2022 ᠤᠨ ᠤ ᠠᠯᠠᠱᠠ ᠶᠢᠨ ᠰᠠᠶᠢᠨ ᠬᠦᠮᠦᠨ᠂ ᠡᠵᠡᠨ᠎ᠡ ᠬᠤᠰᠢᠭᠤᠨ ᠤ ᠵᠢᠷᠭᠤᠳᠤᠭᠠᠷ      ᠬᠤᠭᠤᠴᠠᠭᠠᠨ ᠤ ᠶᠤᠰᠤ ᠰᠤᠷᠳᠠᠬᠤᠨ ᠤ ᠵᠢᠱᠢᠶᠡᠴᠢ ᠳᠤ ᠱᠠᠩᠨᠠᠯ ᠤᠯᠭᠤᠬᠤ ᠶᠤᠰᠤᠯᠠᠯ ᠮᠠᠨ ᠤ      ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/12/12
      ᠤᠶᠢᠷ᠎ᠠ ᠶᠢᠨ ᠡᠳᠤᠷ᠂ 2022 ᠤᠨ ᠤ ᠠᠯᠠᠱᠠ ᠶᠢᠨ ᠰᠠᠶᠢᠨ ᠬᠦᠮᠦᠨ᠂ ᠡᠵᠡᠨ᠎ᠡ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠶᠤᠰᠤ ᠰᠤᠷᠳᠠᠬᠤᠨ ᠤ ᠵᠢᠱᠢᠶᠡᠴᠢ᠂ ᠰᠢᠨ᠎ᠠ ᠴᠠᠭ ᠦᠶ᠎ᠡ ᠶᠢᠨ ᠰᠠᠶᠢᠨ       ᠪᠠᠭᠠᠴᠤᠳ ᠤᠨ ᠱᠠᠩᠨᠠᠯ ᠤᠯᠭᠤᠬᠤ ᠶᠤᠰᠤᠯᠠᠯ ᠵᠢᠴᠢ ᠲᠤᠮᠳᠠᠳᠤ ᠤᠯᠤᠰ ᠤᠨ ︽ᠦᠨᠡᠨᠴᠢ ᠢᠳᠡᠭᠡᠮᠵᠢ ᠶᠢᠨ       ᠤᠳᠤᠨ︾ ᠤ ᠤᠬᠠᠭᠤᠯᠭ᠎ᠠ ᠶᠢᠨ ᠶᠤᠰᠤᠯᠠᠯ ᠡᠵᠡᠨ᠎ᠡ ᠬᠤᠰᠢᠭᠤᠨ ᠳᠤ ᠶᠠᠪᠤᠭᠳᠠᠪᠠ᠃ ᠠᠯᠠᠱᠠ ᠠᠶᠢᠮᠠᠭ ᠤᠨ       ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠵᠠᠩ ᠪᠤᠥ ᠴᠧᠩ᠂ ᠬᠤᠰᠢᠭᠤᠨ ᠤ       ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠦᠳᠦᠭᠡᠯᠴᠢ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ᠂ ᠬᠤᠰᠢᠭᠤᠨ ᠤ ᠨᠠᠮ ᠤᠨ ᠬᠤᠷᠢᠶᠠᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠴᠢ ᠶᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ       ᠭᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠠᠩ ᠱᠦ ᠰᠢᠶᠠ ᠱᠠᠩᠨᠠᠯ ᠤᠯᠭᠤᠬᠤ ᠶᠤᠰᠤᠯᠠᠯ ᠳᠤ ᠤᠷᠤᠯᠴᠠᠪᠠ᠃      ᠲᠤᠰ ᠤᠳᠠᠭᠠᠨ ᠤ ᠠᠵᠢᠯᠯᠠᠭ᠎ᠠ ᠶᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠠᠯᠠᠱᠠ ᠠᠶᠢᠮᠠᠭ ᠤᠨ ᠤᠶᠤᠨ ᠤ ᠪᠤᠯᠪᠠᠰᠤᠨ ᠤ       ᠪᠠᠶᠢᠭᠤᠯᠤᠯᠳᠠ ᠶᠢᠨ ᠵᠦᠪᠯᠡᠯ ᠤᠨ ᠠᠯᠪᠠᠨ ᠭᠡᠷ ᠠᠴᠠ ᠭᠤᠤᠯᠯᠠᠨ ᠡᠷᠬᠢᠯᠡᠵᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠡᠵᠡᠨ᠎ᠡ ᠬᠤᠰᠢᠭᠤᠨ ᠤ       ᠤᠶᠤᠨ ᠤ ᠪᠤᠯᠪᠠᠰᠤᠨ ᠤ ᠪᠠᠶᠢᠭᠤᠯᠤᠯᠳᠠ ᠶᠢᠨ ᠵᠦᠪᠯᠡᠯ ᠤᠨ ᠠᠯᠪᠠᠨ ᠭᠡᠷ ᠠᠴᠠ ᠳᠠᠭᠠᠭᠠᠴᠢᠯᠠᠨ ᠡᠷᠬᠢᠯᠡᠪᠡ᠃ ᠱᠠᠩᠨᠠᠯ ᠤᠯᠭᠤᠬᠤ ᠶᠤᠰᠤᠯᠠᠯ ᠨᠢ ︽ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠤᠯᠭᠠᠬᠤ︾᠂ ︽ᠦᠨᠡᠨ       ᠶᠤᠰᠤᠨ ᠤ ᠲᠦᠯᠦᠭᠡ ᠡᠷᠡᠯᠬᠡᠭᠯᠡᠨ ᠲᠡᠮᠡᠴᠡᠬᠦ︾᠂ ︽ᠦᠨᠡᠨᠴᠢ ᠢᠳᠡᠬᠡᠮᠵᠢᠲᠠᠢ ᠪᠠᠶᠢᠬᠤ︾᠂ ︽ᠠᠵᠢᠯ       ᠦᠢᠯᠡᠰ ᠢᠶᠠᠨ ᠲᠡᠭᠡᠳᠦᠯᠡᠵᠤ ᠬᠤᠪᠢ ᠨᠡᠮᠡᠷᠢ ᠦᠵᠡᠬᠦᠯᠬᠦ︾᠂ ︽ᠨᠠᠰᠤᠳᠠᠨ ᠢᠶᠠᠨ ᠠᠴᠢᠯᠠᠵᠤ ᠲᠦᠷᠦᠯ       ᠰᠠᠳᠤᠨ ᠢᠶᠠᠨ ᠬᠠᠶᠢᠷᠠᠯᠠᠬᠤ︾᠂ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠭᠡᠭᠦ ᠵᠢᠷᠭᠤᠭᠠᠨ ᠪᠦᠯᠦᠭ ᠬᠤᠪᠢᠶᠠᠵᠤ᠂ ᠲᠤᠬᠠᠢ ᠶᠢᠨ ᠲᠠᠯᠠᠪᠠᠢ ᠳᠤ ᠵᠤᠬᠢᠶᠠᠯ ᠤᠨ ᠪᠠᠭᠠᠳᠤᠷ ᠤᠨ ᠦᠯᠢᠭᠡᠷ ᠢ ᠲᠡᠯᠭᠡᠨ ᠨᠡᠪᠳᠡᠷᠡᠬᠦᠯᠬᠦ᠂ ᠱᠠᠩᠨᠠᠯ ᠤᠯᠭᠤᠬᠤ ᠦᠭᠡᠰ ᠢ ᠤᠩᠰᠢᠬᠤ᠂ ᠲᠤᠬᠠᠢ ᠶᠢᠨ ᠲᠠᠯᠠᠪᠠᠢ ᠳᠤ ᠰᠤᠷᠪᠤᠯᠵᠢᠯᠠᠭ᠎ᠠ ᠬᠢᠬᠦ᠂ ᠬᠦᠨᠳᠤᠳᠬᠡᠯ ᠤᠨ ᠦᠬᠡ ᠨᠡᠶᠢᠳᠡᠯᠡᠬᠦ ᠵᠡᠷᠭᠡ ᠬᠡᠯᠪᠡᠷᠢ ᠪᠠᠷ ᠲᠠᠮᠵᠢᠭᠤᠯᠤᠨ᠂ 2022 ᠤᠨ ᠤ ᠠᠯᠠᠱᠠ ᠶᠢᠨ ᠰᠠᠶᠢᠨ ᠬᠦᠮᠦᠨ᠂ ᠡᠵᠡᠨ᠎ᠡ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠶᠤᠰᠤ ᠰᠤᠷᠳᠠᠬᠤᠨ ᠤ ᠵᠢᠱᠢᠶᠡᠴᠢ ᠪᠤᠯᠤᠨ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠢ ᠬᠦᠬᠢᠬᠦᠯᠦᠨ ᠰᠠᠶᠢᠰᠢᠶᠠᠵᠤ᠂ ᠠᠯᠠᠱᠠ ᠶᠢᠨ ᠰᠠᠶᠢᠨ ᠬᠦᠮᠦᠨ ᠪᠤᠯᠤᠨ ᠶᠤᠰᠤ ᠰᠤᠷᠳᠠᠬᠤᠨ ᠤ ᠵᠢᠱᠢᠶᠡᠴᠢ ᠶᠢᠨ ᠰᠡᠳᠬᠢᠯ ᠬᠦᠳᠡᠯᠭᠡᠮ᠎ᠡ ᠦᠢᠯᠡ ᠠᠵᠢᠯᠯᠠᠭ᠎ᠠ ᠪᠠ ᠡᠷᠬᠢᠮ ᠲᠡᠭᠡᠳᠤ ᠵᠠᠩ ᠴᠢᠨᠠᠷ ᠢ ᠪᠦᠬᠦ ᠲᠠᠯ᠎ᠠ ᠪᠠᠷ ᠢᠯᠡᠷᠡᠬᠦᠯᠦᠭᠰᠡᠨ ᠪᠠᠶᠢᠨ᠎ᠠ᠃    ᠡᠨᠡ ᠵᠢᠯ ᠠᠴᠠ ᠨᠠᠰᠢ᠂ ᠪᠥᠬᠦ ᠠᠶᠢᠮᠠᠭ ᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠲᠠᠨᠢᠯᠴᠠᠭᠤᠯᠭ᠎ᠠ᠂ ᠰᠢᠯᠭᠠᠷᠠᠭᠤᠯᠬᠤ ᠺᠣᠮᠢᠰ ᠤᠨ ᠰᠢᠯᠭᠠᠷᠠᠭᠤᠯᠤᠯᠲᠠ᠂ ᠵᠠᠭᠤᠴᠢᠯᠠᠭᠤᠷ ᠤᠨ ᠵᠠᠷᠯᠠᠯ ᠢᠶᠠᠷ ᠳᠡᠮᠵᠢᠨ᠂ ᠨᠡᠶᠢᠲᠡ 29 ᠬᠥᠮᠥᠨ ︽2022 ᠣᠨ ᠤ ᠠᠯᠠᠱᠠ ᠶᠢᠨ ᠰᠠᠶᠢᠨ ᠬᠥᠮᠥᠨ︾ ᠤ ᠨᠡᠷᠡᠰ ᠤᠨ ᠵᠢᠭᠰᠠᠭᠠᠯᠲᠠ ᠳᠤ ᠮᠠᠨ ᠤ ᠬᠤᠰᠢᠭᠤᠨ ᠤ 4 ᠬᠥᠮᠥᠨ ᠰᠢᠯᠭᠠᠷᠠᠨ ᠣᠷᠣᠭᠰᠠᠨ ᠪᠠᠶᠢᠨ᠎ᠠ᠃  ᠬᠤᠰᠢᠭᠤᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠡᠯ᠎ᠡ ᠰᠤᠷᠭᠠᠭᠤᠯᠢ ᠶᠢᠨ ᠲᠠᠨᠢᠯᠴᠠᠭᠤᠯᠭ᠎ᠠ᠂ ᠰᠢᠯᠭᠠᠷᠠᠭᠤᠯᠬᠤ ᠺᠣᠮᠢᠰ ᠤᠨ ᠰᠢᠯᠭᠠᠷᠠᠭᠤᠯᠤᠯᠲᠠ᠂ ᠵᠠᠭᠤᠴᠢᠯᠠᠭᠤᠷ ᠤᠨ ᠵᠠᠷᠯᠠᠯ ᠢᠶᠠᠷ 15 ᠬᠥᠮᠥᠨ ᠡᠵᠡᠨ᠎ᠡ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ ᠪᠠᠷ ᠦᠨᠡᠯᠡᠭᠳᠡᠵᠦ᠂ 10 ᠬᠥᠮᠥᠨ ᠡᠵᠡᠨ᠎ᠡ ᠬᠤᠰᠢᠭᠤᠨ ᠤ ︽ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ︾ ᠢᠶᠠᠷ ᠦᠨᠡᠯᠡᠭᠳᠡᠵᠡᠢ᠃      ᠲᠣᠰ ᠤᠳᠠᠭᠠᠨ ᠤ 2022 ᠣᠨ ᠤ ᠠᠯᠠᠱᠠ ᠶᠢᠨ ᠰᠠᠶᠢᠨ ᠬᠥᠮᠥᠨ ᠤ ᠨᠡᠷᠡᠰ ᠤᠨ ᠵᠢᠭᠰᠠᠭᠠᠯᠲᠠ᠂ ᠡᠵᠡᠨ᠎ᠡ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠤᠨ ᠱᠠᠩᠨᠠᠯ ᠣᠯᠭᠤᠬᠤ ᠶᠣᠰᠣᠯᠠᠯ ᠵᠢᠴᠢ ᠳᠤᠮᠳᠠᠳᠤ ᠤᠯᠤᠰ ᠤᠨ ︿ᠦᠨᠡᠨᠴᠢ ᠢᠲᠡᠭᠡᠮᠵᠢ ᠶᠢᠨ         ᠣᠳᠣᠨ﹀ ᠤ ᠤᠬᠠᠭᠤᠯᠭ᠎ᠠ ᠶᠢᠨ ᠶᠣᠰᠣᠯᠠᠯ︾ ᠢ ᠶᠠᠪᠣᠭᠳᠠᠭᠤᠯᠬᠤ ᠨᠢ ᠪᠥᠬᠦ ᠠᠶᠢᠮᠠᠭ ᠤᠨ ᠦᠨᠳᠦᠰᠦᠲᠡᠨ  ᠨᠦᠭᠦᠳ ᠤᠨ ᠺᠠᠳ᠋ᠷ ᠣᠯᠠᠨ ᠲᠦᠮᠡᠨ ᠢ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠬᠦ᠂ ᠦᠨᠡᠨᠴᠢ ᠢᠲᠡᠭᠡᠮᠵᠢᠲᠡᠢ ᠪᠠᠶᠢᠬᠤ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠬᠦ᠂ ᠨᠠᠰᠤᠲᠠᠨ ᠢᠶᠠᠨ ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠴᠠᠭ ᠦᠶ᠎ᠡ ᠶᠢᠨ ᠰᠢᠨ᠎ᠡ ᠬᠥᠮᠥᠨ ᠪᠣᠯᠬᠤ ᠶᠢ ᠵᠣᠷᠢᠭᠵᠢᠭᠤᠯᠤᠨ᠂ ᠠᠯᠠᠱᠠ ᠶᠢᠨ ︽ᠶᠣᠰᠣ ᠰᠤᠷᠲᠠᠬᠤᠨ ᠤ ᠨᠡᠷ᠎ᠡ ᠶᠢᠨ ᠬᠠᠭᠤᠳᠠᠰᠤ︾ ᠶᠢ ᠡᠭᠦᠳᠦᠨ ᠪᠦᠲᠦᠭᠡᠵᠦ᠂ ᠳᠡᠷᠭᠡᠳᠡᠬᠢ ᠰᠠᠶᠢᠨ ᠬᠥᠮᠥᠨ ᠳᠤ ᠪᠠᠨ ᠪᠣᠳᠠᠲᠤ ᠬᠦᠴᠦᠨ       ᠤᠯᠭᠤᠬᠤ ᠶᠢᠨ ᠲᠥᠯᠥᠭᠡ ᠶᠤᠮ᠃      ᠮᠠᠨ ᠤ ᠬᠤᠰᠢᠭᠤ ᠶᠤᠰᠤ ᠰᠤᠷᠲᠠᠬᠤᠨ ᠤ ᠵᠢᠱᠢᠶᠡᠴᠢ ᠪᠠ ᠳᠡᠷᠭᠡᠳᠡᠬᠢ ᠰᠠᠶᠢᠨ ᠬᠦᠮᠦᠨ ᠤ ᠤᠶᠤᠨ       ᠰᠠᠨᠠᠭᠠᠨ ᠤ ᠬᠦᠲᠦᠯᠦᠮᠵᠢ᠂ ᠨᠡᠶᠢᠲᠡᠯᠢᠭ ᠵᠢᠱᠢᠶ᠎ᠡ᠂ ᠦᠷᠲᠡᠭ ᠤᠨ ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠲᠦᠪ ᠤᠨ ᠪᠦᠳᠦᠭᠡᠨ       ᠪᠠᠶᠢᠭᠤᠯᠤᠯᠲᠠ ᠶᠢ ᠲᠦᠰᠢᠭᠯᠡᠵᠦ᠂ ᠨᠡᠶᠢᠬᠡᠮ ᠵᠢᠷᠤᠮ ᠤᠨ ᠭᠤᠤᠯᠯᠠᠭᠴᠢ ᠦᠷᠲᠡᠭ ᠤᠨ ᠦᠵᠡᠯ ᠢ ᠭᠦᠨᠵᠡᠭᠡᠢ ᠦᠢᠯᠡᠳᠦᠯᠭᠡᠵᠢᠭᠦᠯᠦᠨ᠂ ᠳᠤᠯᠤᠳᠤᠭᠠᠷ ᠬᠤᠭᠤᠴᠠᠭᠠᠨ ᠤ ᠪᠦᠬᠦ ᠤᠯᠤᠰ ᠤᠨ ᠪᠤᠯᠪᠠᠰᠤᠨ ᠬᠤᠲᠠ ᠶᠢ ᠴᠢᠷᠮᠠᠶᠢᠨ ᠡᠭᠦᠳᠴᠦ᠂ ᠡᠵᠡᠨ᠎ᠡ ᠬᠤᠰᠢᠭᠤᠨ ᠤ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠳᠤ ᠬᠦᠴᠦᠷᠭᠡᠭ ᠶᠡᠭᠡ       ᠤᠶᠤᠨ ᠤ ᠬᠦᠴᠦᠨ ᠪᠠ ᠶᠤᠰᠤ ᠰᠤᠷᠲᠠᠬᠤᠨ ᠤ ᠲᠤᠯᠭᠠᠭᠤᠷᠢ ᠬᠦᠴᠦᠨ ᠢ ᠨᠢᠭᠲᠠᠷᠠᠭᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号