠠᠯᠲᠠ ᠪᠣᠯᠣᠨ ᠪᠦᠳᠣᠭᠡᠨ ᠪᠠᠶᠢᠭᠤᠯᠬᠤ ᠱᠠᠲᠤᠨ ᠤ | ᠲᠥᠯᠦᠪᠵᠢᠭᠦᠯᠭᠡ ᠶᠢᠨ 12 ᠤᠳᠠᠭᠠᠨ ᠤ ᠬᠠᠷᠪᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢ | ᠬᠠᠷᠠᠭᠤᠯᠵᠤ ᠪᠠᠶᠢᠨ᠎ᠠ᠃ ᠣᠳᠣᠬᠠᠨ ᠳᠤ᠂ ᠰᠠᠨᠰᠠᠷ ᠤᠨ ᠦᠷᠳᠡᠭᠡ ᠶᠢᠨ ᠨᠠᠶᠢᠯᠠᠮᠠᠯ ᠴᠣᠭᠴᠠ ᠨᠢᠭᠡᠨᠲᠡ | ᠵᠠᠯᠭᠠᠯᠲᠠ ᠶᠢᠨ ᠲᠣᠭᠤᠷᠢᠯᠲᠠ ᠶᠢᠨ ᠵᠠᠮ ᠳᠤ ᠣᠷᠣᠵᠣ᠂ ᠠᠵᠢᠯᠯᠠᠬᠤ ᠪᠠᠶᠢᠳᠠᠯ ᠮᠠᠰᠢ ᠰᠠᠶᠢᠨ ᠪᠠᠶᠢᠵᠤ᠂ ᠬᠤᠪᠢᠯᠭᠠᠨ | ᠣᠩᠭᠤᠴᠠ ᠠᠷᠪᠠᠨ ᠲᠠᠪᠤᠳᠤᠭᠠᠷ ᠲᠠᠢ ᠵᠠᠯᠭᠠᠯᠳᠤᠬᠤ ᠡᠭᠦᠷᠭᠡ ᠶᠢᠨ ᠱᠠᠭᠠᠷᠳᠠᠯᠭ᠎ᠠ ᠪᠣᠯᠣᠨ ᠰᠠᠨᠰᠠᠷᠴᠢᠨ ᠤ ᠣᠷᠣᠵᠤ | ᠰᠠᠭᠤᠬᠤ ᠨᠥᠬᠦᠴᠡᠯ ᠢ ᠬᠠᠩᠭᠠᠵᠤ ᠪᠠᠶᠢᠨ᠎ᠠ᠃ | |